Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠤᠩᠭᠠᠷᠢ ᠤᠯᠤᠰ ᠤᠨ ᠶᠡᠷᠦᠩᠬᠡᠢ ᠰᠠᠢᠢᠳ ᠸᠢᠺᠲ᠋ᠣᠷ ᠣᠷᠪᠠᠨ ᠲᠠᠢ ᠴᠠᠬᠢᠮ ᠠᠭᠤᠯᠵᠠᠯᠲᠠ ᠬᠢᠯ᠎ᠡ

ᠮᠣᠩ᠋ᠭᠣᠯ ᠤᠯᠤᠰ᠂ ᠤᠩ᠋ᠭᠠᠷᠢ ᠤᠯᠤᠰ ᠤᠨ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 70 ᠵᠢᠯ ᠦᠨ ᠣᠢ ᠢᠢ ᠲᠣᠬᠢᠶᠠᠯᠳᠤᠭᠤᠯᠤᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬᠠᠯᠲᠠᠮ᠎ᠠ ᠢᠢᠨ ᠪᠠᠲᠤᠲᠤᠯᠭ᠎ᠠ ᠥᠨᠥᠳᠥᠷ ᠤᠩ᠋ᠭᠠᠷᠢ ᠤᠯᠤᠰ ᠤᠨ ᠶᠡᠷᠦᠩᠬᠡᠢ ᠰᠠᠢᠢᠳ ᠸᠢᠺᠲ᠋ᠣᠷ ᠣᠷᠪᠠᠨ ᠲᠠᠢ ᠴᠠᠬᠢᠮ ᠠᠭᠤᠯᠵᠠᠯᠲᠠ ᠬᠢᠯ᠎ᠡ᠃

ᠴᠠᠬᠢᠮ ᠠᠭᠤᠯᠵᠠᠯᠲᠠ ᠢᠢᠨ ᠡᠬᠢᠨ ᠳᠥ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬᠠᠯᠲᠠᠮ᠎ᠠ ᠢᠢᠨ ᠪᠠᠲᠤᠲᠤᠯᠭ᠎ᠠ᠂ ᠤᠩ᠋ᠭᠠᠷᠢ ᠤᠯᠤᠰ ᠤᠨ ᠶᠡᠷᠦᠩᠬᠡᠢ ᠰᠠᠢᠢᠳ ᠸᠢᠺᠲ᠋ᠣᠷ ᠣᠷᠪᠠᠨ ᠨᠠᠷ ᠳ᠋ᠢᠫᠯᠣᠮᠠᠲ ᠬᠠᠷᠢᠯᠴᠠᠭᠠᠨ ᠤ 70 ᠵᠢᠯ ᠦᠨ ᠵᠢᠯ ᠦᠨ ᠣᠢ ᠢᠢᠨ ᠮᠡᠨᠳᠦᠴᠢᠯᠡᠭᠡ ᠢᠢ ᠬᠠᠷᠢᠯᠴᠠᠨ ᠳᠡᠪᠰᠢᠭᠦᠯᠪᠡ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬᠠᠯᠲᠠᠮ᠎ᠠ ᠢᠢᠨ ᠪᠠᠲᠤᠲᠤᠯᠭ᠎ᠠ᠂ ᠤᠩ᠋ᠭᠠᠷᠢ ᠤᠯᠤᠰ ᠤᠨ ᠶᠡᠷᠦᠩᠬᠡᠢ ᠰᠠᠢᠢᠳ ᠸᠢᠺᠲ᠋ᠣᠷ ᠣᠷᠪᠠᠨ ᠲᠠᠢ 2017 ᠪᠣᠯᠤᠨ 2018 ᠣᠨ ᠨᠤᠭᠤᠳ ᠲᠤ ᠬᠢᠭ᠍ᠰᠡᠨ ᠠᠭᠤᠯᠵᠠᠯᠲᠠ ᠪᠠᠷ ᠶᠠᠷᠢᠯᠴᠠᠭᠰᠠᠨ ᠠᠰᠠᠭᠤᠳᠠᠯ ᠤᠳ ᠠᠵᠢᠯ ᠬᠡᠷᠡᠭ ᠪᠣᠯᠵᠤ᠂ ᠬᠣᠶᠠᠷ ᠣᠷᠣᠨ ᠤ ᠬᠠᠮᠲᠤᠷᠠᠭᠰᠠᠨ ᠴᠢᠬᠤᠯᠠ ᠲᠥᠰᠥᠯ ᠪᠣᠯᠬᠤ 《ᠪᠢᠣᠺᠣᠮᠪᠢᠨᠠᠲ》᠍ ᠢ ᠰᠢᠨᠡᠳᠭᠡᠬᠦ ᠠᠵᠢᠯ ᠡᠨᠡ ᠣᠨ ᠠᠴᠠ ᠪᠣᠳᠠᠲᠤ ᠪᠠᠷ ᠬᠡᠷᠡᠭᠵᠢᠬᠦ ᠱᠠᠲᠤᠨ ᠳᠤ ᠣᠷᠣᠭᠠᠳ ᠪᠤᠢ ᠳᠤ ᠰᠡᠳᠬᠢᠯ ᠬᠠᠩ᠋ᠭᠠᠯᠤᠭᠤᠨ ᠪᠠᠢᠢᠭ᠎ᠠ ᠪᠠᠨ ᠢᠯᠡᠷᠬᠡᠢᠢᠯᠡᠪᠡ᠃

ᠠᠭᠤᠯᠵᠠᠯᠲᠠ ᠢᠢᠨ ᠦᠶ᠎ᠡ ᠪᠡᠷ ᠳᠡᠯᠡᠬᠡᠢ ᠳᠠᠶᠠᠭᠠᠷ ᠲᠠᠷᠬᠠᠭᠰᠠᠨ ᠴᠠᠷ᠎ᠠ ᠲᠠᠬᠤᠯ ᠤᠨ ᠨᠥᠬᠥᠴᠡᠯ ᠪᠠᠢᠢᠳᠠᠯ᠂ ᠬᠣᠶᠠᠷ ᠣᠷᠣᠨ ᠤ ᠤᠯᠤᠰ ᠲᠥᠷᠥ᠂ ᠡᠳ᠋ ᠍ ᠦᠨ ᠵᠠᠰᠠᠭ᠂ ᠬᠥᠳᠡᠭᠡ ᠠᠵᠤ ᠠᠬᠤᠢ᠂ ᠰᠤᠶᠤᠯ᠂ ᠪᠣᠯᠪᠠᠰᠤᠷᠠᠯ᠂ ᠤᠰᠤᠨ ᠤ ᠰᠠᠯᠪᠤᠷᠢ ᠢᠢᠨ ᠬᠠᠷᠢᠯᠴᠠᠭ᠎ᠠ᠂ ᠬᠠᠮᠲᠤ ᠢᠢᠨ ᠠᠵᠢᠯᠯᠠᠭᠠᠨ ᠤ ᠲᠠᠯ᠎ᠠ ᠪᠠᠷ ᠰᠠᠨᠠᠯ ᠰᠣᠯᠢᠯᠴᠠᠵᠤ᠂ ᠣᠳᠣ ᠢᠢᠨ ᠬᠠᠮᠲᠤ ᠢᠢᠨ ᠠᠵᠢᠯᠯᠠᠭ᠎ᠠ ᠢᠢ ᠰᠢᠨ᠎ᠡ ᠠᠭᠤᠯᠭ᠎ᠠ ᠪᠠᠷ ᠪᠠᠶᠠᠵᠢᠭᠤᠯᠵᠤ᠂ ᠭᠦᠨᠵᠡᠭᠡᠢᠢᠷᠡᠭᠦᠯᠦᠨ ᠬᠥᠭᠵᠢᠭᠦᠯᠬᠦ ᠪᠣᠯᠤᠮᠵᠢ ᠨᠤᠭᠤᠳ ᠤᠨ ᠲᠠᠯ᠎ᠠ ᠪᠠᠷ ᠶᠠᠷᠢᠯᠴᠠᠭᠰᠠᠨ ᠶᠤᠮ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬᠠᠯᠲᠠᠮ᠎ᠠ ᠢᠢᠨ ᠪᠠᠲᠤᠲᠤᠯᠭ᠎ᠠ ᠬᠣᠶᠠᠷ ᠣᠷᠣᠨ ᠤ ᠡᠳ᠋ ᠍ ᠦᠨ ᠵᠠᠰᠠᠭ ᠤᠨ ᠬᠠᠮᠲᠤ ᠢᠢᠨ ᠠᠵᠢᠯᠯᠠᠭ᠎ᠠ ᠢᠢ ᠡᠷᠴᠢᠮᠵᠢᠭᠦᠯᠬᠦ ᠱᠠᠭᠠᠷᠳᠠᠯᠭ᠎ᠠ ᠲᠠᠢ ᠪᠠᠢᠢᠭ᠎ᠠ ᠢᠢ ᠣᠨᠴᠠᠯᠠᠨ ᠲᠡᠮᠳᠡᠭᠯᠡᠪᠡ᠃ ᠲᠣᠳᠣᠷᠠᠭᠤᠯᠪᠠᠯ᠂ ᠬᠥᠳᠡᠭᠡ ᠠᠵᠤ ᠠᠬᠤᠢ ᠢᠢᠨ ᠰᠠᠯᠪᠤᠷᠢ ᠪᠣᠯᠤᠨ 10 ᠠᠢᠢᠮᠠᠭ ᠲᠤ ᠤᠰᠤᠨ ᠴᠠᠬᠢᠯᠭᠠᠨ ᠰᠲ᠋ᠠᠨ᠋ᠼ ᠪᠠᠷᠢᠬᠤ᠂ ᠤᠰᠤᠨ ᠤ ᠮᠧᠨᠧᠵᠮᠧᠨ᠋ᠲ ᠦᠨ ᠴᠢᠭᠯᠡᠯ ᠢᠶᠡᠷ ᠰᠠᠨᠠᠯ ᠰᠣᠯᠢᠯᠴᠠᠵᠤ᠂ ᠳᠡᠭᠡᠷᠡᠬᠢ ᠴᠢᠭᠯᠡᠯ ᠦᠨ ᠲᠥᠰᠦᠯ ᠬᠥᠲᠦᠯᠪᠦᠷᠢ ᠨᠦᠭᠦᠳ ᠦᠨ ᠬᠦᠷᠢᠶᠡᠨ ᠳᠥ ᠬᠠᠮᠲᠤᠷᠠᠨ ᠠᠵᠢᠯᠯᠠᠬᠤ ᠪᠠᠷ ᠬᠠᠷᠢᠯᠴᠠᠨ ᠲᠣᠬᠢᠷᠠᠯᠴᠠᠯ᠎ᠠ᠃

ᠮᠣᠩ᠋ᠭᠣᠯ ᠤᠯᠤᠰ ᠤᠨ ᠭᠠᠵᠠᠷ ᠨᠤᠲᠤᠭ ᠥᠷᠭᠡᠨ ᠠᠭᠤᠳᠠᠮ᠂ ᠬᠦᠮᠦᠨ ᠠᠮᠠ ᠴᠥᠭᠡᠨ ᠪᠥᠭᠡᠳ ᠠᠭᠤᠷ ᠠᠮᠢᠰᠬᠤᠯ ᠤᠨ ᠥᠭᠡᠷᠡᠴᠢᠯᠡᠯᠲᠡ ᠡᠴᠡ ᠰᠢᠯᠲᠠᠭᠠᠯᠠᠨ ᠴᠥᠯᠵᠢᠯᠲᠡ ᠡᠷᠴᠢᠮᠲᠡᠢ ᠶᠠᠪᠤᠭᠳᠠᠵᠤ ᠪᠠᠢᠢᠭ᠎ᠠ ᠠᠴᠠ ᠡᠭᠦᠳᠦᠭᠰᠡᠨ ᠭᠣᠪᠢ ᠢᠢᠨ ᠪᠥᠰᠡ ᠨᠤᠲᠤᠭ ᠳᠠᠬᠢ ᠤᠰᠤᠨ ᠤ ᠠᠰᠠᠭᠤᠳᠠᠯ ᠨᠢ ᠪᠢᠳᠡᠨ ᠦ ᠰᠡᠳᠬᠢᠯ ᠢ ᠬᠠᠮᠤᠭ ᠤᠨ ᠶᠡᠬᠡ ᠪᠡᠷ ᠡᠮᠵᠡᠭᠯᠡᠭᠦᠯᠵᠦ ᠪᠠᠢᠢᠨ᠎ᠠ ᠭᠡᠯ᠎ᠡ᠃ ᠤᠩ᠋ᠭᠠᠷᠢ ᠢᠢᠨ ᠮᠡᠷᠭᠡᠵᠢᠯᠲᠡᠨ ᠨᠦᠭᠦᠳ 1970-1980 ᠣᠨ ᠤ ᠬᠣᠭᠣᠷᠣᠨᠳᠣ ᠮᠣᠩ᠋ᠭᠣᠯ ᠣᠷᠣᠨ ᠳᠤ ᠤᠰᠤᠨ ᠤ ᠴᠢᠭᠯᠡᠯ ᠢᠶᠡᠷ ᠨᠠᠷᠢᠪᠴᠢᠯᠠᠭᠰᠠᠨ ᠰᠤᠳᠤᠯᠭ᠎ᠠ ᠢᠢ ᠬᠢᠭ᠍ᠰᠡᠨ ᠪᠠᠢᠢᠳᠠᠭ᠃

ᠲᠡᠭᠦᠨᠴᠢᠯᠡᠨ ᠤᠩ᠋ᠭᠠᠷᠢ ᠤᠯᠤᠰ ᠤᠨ ᠵᠠᠰᠠᠭ ᠤᠨ ᠭᠠᠵᠠᠷ ᠤᠨ ᠲᠡᠳᠬᠦᠯᠭᠡ ᠪᠡᠷ ᠵᠢᠯ ᠪᠦᠷᠢ 200 ᠭᠠᠷᠤᠢ ᠮᠣᠩ᠋ᠭᠣᠯ ᠣᠶᠤᠲᠠᠨ ᠢ ᠲᠤᠰ ᠤᠯᠤᠰ ᠲᠤ ᠰᠤᠷᠤᠯᠴᠠᠭᠤᠯᠬᠤ ᠬᠥᠲᠦᠯᠪᠦᠷᠢ ᠦᠷᠭᠦᠯᠵᠢᠯᠡᠵᠦ ᠪᠠᠢᠢᠭ᠎ᠠ ᠳᠤ ᠪᠠᠶᠠᠷᠲᠠᠢ ᠪᠠᠢᠢᠭ᠎ᠠ ᠪᠠᠨ ᠬᠡᠯᠡᠯ᠎ᠡ᠃ ᠳᠡᠭᠡᠷᠡᠬᠢ 200 ᠣᠶᠤᠲᠠᠨ ᠢ ᠬᠥᠳᠡᠭᠡ ᠠᠵᠤ ᠠᠬᠤᠢ᠂ ᠤᠰᠤᠨ ᠤ ᠴᠢᠭᠯᠡᠯ ᠢᠶᠡᠷ ᠪᠣᠯᠤᠨ 《ᠪᠢᠣᠺᠣᠮᠪᠢᠨᠠᠲ》 ᠍ᠲᠤ ᠠᠵᠢᠯᠯᠠᠬᠤ ᠢᠷᠡᠭᠡᠳᠦᠢ ᠢᠢᠨ ᠮᠡᠷᠭᠡᠵᠢᠯᠲᠡᠨ ᠨᠦᠭᠦᠳ ᠢ ᠪᠡᠯᠡᠳᠬᠡᠬᠦ ᠴᠢᠭᠯᠡᠯ ᠳᠥ ᠬᠠᠮᠲᠤᠷᠠᠨ ᠠᠵᠢᠯᠯᠠᠬᠤ ᠬᠦᠰᠡᠯ ᠲᠡᠢ ᠪᠡᠨ ᠢᠯᠡᠷᠬᠡᠢᠢᠯᠡᠪᠡ᠃