Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠬᠣᠯᠪᠣᠭᠠᠨ ᠤ ᠪᠦᠭᠦᠳᠡ ᠨᠠᠢᠢᠷᠠᠮᠳᠠᠬᠤ ᠭᠧᠷᠮᠠᠨ ᠤᠯᠤᠰ ᠢᠢᠨ ᠬᠣᠯᠪᠣᠭᠠᠨ ᠤ ᠶᠡᠷᠦᠩᠬᠡᠢᠢᠯᠡᠭᠴᠢ ᠹᠷᠠᠨᠺ ᠸᠠᠯᠲ᠋ᠧᠷ ᠱᠲ᠋ᠠᠢᠢᠨ᠋ᠮᠠᠢᠢᠧᠷ ᠲᠤ ᠵᠠᠬᠢᠳᠠᠯ ᠢᠯᠡᠭᠡᠯ᠎ᠡ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬᠠᠯᠲᠠᠮ᠎ᠠ ᠢᠢᠨ ᠪᠠᠲᠤᠲᠤᠯᠭ᠎ᠠ ᠺᠣᠷᠤᠨᠠᠸᠢᠷᠦ᠋ᠰᠲᠦ ᠴᠠᠷ ᠲᠠᠬᠤᠯ ᠤᠨ ᠡᠰᠡᠷᠬᠦ ᠸᠠᠺᠼᠢᠨ ᠨᠡᠢᠢᠯᠡᠭᠦᠯᠬᠦ ᠳᠥ ᠳᠡᠮᠵᠢᠯᠭᠡ ᠦᠵᠡᠭᠦᠯᠬᠦ ᠠᠰᠠᠭᠤᠳᠠᠯ ᠢᠶᠠᠷ ᠬᠣᠯᠪᠣᠭᠠᠨ ᠤ ᠪᠦᠭᠦᠳᠡ ᠨᠠᠢᠢᠷᠠᠮᠳᠠᠬᠤ ᠭᠧᠷᠮᠠᠨ ᠤᠯᠤᠰ ᠤᠨ ᠬᠣᠯᠪᠣᠭᠠᠨ ᠤ ᠶᠡᠷᠦᠩᠬᠡᠢᠢᠯᠡᠭᠴᠢ ᠡᠷᠬᠢᠮᠰᠦᠭ ᠨᠣᠶᠠᠨ ᠹᠷᠠᠨᠺ ᠸᠠᠯᠲ᠋ᠧᠷ ᠱᠲ᠋ᠠᠢᠢᠨ᠋ᠮᠠᠢᠢᠧᠷ ᠲᠤ ᠵᠠᠬᠢᠳᠠᠯ ᠢᠯᠡᠭᠡᠯ᠎ᠡ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠵᠠᠬᠢᠳᠠᠯ ᠳᠤ ᠪᠠᠨ᠂ ᠢᠵᠢ ᠪᠦᠷᠢᠨ ᠲᠦᠩᠰᠢᠯᠡᠯ ᠦᠨ ᠲᠦᠪᠰᠢᠨ ᠳᠥ ᠬᠥᠭ᠍ᠵᠢᠵᠦ ᠪᠤᠢ ᠬᠣᠶᠠᠷ ᠣᠷᠣᠨ ᠤ ᠤᠯᠠᠮᠵᠢᠯᠠᠯᠲᠤ ᠨᠠᠢᠢᠷᠰᠠᠭ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠪᠢᠳᠡᠨ ᠦ ᠠᠰᠢᠭ ᠰᠣᠨᠢᠷᠬᠠᠯ᠂ ᠠᠷᠠᠳᠴᠢᠯᠠᠯ᠂ ᠳᠡᠯᠡᠬᠡᠢ ᠨᠡᠢᠢᠲᠡ ᠢᠢᠨ ᠡᠩᠬᠡ ᠲᠠᠢᠢᠪᠤᠩ ᠠᠶᠤᠯ ᠦᠭᠡᠢ ᠪᠠᠢᠢᠳᠠᠯ ᠤᠨ ᠲᠥᠯᠦᠭᠡᠬᠢ ᠨᠡᠢᠢᠲᠡᠯᠢᠭ ᠦᠨᠡᠲᠦ ᠵᠦᠢᠯᠡᠰ ᠲᠥ ᠲᠤᠯᠭᠠᠭᠤᠷᠢᠯᠠᠨ ᠪᠣᠯᠤᠮᠵᠢᠲᠤ ᠪᠦᠬᠦᠢ ᠯᠠ ᠰᠠᠯᠪᠤᠷᠢ ᠳᠤ ᠥᠷᠭᠡᠵᠢᠵᠦ ᠪᠠᠢᠢᠭ᠎ᠠ ᠢᠢ ᠲᠡᠮᠳᠡᠭᠯᠡᠪᠡ᠃

ᠲᠡᠭᠦᠨᠴᠢᠯᠡᠨ ᠺᠣᠷᠤᠨᠠᠸᠢᠷᠦ᠋ᠰᠲᠦ ᠬᠠᠯᠳᠠᠪᠤᠷᠢᠲᠤ ᠡᠪᠡᠳᠴᠢᠨ ᠦ ᠳᠡᠭᠳᠡᠯᠲᠡ ᠢᠢᠨ ᠨᠥᠬᠥᠴᠡᠯ ᠪᠠᠢᠢᠳᠠᠯ ᠳᠤ ᠣᠯᠠᠨ ᠤᠯᠤᠰ ᠤᠨ ᠢᠳᠡᠪᠬᠢᠲᠡᠢ ᠬᠠᠮᠲᠤ ᠢᠢᠨ ᠠᠵᠢᠯᠯᠠᠭ᠎ᠠ ᠪᠠᠨ᠂ ᠡᠪ ᠨᠢᠭᠡᠳᠦᠯ᠂ ᠬᠠᠷᠢᠯᠴᠠᠨ ᠣᠢᠢᠯᠠᠭᠠᠯᠴᠠᠯ᠂ ᠪᠣᠳᠣᠯᠭ᠎ᠠ ᠢᠢᠨ ᠤᠶᠠᠯᠳᠤᠭ᠎ᠠ ᠬᠣᠯᠪᠣᠭ᠎ᠠ ᠶᠠᠭᠤ ᠶᠠᠭᠤᠨ ᠠᠴᠠ ᠢᠯᠡᠭᠦᠦ ᠴᠢᠬᠤᠯᠠ ᠪᠠᠢᠢᠭ᠎ᠠ ᠢᠢ ᠳᠤᠷᠠᠳᠴᠤ᠂ ᠴᠠᠷ ᠲᠠᠬᠤᠯ ᠤᠨ ᠡᠰᠡᠷᠬᠦ ᠸᠠᠺᠼᠢᠨ ᠭᠠᠷᠭᠠᠬᠤ ᠠᠵᠢᠯᠯᠠᠭᠠᠨ ᠳᠤ ᠬᠣᠯᠪᠣᠭᠠᠨ ᠤ ᠪᠦᠭᠦᠳᠡ ᠨᠠᠢᠢᠷᠠᠮᠳᠠᠬᠤ ᠭᠧᠷᠮᠠᠨ ᠤᠯᠤᠰ ᠲᠡᠷᠢᠭᠦᠯᠡᠬᠦ ᠡᠩᠨᠡᠭᠡᠨ ᠳᠥ ᠣᠷᠣᠯᠴᠠᠵᠤ ᠪᠠᠢᠢᠭ᠎ᠠ ᠳᠤ ᠲᠠᠯᠠᠷᠬᠠᠯ ᠢᠯᠡᠷᠬᠡᠢᠢᠯᠡᠭᠰᠡᠨ ᠶᠤᠮ᠃

ᠴᠥᠭᠡᠨ ᠬᠦᠮᠦᠨ ᠠᠮᠠ ᠲᠠᠢ ᠮᠣᠩ᠋ᠭᠣᠯ ᠤᠯᠤᠰ ᠤᠨ ᠥᠷᠭᠡᠨ ᠳᠡᠯᠭᠡᠷ ᠨᠤᠲᠤᠭ ᠲᠤ ᠢᠷᠭᠡᠳ ᠲᠠᠷᠬᠠᠨ ᠰᠠᠭᠤᠷᠢᠰᠢᠭ᠌ᠰᠠᠨ ᠪᠠᠢᠢᠳᠠᠭ ᠨᠢ ᠡᠨᠡᠬᠦ ᠴᠠᠷ ᠲᠠᠬᠤᠯ ᠲᠠᠢ ᠲᠡᠮᠡᠴᠡᠬᠦ᠂ ᠬᠠᠯᠳᠠᠪᠤᠷᠢ ᠢᠢᠨ ᠬᠦᠷᠢᠢ᠎ᠡ ᠬᠤᠮᠢᠬᠤ ᠳᠤ ᠨᠢᠭᠡ ᠲᠠᠯ᠎ᠠ ᠠᠴᠠ ᠪᠠᠨ ᠳᠠᠪᠠᠭᠤ ᠲᠠᠯ᠎ᠠ ᠪᠣᠯᠵᠤ ᠪᠠᠢᠢᠭ᠎ᠠ ᠬᠡᠳᠦᠢ ᠴᠤ ᠡᠷᠦᠰᠳᠡᠯᠲᠡᠢ ᠨᠥᠬᠥᠴᠡᠯ ᠳᠥ ᠪᠤᠢ ᠢᠷᠭᠡᠳ ᠪᠣᠯᠤᠨ ᠨᠡᠢᠢᠲᠡ ᠢᠢᠨ ᠡᠷᠡᠭᠦᠯ ᠮᠡᠨᠳᠦ᠂ ᠬᠡᠪ ᠵᠢᠷᠤᠮ ᠢ ᠰᠠᠬᠢᠨ ᠬᠠᠮᠠᠭᠠᠯᠠᠬᠤ ᠢᠢᠨ ᠲᠥᠯᠥᠭᠡ ᠠᠵᠢᠯᠯᠠᠵᠤ ᠪᠤᠢ ᠡᠮᠴᠢ᠂ ᠰᠤᠪᠢᠯᠠᠭᠴᠢ᠂ ᠴᠠᠭᠳᠠᠭ᠎ᠠ᠂ ᠣᠨᠴᠤᠭᠤᠢ ᠪᠠᠢᠢᠳᠠᠯ᠂ ᠮᠡᠷᠭᠡᠵᠢᠯ ᠦᠨ ᠬᠢᠨᠠᠯᠲᠠ ᠵᠡᠷᠭᠡ ᠪᠠᠢᠢᠭᠤᠯᠤᠯᠭ᠎ᠠ ᠢᠢᠨ ᠠᠵᠢᠯᠲᠠᠨ᠂ ᠠᠯᠪᠠᠨ ᠬᠠᠭᠠᠭᠴᠢᠳ ᠤᠨ ᠠᠶᠤᠯ ᠦᠭᠡᠢ ᠪᠠᠢᠢᠳᠠᠯ ᠢ ᠶᠠᠭᠤᠨ ᠤ ᠡᠮᠦᠨ᠎ᠡ ᠬᠠᠩ᠋ᠭᠠᠬᠤ ᠨᠢ ᠴᠢᠬᠤᠯᠠ ᠪᠠᠢᠢᠭ᠎ᠠ ᠢᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬᠠᠯᠲᠠᠮ᠎ᠠ ᠢᠢᠨ ᠪᠠᠲᠤᠲᠤᠯᠭ᠎ᠠ ᠵᠠᠬᠢᠳᠠᠯ ᠳᠤ ᠪᠠᠨ ᠣᠨᠴᠠᠯᠠᠪᠠ᠃

ᠡᠢᠢᠮᠦ ᠡᠴᠡ ᠺᠣᠷᠤᠨᠠᠸᠢᠷᠦ᠋ᠰᠲᠦ ᠬᠠᠯᠳᠠᠪᠤᠷᠢᠲᠤ ᠡᠪᠡᠳᠴᠢᠨ ᠦ ᠡᠰᠡᠷᠬᠦ ᠸᠠᠺᠼᠢᠨ ᠭᠠᠷᠤᠭᠰᠠᠨ ᠳᠠᠷᠤᠢ ᠳᠤ ᠢᠷᠭᠡᠳ᠂ ᠡᠷᠦᠰᠳᠡᠯᠲᠡᠢ ᠪᠦᠯᠦᠭ ᠦᠨ ᠠᠵᠢᠯᠲᠠᠨ᠂ ᠠᠯᠪᠠᠨ ᠬᠠᠭᠠᠭᠴᠢᠳ ᠲᠤ ᠵᠣᠷᠢᠭᠤᠯᠤᠨ ᠸᠠᠺᠼᠢᠨ ᠢ ᠬᠤᠳᠠᠯᠳᠤᠨ ᠠᠪᠬᠤ ᠳᠤ ᠲᠤᠰᠬᠠᠢᠢᠯᠠᠨ ᠳᠡᠮᠵᠢᠯᠭᠡ ᠦᠵᠡᠭᠦᠯᠬᠦ ᠢᠢ ᠬᠣᠯᠪᠣᠭᠠᠨ ᠤ ᠪᠦᠭᠦᠳᠡ ᠨᠠᠢᠢᠷᠠᠮᠳᠠᠬᠤ ᠭᠧᠷᠮᠠᠨ ᠤᠯᠤᠰ ᠢᠢᠨ ᠬᠣᠯᠪᠣᠭᠠᠨ ᠤ ᠶᠡᠷᠦᠩᠬᠡᠢᠢᠯᠡᠭᠴᠢ ᠠᠴᠠ ᠬᠦᠰᠡᠯ᠎ᠡ᠃