Та "Internet explorer"-ийн сүүлийн хувилбар болох "Microsoft edge"-г ашиглана уу

Хэрэв "Microsoft edge"-г татах бол энд дарж татаж авна уу

ᠠᠮᠧᠷᠢᠺᠠ ᠢᠢᠨ ᠨᠢᠭᠡᠳᠦᠭᠰᠡᠨ ᠤᠯᠤᠰ ᠤᠨ ᠺᠣᠩᠷᠧᠰᠰ ᠤᠨ ᠲᠥᠯᠦᠭᠡᠯᠡᠭᠴᠢᠳ ᠦᠨ ᠲᠠᠩᠬᠢᠮ 《ᠠᠮᠧᠷᠢᠺᠠ ᠢᠢᠨ ᠨᠢᠭᠡᠳᠦᠭᠰᠡᠨ ᠤᠯᠤᠰ-ᠮᠣᠩ᠋ᠭᠣᠯ ᠤᠯᠤᠰ ᠤᠨ ᠰᠲ᠋ᠷᠠᠲ᠋ᠧᠭᠢ ᠢᠢᠨ ᠲᠦᠩᠰᠢᠯᠡᠯ ᠢ ᠪᠡᠬᠢᠵᠢᠭᠦᠯᠬᠦ ᠲᠤᠬᠠᠢ ᠲᠣᠭᠲᠠᠭᠠᠯ》 ᠍ ᠢ ᠪᠠᠲᠤᠯᠠᠪᠠ

ᠠᠮᠧᠷᠢᠺᠠ ᠢᠢᠨ ᠨᠢᠭᠡᠳᠦᠭᠰᠡᠨ ᠤᠯᠤᠰ ᠤᠨ ᠺᠣᠩᠷᠧᠰᠰ ᠳᠡᠬᠢ ᠠᠮᠧᠷᠢᠺᠠ-ᠮᠣᠩ᠋ᠭᠣᠯ ᠤᠨ ᠪᠦᠯᠦᠭ ᠡᠴᠡ ᠰᠠᠨᠠᠭᠠᠴᠢᠯᠠᠵᠤ᠂ ᠲᠤᠰ ᠪᠦᠯᠦᠭ ᠦᠨ ᠳᠠᠷᠤᠭᠠᠯᠠᠭᠴᠢ᠂ ᠲᠥᠯᠦᠭᠡᠯᠡᠭᠴᠢᠳ ᠦᠨ ᠲᠠᠩᠬᠢᠮ ᠤᠨ ᠭᠡᠰᠢᠭᠦᠨ ᠳ᠋ᠢᠨᠠ ᠲᠠᠢᠢᠲ᠋ᠦ᠋ᠰ᠂ ᠳ᠋ᠤᠨᠠᠯᠳ᠋ ᠶᠠᠩ ᠨᠠᠷ ᠪᠣᠯᠤᠨ ᠪᠦᠯᠦᠭ ᠦᠨ ᠭᠡᠰᠢᠭᠦᠨ ᠲᠧᠳ᠋ ᠶᠣᠾᠣ᠋᠂ ᠠᠷᠠᠳᠴᠢᠯᠠᠯ ᠤᠨ ᠲᠥᠯᠦᠭᠡ ᠲᠦᠩᠰᠢᠯᠡᠯ ᠬᠥᠲᠦᠯᠪᠦᠷᠢ ᠢᠢᠨ ᠳᠠᠷᠤᠭ᠎ᠠ ᠳ᠋ᠧᠸᠢᠳ᠋ ᠫᠷᠠᠢᠢᠰ ᠨᠠᠷ ᠤᠨ 2020 ᠣᠨ ᠤ ᠶᠢᠰᠦᠳᠦᠭᠡᠷ ᠰᠠᠷ᠎ᠠ ᠢᠢᠨ 4 ᠍ ᠦ ᠡᠳᠦᠷ ᠬᠠᠮᠲᠤᠷᠠᠨ ᠡᠷᠭᠦᠨ ᠪᠠᠷᠢᠭᠰᠠᠨ 《ᠠᠮᠧᠷᠢᠺᠠ ᠢᠢᠨ ᠨᠢᠭᠡᠳᠦᠭᠰᠡᠨ ᠤᠯᠤᠰ-ᠮᠣᠩ᠋ᠭᠣᠯ ᠤᠯᠤᠰ ᠤᠨ ᠰᠲ᠋ᠷᠠᠲ᠋ᠧᠭᠢ ᠢᠢᠨ ᠲᠦᠩᠰᠢᠯᠡᠯ ᠢ ᠪᠡᠬᠢᠵᠢᠭᠦᠯᠬᠦ ᠲᠤᠬᠠᠢ ᠲᠣᠭᠲᠠᠭᠠᠯ》 ᠍ ᠤᠨ ᠲᠥᠰᠦᠯ ᠢ ᠺᠣᠩᠷᠧᠰᠰ ᠤᠨ ᠲᠥᠯᠦᠭᠡᠯᠡᠭᠴᠢᠳ ᠦᠨ ᠲᠠᠩᠬᠢᠮ ᠤᠨ ᠴᠢᠭᠤᠯᠭᠠᠨ ᠢᠶᠠᠷ ᠪᠠᠲᠤᠯᠠᠯ᠎ᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬᠠᠯᠲᠠᠮ᠎ᠠ ᠢᠢᠨ ᠪᠠᠲᠤᠲᠤᠯᠭ᠎ᠠ ᠢᠢᠨ 2019 ᠣᠨ ᠤ ᠳᠣᠯᠣᠳᠤᠭᠠᠷ ᠰᠠᠷ᠎ᠠ ᠳᠤ ᠠᠮᠧᠷᠢᠺᠠ ᠢᠢᠨ ᠨᠢᠭᠡᠳᠦᠭᠰᠡᠨ ᠤᠯᠤᠰ ᠲᠤ ᠬᠢᠭ᠍ᠰᠡᠨ ᠠᠢᠢᠯᠴᠢᠯᠠᠯ ᠪᠣᠯᠤᠨ ᠬᠣᠶᠠᠷ ᠤᠯᠤᠰ ᠤᠨ ᠲᠥᠷᠦ ᠢᠢᠨ ᠲᠡᠷᠢᠭᠦᠨ ᠨᠠᠷ ᠤᠨ ᠠᠯᠪᠠᠨ ᠶᠣᠰᠣᠨ ᠤ ᠬᠡᠯᠡᠯᠴᠡᠭᠡᠷ ᠦᠨ ᠦᠷ᠎ᠡ ᠳ᠋ᠦᠩ ᠳᠥ ᠬᠣᠶᠠᠷ ᠤᠯᠤᠰ ᠤᠨ ᠬᠠᠷᠢᠯᠴᠠᠭ᠎ᠠ ᠰᠲ᠋ᠷᠠᠲ᠋ᠧᠭᠢ ᠢᠢᠨ ᠲᠦᠩᠰᠢᠯᠡᠯ ᠦᠨ ᠲᠦᠪᠰᠢᠨ ᠳᠥ ᠬᠦᠷᠦᠭᠰᠡᠨ ᠢ ᠵᠠᠷᠯᠠᠵᠤ᠂ ᠬᠠᠮᠲᠤᠷᠠᠭᠰᠠᠨ ᠲᠤᠩᠬᠠᠭᠯᠠᠯ ᠭᠠᠷᠭᠠᠭᠰᠠᠨ ᠪᠢᠯᠡ᠃

ᠡᠨᠡᠬᠦ ᠠᠢᠢᠯᠴᠢᠯᠠᠯ ᠤᠨ ᠨᠢᠭᠡ ᠦᠷ᠎ᠡ ᠳ᠋ᠦᠩ ᠪᠣᠯᠵᠤ ᠪᠠᠲᠤᠯᠠᠭᠳᠠᠭᠰᠠᠨ 《ᠠᠮᠧᠷᠢᠺᠠ ᠢᠢᠨ ᠨᠢᠭᠡᠳᠦᠭᠰᠡᠨ ᠤᠯᠤᠰ-ᠮᠣᠩ᠋ᠭᠣᠯ ᠤᠯᠤᠰ ᠤᠨ ᠰᠲ᠋ᠷᠠᠲ᠋ᠧᠭᠢ ᠢᠢᠨ ᠲᠦᠩᠰᠢᠯᠡᠯ ᠢ ᠪᠡᠬᠢᠵᠢᠭᠦᠯᠬᠦ ᠲᠤᠬᠠᠢ ᠲᠣᠭᠲᠠᠭᠠᠯ》 ᠨᠢ ᠰᠲ᠋ᠷᠠᠲ᠋ᠧᠭᠢ ᠢᠢᠨ ᠨᠡᠢᠢᠲᠡᠯᠢᠭ ᠡᠷᠬᠡ ᠠᠰᠢᠭ᠂ ᠠᠷᠠᠳᠴᠢᠯᠠᠭᠰᠠᠨ ᠦᠨᠡᠲᠦ ᠵᠦᠢᠯᠡᠰ᠂ ᠰᠠᠢᠢᠨ ᠵᠠᠰᠠᠭᠯᠠᠯ᠂ ᠪᠦᠷᠢᠨ ᠡᠷᠬᠡᠲᠦ ᠪᠠᠢᠢᠳᠠᠯ ᠪᠣᠯᠤᠨ ᠬᠦᠮᠦᠨ ᠦ ᠡᠷᠬᠡ ᠢᠢ ᠳᠡᠭᠡᠳᠦᠯᠡᠬᠦ ᠵᠠᠷᠴᠢᠮ ᠤᠳ ᠲᠤ ᠲᠤᠯᠭᠠᠭᠤᠷᠢᠯᠠᠨ ᠪᠠᠲᠤᠵᠢᠨ ᠪᠡᠬᠢᠵᠢᠵᠦ ᠪᠤᠢ ᠬᠣᠶᠠᠷ ᠤᠯᠤᠰ ᠤᠨ ᠬᠠᠷᠢᠯᠴᠠᠭ᠎ᠠ ᠢᠢ ᠭᠦᠨᠵᠡᠭᠡᠢᠢᠷᠡᠭᠦᠯᠦᠨ ᠬᠥᠭ᠍ᠵᠢᠭᠦᠯᠬᠦ ᠳᠥ ᠴᠢᠬᠤᠯᠠ ᠡᠭᠦᠷᠭᠡ ᠭᠦᠢᠴᠡᠳᠭᠡᠬᠦ ᠡᠴᠡ ᠭᠠᠳᠠᠨ᠎ᠠ ᠠᠮᠧᠷᠢᠺᠠ ᠢᠢᠨ ᠨᠢᠭᠡᠳᠦᠭᠰᠡᠨ ᠤᠯᠤᠰ ᠤᠨ ᠺᠣᠩᠷᠧᠰᠰ ᠲᠤ ᠥᠷᠭᠡᠨ ᠪᠠᠷᠢᠭᠠᠳ ᠪᠤᠢ 《ᠭᠤᠷᠪᠠᠳᠠᠭᠴᠢ ᠬᠥᠷᠰᠢ ᠢᠢᠨ ᠬᠤᠳᠠᠯᠳᠤᠭᠠᠨ ᠤ ᠲᠤᠬᠠᠢ ᠬᠠᠤᠯᠢ》 ᠍ ᠢᠢᠨ ᠲᠥᠰᠥᠯ ᠢ ᠬᠡᠯᠡᠯᠴᠡᠬᠦ ᠦᠢᠯᠡ ᠶᠠᠪᠤᠴᠠ ᠳᠤ ᠲᠦᠯᠬᠢᠴᠡ ᠪᠣᠯᠬᠤ ᠶᠤᠮ᠃

ᠤᠭ ᠲᠣᠭᠲᠠᠭᠠᠯ ᠢ ᠲᠥᠯᠦᠭᠡᠯᠡᠭᠴᠢᠳ ᠦᠨ ᠲᠠᠩᠬᠢᠮ ᠤᠨ ᠭᠠᠳᠠᠭᠠᠳᠤ ᠪᠣᠳᠣᠯᠭ᠎ᠠ ᠢᠢᠨ ᠪᠠᠢᠢᠩ᠋ᠭᠤ ᠢᠢᠨ ᠬᠣᠷᠢᠶ᠎ᠠ ᠪᠠᠷ 2020 ᠣᠨ ᠤ ᠠᠷᠪᠠᠳᠤᠭᠠᠷ ᠰᠠᠷ᠎ᠠ ᠢᠢᠨ 1 ᠍ ᠦ ᠡᠳᠦᠷ ᠪᠠᠲᠤᠯᠠᠭᠠᠳ ᠪᠠᠢᠢᠭᠰᠠᠨ ᠶᠤᠮ᠃

ᠡᠨᠡᠬᠦ ᠲᠣᠭᠲᠠᠭᠠᠯ ᠢ ᠬᠡᠯᠡᠯᠴᠡᠭᠦᠯᠬᠦ ᠦᠶ᠎ᠡ ᠪᠡᠷ ᠲᠥᠯᠥᠭᠡᠯᠡᠭᠴᠢᠳ ᠦᠨ ᠲᠠᠩᠬᠢᠮ ᠤᠨ ᠭᠡᠰᠢᠭᠦᠨ ᠲᠧᠳ᠋ ᠶᠣᠾᠣ᠋ ᠺᠣᠩᠷᠧᠰᠰ ᠲᠤ ᠥᠷᠭᠡᠨ ᠪᠠᠷᠢᠭᠠᠳ ᠪᠤᠢ 《ᠭᠤᠷᠪᠠᠳᠠᠭᠴᠢ ᠬᠥᠷᠰᠢ ᠢᠢᠨ ᠬᠤᠳᠠᠯᠳᠤᠭᠠᠨ ᠤ ᠬᠠᠤᠯᠢ》 ᠍ ᠢᠢᠨ ᠲᠠᠯ᠎ᠠ ᠪᠠᠷ ᠶᠠᠷᠢᠵᠤ᠂ ᠬᠠᠤᠯᠢ ᠢᠢᠨ ᠲᠥᠰᠥᠯ ᠢ ᠳᠡᠮᠵᠢᠬᠦ ᠢᠢ ᠭᠡᠰᠢᠭᠦᠳ ᠡᠴᠡ ᠬᠦᠰᠡᠭᠰᠡᠨ ᠪᠠᠢᠢᠨ᠎ᠠ᠃

ᠬᠠᠷᠢᠨ ᠲᠥᠯᠦᠭᠡᠯᠡᠭᠴᠢᠳ ᠦᠨ ᠲᠠᠩᠬᠢᠮ ᠤᠨ ᠭᠡᠰᠢᠭᠦᠨ ᠵᠧᠢᠢᠮᠢ ᠷᠠᠰᠺᠢᠨ ᠡᠨᠡᠬᠦ ᠲᠣᠭᠲᠠᠭᠠᠯ ᠨᠢ ᠮᠣᠩ᠋ᠭᠣᠯ ᠤᠯᠤᠰ ᠠᠷᠠᠳᠴᠢᠯᠠᠯ᠂ ᠠᠶᠤᠯ ᠦᠭᠡᠢ ᠪᠠᠢᠢᠳᠠᠯ᠂ ᠬᠠᠮᠲᠤ ᠢᠢᠨ ᠠᠵᠢᠯᠯᠠᠭ᠎ᠠ ᠪᠣᠯᠤᠨ ᠬᠦᠮᠦᠨ ᠦ ᠡᠷᠬᠡ ᠢᠢ ᠬᠦᠨᠳᠦᠳᠬᠡᠨ ᠳᠡᠭᠡᠳᠦᠯᠡᠬᠦ ᠢᠢᠨ ᠲᠥᠯᠦᠭᠡ ᠲᠤᠭᠤᠰᠢᠲᠠᠢ ᠠᠵᠢᠯᠯᠠᠵᠤ ᠪᠠᠢᠢᠭ᠎ᠠ ᠶᠠᠪᠤᠳᠠᠯ ᠢ ᠰᠠᠢᠢᠰᠢᠶᠠᠵᠤ᠂ ᠬᠣᠶᠠᠷ ᠤᠯᠤᠰ ᠤᠨ ᠬᠣᠭᠣᠷᠣᠨᠳᠣ ᠢᠢᠨ ᠴᠢᠬᠤᠯᠠ ᠲᠦᠩᠰᠢᠯᠡᠯ ᠥᠷᠭᠡᠵᠢᠨ ᠬᠥᠭ᠍ᠵᠢᠵᠦ ᠪᠤᠢ ᠢᠢ ᠪᠠᠲᠤᠳᠬᠠᠵᠤ ᠪᠠᠢᠢᠭ᠎ᠠ ᠢᠢ ᠲᠡᠮᠳᠡᠭᠯᠡᠵᠡᠢ᠃