ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠪᠣᠳᠣᠯᠭ᠎ᠠ᠂ ᠦᠢᠯᠡ ᠠᠵᠢᠯᠯᠠᠭᠠᠨ ᠤ ᠬᠥᠲᠥᠯᠪᠦᠷᠢ ᠳᠥ 《ᠳᠠᠶᠠᠭᠠᠷᠰᠢᠯ᠂ ᠲᠧᠭᠨᠣᠯᠣᠭᠢ ᠢᠢᠨ ᠬᠤᠷᠳᠤᠴᠠ ᠲᠠᠢ ᠬᠥᠭ᠍ᠵᠢᠯ ᠦᠨ ᠡᠷᠢᠨ ᠦᠶ᠎ᠡ ᠳᠥ ᠦᠨᠳᠦᠰᠦᠨ ᠦ ᠪᠡᠨ ᠲᠡᠦᠬᠡᠨ ᠤᠯᠠᠮᠵᠢᠯᠠᠯ᠂ ᠬᠡᠯᠡ᠂ ᠰᠤᠶᠤᠯ ᠤᠨ ᠳᠠᠷᠬᠠᠯᠠᠭ᠎ᠠ ᠢᠢ ᠬᠠᠮᠠᠭᠠᠯᠠᠬᠤ》 ᠵᠢᠭᠠᠯᠲᠠ ᠪᠤᠢ᠃
ᠮᠣᠩ᠋ᠭᠣᠯ ᠤᠯᠤᠰ ᠤᠨ ᠶᠡᠷᠦᠩᠬᠡᠢᠢᠯᠡᠭᠴᠢ ᠬᠠᠯᠲᠠᠮ᠎ᠠ ᠢᠢᠨ ᠪᠠᠲᠤᠲᠤᠯᠭ᠎ᠠ ᠮᠣᠩ᠋ᠭᠣᠯ ᠬᠡᠯᠡᠨ ᠦ ᠲᠤᠬᠠᠢ ᠬᠠᠤᠯᠢ ᠢᠢᠨ 9.1.3 ᠳ᠋ᠠᠬᠢ ᠵᠢᠭᠠᠯᠲᠠ ᠪᠠᠷ ᠬᠦᠯᠢᠶᠡᠭᠰᠡᠨ 《ᠮᠣᠩ᠋ᠭᠣᠯ ᠬᠡᠯᠡ᠂ ᠪᠢᠴᠢᠭ᠌ ᠦᠰᠦᠭ ᠢᠶᠡᠨ ᠬᠡᠷᠡᠭᠯᠡᠬᠦ᠂ ᠡᠵᠡᠮᠰᠢᠬᠦ᠂ ᠬᠠᠮᠠᠭᠠᠯᠠᠬᠤ᠂ ᠬᠥᠭ᠍ᠵᠢᠭᠦᠯᠬᠦ ᠴᠢᠭᠯᠡᠯ ᠢᠶᠡᠷ ᠵᠠᠷᠯᠢᠭ ᠭᠠᠷᠭᠠᠬᠤ᠂ ᠲᠥᠷᠥ ᠢᠢᠨ ᠬᠣᠯᠪᠣᠭᠳᠠᠬᠤ ᠪᠠᠢᠢᠭᠤᠯᠤᠯᠭ᠎ᠠ ᠳᠤ ᠴᠢᠭᠯᠡᠯ ᠥᠭ᠍ᠬᠦ》 ᠡᠷᠬᠡ᠂ ᠡᠭᠦᠷᠭᠡ ᠢᠢᠨ ᠢᠶᠡᠨ ᠬᠦᠷᠢᠶᠡᠨ ᠳᠥ 2018 ᠣᠨ ᠤ ᠦᠨᠳᠦᠰᠦᠨ ᠦ ᠪᠢᠴᠢᠭ᠌ ᠦᠰᠦᠭ ᠦᠨ ᠪᠠᠶᠠᠷ ᠢ ᠲᠣᠬᠢᠶᠠᠯᠳᠤᠭᠤᠯᠤᠨ 《ᠮᠣᠩ᠋ᠭᠣᠯ ᠪᠢᠴᠢᠭ᠌ ᠦᠨ ᠬᠡᠷᠡᠭᠯᠡᠭᠡ ᠢᠢ ᠨᠡᠮᠡᠭᠳᠡᠭᠦᠯᠬᠦ ᠠᠵᠢᠯ ᠢ ᠡᠷᠴᠢᠮᠵᠢᠭᠦᠯᠬᠦ ᠲᠤᠬᠠᠢ》 46 ᠳ᠋ᠤᠭᠠᠷ ᠵᠠᠷᠯᠢᠭ ᠭᠠᠷᠭᠠᠭᠰᠠᠨ᠃
ᠮᠣᠩ᠋ᠭᠣᠯ ᠬᠡᠯᠡᠨ ᠦ ᠲᠤᠬᠠᠢ ᠬᠠᠤᠯᠢ᠂ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠵᠠᠷᠯᠢᠭ ᠤᠨ ᠳᠠᠭᠠᠭᠤ 《ᠮᠣᠩ᠋ᠭᠣᠯ ᠪᠢᠴᠢᠭ᠌ ᠦᠨ ᠦᠨᠳᠦᠰᠦᠨ ᠦ ᠬᠥᠲᠥᠯᠪᠦᠷᠢ – 3;》 ᠍ ᠢ ᠵᠠᠰᠠᠭ ᠤᠨ ᠭᠠᠵᠠᠷ ᠠᠴᠠ ᠪᠠᠲᠤᠯᠠᠨ ᠬᠡᠷᠡᠭᠵᠢᠭᠦᠯᠵᠦ ᠪᠠᠢᠢᠨ᠎ᠠ᠃
ᠮᠣᠩ᠋ᠭᠣᠯ ᠤᠯᠤᠰ ᠤᠨ ᠶᠡᠷᠦᠩᠬᠡᠢᠢᠯᠡᠭᠴᠢ ᠬᠠᠯᠲᠠᠮ᠎ᠠ ᠢᠢᠨ ᠪᠠᠲᠤᠲᠤᠯᠭ᠎ᠠ ᠺᠣᠷᠤᠨᠠᠸᠢᠷᠦ᠋ᠰᠲᠦ ᠴᠠᠷ ᠲᠠᠬᠤᠯ ᠤᠨ ᠤᠯᠠᠮ ᠠᠴᠠ ᠪᠦᠬᠦ ᠱᠠᠲᠤᠨ ᠤ ᠪᠣᠯᠪᠠᠰᠤᠷᠠᠯ ᠤᠨ ᠪᠠᠢᠢᠭᠤᠯᠤᠯᠭ᠎ᠠ ᠢᠢᠨ ᠦᠢᠯᠡ ᠠᠵᠢᠯᠯᠠᠭ᠎ᠠ ᠢᠢ ᠬᠢᠵᠠᠭᠠᠷᠯᠠᠭᠠᠳ ᠪᠤᠢ ᠡᠨᠡ ᠦᠶ᠎ᠡ ᠳᠥ ᠦᠨᠳᠦᠰᠦᠨ ᠦ ᠬᠡᠯᠡ᠂ ᠪᠢᠴᠢᠭ᠌᠂ ᠲᠡᠦᠬᠡ᠂ ᠰᠤᠶᠤᠯ᠂ ᠦᠨᠡᠲᠦ ᠵᠦᠢᠯᠡᠰ ᠦᠨ ᠳᠠᠷᠬᠠᠯᠠᠭ᠎ᠠ ᠢᠢ ᠪᠡᠬᠢᠵᠢᠭᠦᠯᠬᠦ᠂ ᠦᠨᠳᠦᠰᠦᠨ ᠦ ᠪᠢᠴᠢᠭ᠌ ᠦᠨ ᠪᠣᠯᠪᠠᠰᠤᠷᠠᠯ᠂ ᠬᠡᠷᠡᠭᠯᠡᠭᠡ ᠢᠢ ᠳᠡᠮᠵᠢᠬᠦ᠂ ᠰᠤᠷᠤᠭᠴᠢᠳ ᠠᠴᠠ ᠭᠠᠳᠠᠨ᠎ᠠ ᠨᠠᠰᠤᠨ ᠳᠤ ᠬᠦᠷᠡᠭᠴᠢᠳ ᠢ ᠦᠨᠳᠦᠰᠦᠨ ᠦ ᠪᠢᠴᠢᠭ᠌ ᠢᠶᠡᠨ ᠰᠤᠷᠴᠤ᠂ ᠡᠵᠡᠮᠰᠢᠬᠦ ᠳᠥ ᠤᠷᠢᠶᠠᠯᠠᠬᠤ ᠵᠣᠷᠢᠯᠭ᠎ᠠ ᠪᠠᠷ ᠦᠨᠳᠦᠰᠦᠨ ᠦ ᠪᠢᠴᠢᠭ ᠦᠨ ᠲᠧᠯᠧ ᠬᠢᠴᠢᠶᠡᠯ ᠢ ᠵᠢᠭᠠᠵᠤ ᠡᠬᠢᠯᠡᠭᠡᠳ ᠪᠠᠢᠢᠨ᠎ᠠ᠃
ᠬᠡᠯᠡᠨ ᠦ ᠪᠣᠳᠣᠯᠭ᠎ᠠ ᠢᠢᠨ ᠦᠨᠳᠦᠰᠦᠨ ᠦ ᠵᠥᠪᠯᠡᠯ ᠡᠴᠡ ᠦᠨᠳᠦᠰᠦᠨ ᠦ ᠪᠢᠴᠢᠭ᠌ ᠦᠨ ᠴᠠᠭᠠᠨ ᠲᠣᠯᠣᠭᠠᠢ ᠢᠢᠨ ᠦᠰᠦᠭ ᠦᠨ ᠲᠥᠰᠲᠡᠢ ᠬᠡᠪ ᠰᠢᠨᠵᠢ᠂ ᠮᠠᠬᠠᠪᠣᠳᠠ ᠳᠤ ᠦᠨᠳᠦᠰᠦᠯᠡᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠬᠢᠴᠢᠶᠡᠯ ᠦᠨ ᠠᠭᠤᠯᠭ᠎ᠠ ᠢᠢ ᠪᠣᠯᠪᠠᠰᠤᠷᠠᠭᠤᠯᠵᠠᠢ᠃
ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠲᠧᠯᠧ ᠬᠢᠴᠢᠶᠡᠯ ᠢ ᠥᠷᠭᠡᠨ ᠨᠡᠪᠲᠡᠷᠡᠭᠦᠯᠭᠡ ᠢᠢᠨ ᠲᠧᠯᠧᠸᠢᠽ ᠦᠳ ᠢᠶᠡᠷ ᠨᠡᠪᠲᠡᠷᠡᠭᠦᠯᠵᠦ᠂ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠪᠣᠯᠤᠨ ᠮᠣᠩ᠋ᠭᠣᠯ ᠪᠢᠴᠢᠭᠲᠡᠨ-2025 ᠴᠠᠬᠢᠮ ᠬᠠᠭᠤᠳᠠᠰᠤᠨ ᠳᠤ ᠪᠠᠢᠢᠷᠢᠰᠢᠭᠤᠯᠤᠨᠠ᠃
ᠨᠡᠪᠲᠡᠷᠡᠭᠦᠯᠭᠡ ᠢᠢᠨ ᠬᠤᠪᠢᠶᠠᠷᠢ ᠢᠢ ᠳᠣᠯᠣᠭ᠎ᠠ ᠬᠣᠨᠣᠭ ᠪᠦᠷᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠴᠠᠬᠢᠮ ᠬᠠᠭᠤᠳᠠᠰᠤ ᠠᠴᠠ ᠦᠵᠡᠬᠦ ᠪᠣᠯᠤᠮᠵᠢ ᠲᠠᠢ᠃