Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯᠴᠤᠳ ᠤᠨ ᠡᠷᠬᠢᠮᠯᠡᠨ ᠳᠡᠭᠡᠳᠦᠯᠡᠬᠦ ᠦᠨᠡᠲᠦ ᠵᠦᠢᠯ ᠢ ᠲᠡᠮᠳᠡᠭᠯᠡᠭᠰᠡᠨ 《ᠡᠷᠳᠡᠨᠢ ᠶᠢᠨ ᠰᠤᠳᠤᠷ》 ᠢᠢ ᠳᠡᠭᠡᠳᠦᠯᠡᠨ ᠵᠠᠯᠠᠬᠤ ᠲᠤᠬᠠᠢ ᠮᠣᠩ᠌ᠭᠣᠯ ᠤᠯᠤᠰ ᠤᠨ ᠶᠡᠷᠦᠩᠬᠡᠶᠢᠯᠡᠭᠴᠢ ᠶᠢᠨ ᠵᠠᠷᠯᠢᠭ ᠭᠠᠷᠤᠯ᠎ᠠ

ᠮᠣᠩ᠌ᠭᠣᠯ ᠤᠯᠤᠰ ᠤᠨ ᠦᠨᠳᠦᠰᠦᠨ ᠬᠠᠤᠯᠢ ᠶᠢᠨ ᠳᠣᠯᠣᠭᠠᠳᠤᠭᠠᠷ ᠵᠦᠢᠯ ᠦᠨ 1᠂ ᠭᠤᠴᠢᠨ ᠳᠥᠷᠪᠡᠳᠦᠭᠡᠷ ᠵᠦᠢᠯ ᠦᠨ 1᠂ ᠮᠣᠩ᠌ᠭᠣᠯ ᠤᠯᠤᠰ ᠤᠨ ᠶᠡᠷᠦᠩᠬᠡᠶᠢᠯᠡᠭᠴᠢ ᠶᠢᠨ ᠲᠤᠬᠠᠢ ᠬᠠᠤᠯᠢ ᠶᠢᠨ 9  ᠳᠦᠭᠡᠷ ᠵᠦᠢᠯ ᠦᠨ 1 ᠳ᠋ᠡᠬᠢ ᠬᠡᠰᠡᠭ ᠢ ᠲᠤᠰ ᠲᠤᠰ ᠦᠨᠳᠦᠰᠦᠯᠡᠨ ᠮᠣᠩ᠌ᠭᠣᠯ ᠤᠯᠤᠰ ᠤᠨ ᠶᠡᠷᠦᠩᠬᠡᠶᠢᠯᠡᠭᠴᠢ ᠬᠠᠯᠲᠠᠮ᠎ᠠ ᠶᠢᠨ ᠪᠠᠲᠤᠲᠤᠯᠭ᠎ᠠ 《ᠡᠷᠳᠡᠨᠢ ᠶᠢᠨ ᠰᠤᠳᠤᠷ》 ᠍ ᠢ ᠳᠡᠭᠡᠳᠦᠯᠡᠨ ᠵᠠᠯᠠᠬᠤ ᠲᠤᠬᠠᠢ 149 ᠳ᠋ᠤᠭᠡᠷ ᠵᠠᠷᠯᠢᠭ ᠢ 2020 ᠣᠨ ᠤ ᠠᠷᠪᠠᠨ ᠬᠣᠶᠠᠳᠤᠭᠠᠷ ᠰᠠᠷ᠎ᠠ ᠶᠢᠨ 22 ᠍ ᠤ ᠡᠳᠦᠷ ᠭᠠᠷᠭᠠᠯ᠎ᠠ᠃

ᠮᠣᠩ᠋ᠭᠣᠯᠴᠤᠳ ᠤᠨ ᠡᠷᠬᠢᠮᠯᠡᠨ ᠳᠡᠭᠡᠳᠦᠯᠡᠬᠦ ᠦᠨᠡᠲᠦ ᠵᠦᠢᠯᠡᠰ ᠢ ᠰᠤᠳᠤᠯᠤᠨ ᠲᠣᠳᠣᠷᠬᠠᠶᠢᠯᠠᠵᠤ᠂ 《ᠡᠷᠳᠡᠨᠢ ᠶᠢᠨ ᠰᠤᠳᠤᠷ》 ᠍ ᠲᠤ ᠲᠡᠮᠳᠡᠭᠯᠡᠨ ᠦᠯᠡᠳᠡᠭᠡᠭ᠍ᠰᠡᠨ ᠰᠣᠶᠣᠯ ᠤᠷᠠᠯᠢᠭ ᠤᠨ ᠶᠡᠬᠡ ᠰᠤᠷᠭᠠᠭᠤᠯᠢ᠂ ᠮᠣᠩ᠌ᠭᠣᠯ  ᠤᠨ ᠰᠢᠨᠵᠢᠯᠡᠬᠦ ᠤᠬᠠᠭᠠᠨ ᠤ ᠠᠺᠠᠳᠧᠮᠢ᠂ ᠶᠡᠬᠡ ᠳᠡᠭᠡᠳᠦ ᠰᠤᠷᠭᠠᠭᠤᠯᠢ ᠶᠢᠨ ᠡᠷᠳᠡᠮᠲᠡᠨ ᠰᠤᠳᠤᠯᠤᠭᠠᠴᠢᠳ ᠠᠴᠠ ᠭᠠᠷᠭᠠᠵᠤ ᠪᠤᠢ ᠰᠠᠨᠠᠯ᠂ ᠰᠠᠨᠠᠭᠠᠴᠢᠯᠠᠭ᠎ᠠ ᠶᠢ ᠮᠣᠩ᠌ᠭᠣᠯ ᠤᠯᠤᠰ ᠤᠨ ᠶᠡᠷᠦᠩᠬᠡᠶᠢᠯᠡᠭᠴᠢ ᠳᠡᠮᠵᠢᠵᠦ᠂ ᠮᠣᠩ᠌ᠭᠣᠯ ᠬᠦᠮᠦᠨ᠂ ᠭᠡᠷ ᠪᠦᠯᠢ᠂ ᠲᠥᠷᠦᠳᠦ ᠶᠣᠰᠣ᠂ ᠡᠬᠡ ᠨᠤᠲᠤᠭ᠂ ᠮᠣᠩ᠌ᠭᠣᠯ ᠬᠡᠯᠡ᠂ ᠡᠷᠳᠡᠮ ᠪᠣᠯᠪᠠᠰᠤᠷᠠᠯ᠂ ᠶᠣᠰᠣ ᠰᠤᠷᠲᠠᠬᠤᠨ᠂ ᠥᠪ ᠰᠣᠶᠣᠯ᠂ ᠨᠡᠭᠦᠳᠡᠯᠴᠢᠨ ᠤᠬᠠᠭᠠᠨ ᠢ ᠮᠣᠩ᠌ᠭᠣᠯ ᠲᠦᠮᠡᠨ ᠦ ᠡᠷᠬᠢᠮᠯᠡᠨ ᠳᠡᠭᠡᠳᠦᠯᠡᠬᠦ ᠦᠨᠡᠲᠦ ᠵᠦᠢᠯᠡᠰ ᠮᠥᠨ ᠬᠡᠮᠡᠨ ᠦᠵᠡᠵᠦ᠂ ᠳᠡᠭᠡᠷᠡᠬᠢ ᠵᠠᠷᠯᠢᠭ ᠢ ᠭᠠᠷᠭᠠᠵᠠᠢ᠃

ᠮᠣᠩ᠌ᠭᠣᠯ ᠤᠯᠤᠰ ᠤᠨ ᠶᠡᠷᠦᠩᠬᠡᠶᠢᠯᠡᠭᠴᠢ ᠶᠢᠨ ᠵᠠᠷᠯᠢᠭ ᠤᠨ ᠳᠠᠭᠠᠭᠤ᠄
《ᠡᠷᠳᠡᠨᠢ ᠶᠢᠨ ᠰᠤᠳᠤᠷ》 ᠍ᠳᠦ ᠲᠡᠮᠳᠡᠭᠯᠡᠨ ᠦᠯᠡᠳᠡᠭᠡᠭᠰᠡᠨ 《ᠮᠣᠩ᠌ᠭᠣᠯ ᠬᠦᠮᠦᠨ》᠂ 《ᠭᠡᠷ ᠪᠦᠯᠢ》᠂ 《ᠲᠥᠷᠥᠳᠦ ᠶᠣᠰᠣ》᠂ 《ᠡᠬᠡ ᠨᠤᠲᠤᠭ》᠂ 《ᠮᠣᠩ᠌ᠭᠣᠯ ᠬᠡᠯᠡ》᠂ 《ᠡᠷᠳᠡᠮ ᠪᠣᠯᠪᠠᠰᠤᠷᠠᠯ》᠂ 《ᠶᠣᠰᠣ ᠰᠤᠷᠲᠠᠬᠤᠨ》᠂ 《ᠥᠪ ᠰᠤᠶᠤᠯ》᠂ 《ᠨᠡᠭᠦᠳᠡᠯᠴᠢᠨ ᠤᠬᠠᠭᠠᠨ》 ᠍ ᠢ ᠬᠡᠦᠬᠡᠳ ᠲᠥ ᠪᠠᠭ᠎ᠠ ᠪᠠᠯᠴᠢᠷ ᠠᠴᠠ ᠨᠢ ᠣᠶᠢᠯᠠᠭᠠᠭᠤᠯᠵᠤ᠂ ᠤᠯᠠᠮ ᠢᠶᠠᠷ ᠪᠦᠬᠦ ᠱᠠᠲᠤᠨ ᠤ ᠪᠣᠯᠪᠠᠰᠤᠷᠠᠯ ᠤᠨ ᠪᠠᠶᠢᠭᠤᠯᠤᠯᠭ᠎ᠠ ᠶᠢᠨ ᠰᠤᠷᠭᠠᠯᠲᠠ ᠶᠢᠨ ᠠᠭᠤᠯᠭ᠎ᠠ ᠳᠤ ᠲᠤᠰᠬᠠᠨ ᠰᠤᠷᠤᠭᠴᠢ᠂ ᠣᠶᠤᠲᠠᠨ ᠵᠠᠯᠠᠭᠤᠴᠤᠳ ᠲᠤ ᠲᠠᠩᠬᠢᠮ ᠤᠨ ᠪᠣᠯᠤᠨ ᠲᠠᠩᠬᠢᠮ ᠤᠨ ᠪᠤᠰᠤ ᠰᠤᠷᠭᠠᠯᠲᠠ ᠪᠠᠷ ᠪᠠᠲᠤᠳᠬᠠᠨ ᠬᠥᠭᠵᠢᠭᠦᠯᠬᠦ ᠶᠢ ᠪᠣᠯᠪᠠᠰᠤᠷᠠᠯ ᠤᠨ ᠠᠰᠠᠭᠤᠳᠠᠯ ᠡᠷᠬᠢᠯᠡᠭᠰᠡᠨ ᠲᠥᠷᠥ ᠶᠢᠨ ᠵᠠᠬᠢᠷᠭᠠᠨ ᠤ ᠲᠥᠪ ᠪᠠᠶᠢᠭᠤᠯᠤᠯᠭ᠎ᠠ᠂ ᠨᠡᠶᠢᠲᠡ ᠪᠠᠭᠰᠢ᠂ ᠰᠤᠷᠭᠠᠨ ᠬᠦᠮᠦᠵᠢᠭᠦᠯᠦᠭᠴᠢ ᠨᠠᠷ ᠲᠤ ᠳᠠᠭᠠᠭᠠᠯᠭᠠᠪᠠ᠃

ᠮᠣᠩ᠌ᠭᠣᠯᠴᠤᠳ ᠤᠨ ᠡᠷᠬᠢᠮᠯᠡᠨ ᠳᠡᠭᠡᠳᠦᠯᠡᠬᠦ ᠦᠨᠡᠲᠦ ᠵᠦᠢᠯ ᠢ ᠤᠯᠤᠰ ᠣᠷᠣᠨ ᠤ ᠲᠡᠦᠬᠡᠨ ᠴᠠᠭ ᠦᠶ᠎ᠡ ᠶᠢᠨ ᠣᠨᠴᠠᠯᠢᠭ᠂ ᠦᠢᠯᠡ ᠶᠠᠪᠤᠳᠠᠯ ᠲᠠᠢ ᠤᠶᠠᠯᠳᠤᠭᠤᠯᠤᠨ ᠲᠥᠷᠥᠯ ᠵᠦᠢᠯ ᠢᠶᠡᠷ ᠨᠢ ᠪᠦᠷᠢᠳᠬᠡᠨ ᠲᠣᠪᠴᠢᠶᠠᠯᠠᠬᠤ᠂ ᠬᠤᠪᠢᠰᠤᠯ ᠥᠭᠡᠷᠡᠴᠢᠯᠡᠯᠲᠡ ᠶᠢᠨ ᠵᠦᠢ ᠲᠣᠭᠲᠠᠯ ᠢ ᠨᠢ ᠰᠤᠳᠤᠯᠵᠤ ᠲᠣᠳᠣᠷᠬᠠᠶᠢᠯᠠᠬᠤ ᠠᠵᠢᠯ ᠢ ᠰᠢᠨᠵᠢᠯᠡᠬᠦ ᠤᠬᠠᠭᠠᠨ ᠤ ᠠᠺᠠᠳᠧᠮᠢ᠂ ᠶᠡᠬᠡ᠂ ᠳᠡᠭᠡᠳᠦ ᠰᠤᠷᠭᠠᠭᠤᠯᠢ ᠶᠢᠨ ᠡᠷᠳᠡᠮᠲᠡᠨ ᠰᠤᠳᠤᠯᠤᠭᠠᠴᠢᠳ ᠲᠤ ᠬᠠᠷᠢᠭᠤᠴᠠᠭᠤᠯᠤᠯ᠎ᠠ᠃
ᠮᠣᠩ᠌ᠭᠣᠯᠴᠤᠳ ᠤᠨ ᠡᠷᠬᠢᠮᠯᠡᠨ ᠳᠡᠭᠡᠳᠦᠯᠡᠬᠦ ᠦᠨᠡᠲᠦ ᠵᠦᠢᠯᠡᠰ ᠢ ᠰᠤᠷᠲᠠᠯᠴᠢᠯᠠᠨ ᠲᠠᠨᠢᠭᠤᠯᠬᠤ᠂ ᠬᠦᠷᠲᠡᠭᠡᠨ ᠳᠡᠯᠭᠡᠷᠡᠭᠦᠯᠬᠦ᠂ ᠬᠦᠮᠦᠨ ᠪᠦᠷᠢ ᠶᠢᠨ ᠦᠨᠳᠦᠰᠦᠨ ᠦ ᠤᠬᠠᠮᠰᠠᠷ ᠲᠤ ᠰᠠᠭᠤᠯᠭᠠᠵᠤ᠂ ᠰᠡᠳᠬᠢᠯ ᠦᠨ ᠴᠢᠨᠠᠳᠤ ᠳᠤ ᠬᠦᠷᠭᠡᠨ ᠳᠠᠷᠬᠠᠯᠠᠭᠠᠵᠢᠭᠤᠯᠬᠤ ᠳᠤ ᠪᠣᠳᠠᠲᠠᠢ ᠬᠤᠪᠢ ᠨᠡᠮᠡᠷᠢ ᠣᠷᠣᠭᠤᠯᠵᠤ᠂ ᠣᠯᠠᠨ ᠲᠠᠯᠠᠲᠤ ᠠᠵᠢᠯ ᠢ ᠵᠣᠬᠢᠶᠠᠨ ᠪᠠᠶᠢᠭᠤᠯᠵᠤ ᠪᠠᠶᠢᠭ᠎ᠠ ᠢᠷᠭᠡᠳ᠂ ᠪᠠᠶᠢᠭᠤᠯᠤᠯᠭ᠎ᠠ᠂ ᠪᠠᠭᠰᠢ ᠰᠤᠷᠭᠠᠨ ᠬᠦᠮᠦᠵᠢᠭᠦᠯᠦᠭᠴᠢᠳ᠂ ᠡᠷᠳᠡᠮᠲᠡᠨ ᠰᠤᠳᠤᠯᠤᠭᠠᠴᠢᠳ ᠤᠨ ᠡᠭᠦᠰᠬᠡᠯ ᠰᠠᠨᠠᠭᠠᠴᠢᠯᠠᠭ᠎ᠠ ᠶᠢ ᠬᠥᠬᠢᠭᠦᠯᠦᠨ ᠳᠡᠮᠵᠢᠵᠦ ᠠᠵᠢᠯᠯᠠᠬᠤ ᠶᠢ ᠪᠦᠬᠦ ᠱᠠᠲᠤᠨ ᠤ ᠲᠥᠷᠦ ᠶᠢᠨ ᠪᠣᠯᠤᠨ ᠲᠥᠷᠦ ᠶᠢᠨ ᠪᠤᠰᠤ ᠪᠠᠶᠢᠭᠤᠯᠤᠯᠭ᠎ᠠ᠂ ᠣᠯᠠᠨ ᠨᠡᠶᠢᠲᠡ ᠶᠢᠨ ᠪᠣᠯᠤᠨ ᠴᠢᠯᠦᠭᠡᠲᠦ ᠷᠠᠳᠢᠣ᠋᠂ ᠲᠧᠯᠧᠸᠢᠽ᠂ ᠬᠡᠪᠯᠡᠯ ᠮᠡᠳᠡᠭᠡᠯᠡᠯ ᠦᠨ ᠪᠠᠶᠢᠭᠤᠯᠤᠯᠭ᠎ᠠ ᠨᠤᠭᠤᠳ ᠲᠤ ᠤᠷᠢᠶᠠᠯᠠᠪᠠ᠃