Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬᠠᠯᠲᠠᠮ᠎ᠠ ᠢᠢᠨ ᠪᠠᠲᠤᠲᠤᠯᠭ᠎ᠠ ᠳᠤ ᠶᠡᠷᠦᠩᠬᠡᠢ ᠰᠠᠢᠢᠳ ᠯ ∙ ᠣᠶᠤᠨ-ᠡᠷᠳᠡᠨᠢ ᠪᠠᠷᠠᠭᠠᠯᠬᠠᠯ᠎ᠠ

ᠤᠯᠤᠰ ᠤᠨ ᠶᠡᠬᠡ ᠬᠤᠷᠠᠯ ᠤᠨ ᠴᠢᠭᠤᠯᠭᠠᠨ ᠤ 2021 ᠣᠨ ᠤ ᠨᠢᠭᠡᠳᠦᠭᠡᠷ ᠰᠠᠷ᠎ᠠ ᠢᠢᠨ 27 ᠍ ᠤ ᠡᠳᠦᠷ ᠦᠨ ᠨᠢᠭᠡᠳᠦᠭᠰᠡᠨ ᠬᠤᠷᠠᠯᠳᠤᠭᠠᠨ ᠢᠶᠠᠷ ᠲᠣᠮᠢᠯᠠᠭᠳᠠᠭᠰᠠᠨ ᠮᠣᠩ᠋ᠭᠣᠯ ᠤᠯᠤᠰ ᠤᠨ ᠶᠡᠷᠦᠩᠬᠡᠢ ᠰᠠᠢᠢᠳ ᠯ ∙ ᠣᠶᠤᠨ-ᠡᠷᠳᠡᠨᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬᠠᠯᠲᠠᠮ᠎ᠠ ᠢᠢᠨ ᠪᠠᠲᠤᠲᠤᠯᠭ᠎ᠠ ᠳᠤ ᠪᠠᠷᠠᠭᠠᠯᠬᠠᠯ᠎ᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬᠠᠯᠲᠠᠮ᠎ᠠ ᠢᠢᠨ ᠪᠠᠲᠤᠲᠤᠯᠭ᠎ᠠ ᠡᠨᠡ ᠦᠶ᠎ᠡ ᠪᠡᠷ ᠮᠣᠩ᠋ᠭᠣᠯ ᠤᠯᠤᠰ ᠤᠨ ᠶᠡᠷᠦᠩᠬᠡᠢ ᠰᠠᠢᠢᠳ ᠯ ∙ ᠣᠶᠤᠨ-ᠡᠷᠳᠡᠨᠢ ᠳᠥ ᠬᠠᠨᠳᠤᠨ᠂

《ᠮᠣᠩ᠋ᠭᠣᠯ ᠤᠯᠤᠰ ᠤᠨ ᠶᠡᠷᠦᠩᠬᠡᠢ ᠰᠠᠢᠢᠳ ᠲᠤ ᠤᠯᠤᠰ ᠤᠨ ᠶᠡᠬᠡ ᠬᠤᠷᠠᠯ ᠪᠠᠷ ᠳᠡᠮᠵᠢᠭᠳᠡᠨ ᠬᠠᠷᠢᠭᠤᠴᠠᠯᠭ᠎ᠠ ᠲᠠᠢ ᠠᠯᠪᠠᠨ ᠡᠭᠦᠷᠭᠡ ᠪᠡᠨ ᠬᠦᠯᠢᠶᠡᠨ ᠠᠪᠴᠤ ᠪᠠᠢᠢᠭ᠎ᠠ ᠳᠤ ᠪᠠᠶᠠᠷ ᠬᠦᠷᠭᠡᠶ᠎ᠡ᠃

ᠥᠨᠥᠳᠥᠷ ᠡᠴᠡ ᠮᠣᠩ᠋ᠭᠣᠯ ᠤᠯᠤᠰ ᠤᠨ 32 ᠳᠠᠬᠢ ᠶᠡᠷᠦᠩᠬᠡᠢ ᠰᠠᠢᠢᠳ ᠯ ∙ ᠣᠶᠤᠨ-ᠡᠷᠳᠡᠨᠢ ᠭᠡᠵᠦ ᠣᠪᠣᠭᠯᠠᠭᠳᠠᠨ᠎ᠠ᠃ ᠮᠢᠨᠦ ᠬᠤᠪᠢ ᠳᠤ ᠨᠠᠢᠢᠮᠠ ᠳ᠋ᠠᠬᠢ ᠶᠡᠷᠦᠩᠬᠡᠢ ᠰᠠᠢᠢᠳ ᠲᠠᠢ ᠪᠠᠨ ᠬᠠᠮᠲᠤᠷᠠᠨ ᠠᠵᠢᠯᠯᠠᠵᠤ ᠪᠠᠢᠢᠨ᠎ᠠ᠃ ᠲᠠᠨ ᠤ ᠬᠤᠪᠢ ᠳᠤ᠂ ᠡᠮᠦᠨ᠎ᠡ ᠬᠠᠷᠢᠭᠤᠴᠠᠯᠭ᠎ᠠ ᠲᠠᠢ ᠠᠯᠪᠠᠨ ᠲᠤᠰᠢᠶᠠᠯ ᠤᠳ ᠬᠠᠰᠢᠵᠤ ᠪᠠᠢᠢᠭᠰᠠᠨ ᠲᠤᠯᠠ ᠠᠵᠢᠯ ᠬᠤᠷᠳᠤᠲᠠᠢ ᠶᠠᠪᠤᠨ᠎ᠠ ᠭᠡᠵᠦ ᠢᠲᠡᠭᠡᠵᠦ ᠪᠠᠢᠢᠭ᠎ᠠ᠃ ᠲᠠᠨ ᠢ ᠵᠠᠰᠠᠭ ᠤᠨ ᠭᠠᠵᠠᠷ ᠤᠨ ᠬᠡᠷᠡᠭ ᠡᠷᠬᠢᠯᠡᠬᠦ ᠭᠠᠵᠠᠷ ᠤᠨ ᠳᠠᠷᠤᠭ᠎ᠠ᠂ ᠮᠣᠩ᠋ᠭᠣᠯ ᠤᠯᠤᠰ ᠤᠨ ᠰᠠᠢᠢᠳ ᠪᠣᠯᠭᠠᠬᠤ ᠠᠰᠠᠭᠤᠳᠠᠯ ᠢᠶᠠᠷ ᠡᠮᠦᠨᠡᠬᠢ ᠶᠡᠷᠦᠩᠬᠡᠢ ᠰᠠᠢᠢᠳ ᠤ᠊ ∙ ᠬᠦᠷᠦᠯᠰᠦ᠋ᠬᠡ ᠲᠡᠢ ᠶᠠᠷᠢᠯᠴᠠᠵᠤ᠂ ᠬᠠᠮᠲᠤᠷᠠᠨ ᠠᠵᠢᠯᠯᠠᠬᠤ ᠲᠤᠬᠠᠢ ᠰᠠᠨᠠᠯ ᠰᠣᠯᠢᠯᠴᠠᠵᠤ ᠪᠠᠢᠢᠭᠰᠠᠨ᠃ ᠪᠢᠳᠡ ᠨᠠᠮ ᠬᠠᠷᠠᠭᠠᠯᠵᠠᠬᠤ ᠦᠭᠡᠢ ᠪᠡᠷ ᠬᠠᠮᠲᠤᠷᠠᠨ ᠠᠵᠢᠯᠯᠠᠵᠤ ᠪᠠᠢᠢᠭᠰᠠᠨ ᠭᠡᠳᠡᠭ ᠢ ᠳᠤᠷᠠᠳᠬᠤ ᠢᠢᠨ ᠵᠡᠷᠭᠡᠴᠡᠭᠡ ᠥᠩᠭᠡᠷᠡᠭᠰᠡᠨ ᠬᠤᠭᠤᠴᠠᠭᠠᠨ ᠳᠤ ᠬᠢᠵᠦ᠂ ᠬᠡᠷᠡᠭᠵᠢᠭᠦᠯᠵᠦ ᠢᠷᠡᠭᠰᠡᠨ ᠠᠵᠢᠯ ᠤᠳ ᠠᠴᠠ ᠲᠠᠨᠢᠯᠴᠠᠭᠤᠯᠬᠤ ᠨᠢ ᠵᠦᠢᠲᠡᠢ᠃ ᠵᠢᠱᠢᠶ᠎ᠡ ᠨᠢ᠂

《ᠰᠠᠯᠬᠢᠲᠤ ᠢᠢᠨ ᠮᠥᠩᠭᠥᠨ ᠦ ᠣᠷᠳᠣ》 ᠍ ᠤᠨ ᠬᠠᠤᠯᠢ ᠪᠤᠰᠤ ᠦᠢᠯᠡ ᠠᠵᠢᠯᠯᠠᠭ᠎ᠠ ᠢᠢ ᠲᠠᠰᠤᠯᠤᠨ ᠵᠣᠭᠰᠣᠭᠠᠵᠤ᠂ ᠣᠯᠠᠨ ᠮᠢᠩ᠋ᠭᠠᠨ ᠠᠬᠠᠮᠠᠳ ᠤᠳ ᠤᠨ 6 ᠰᠠᠶ᠎ᠠ ᠲᠥᠭᠥᠷᠢᠭ᠌ ᠬᠦᠷᠲᠡᠯᠡᠬᠢ ᠲᠡᠳᠬᠦᠪᠦᠷᠢ ᠢᠢᠨ ᠵᠡᠭᠡᠯᠢ ᠢᠢ ᠲᠡᠭᠯᠡᠵᠦ ᠴᠢᠳᠠᠯ᠎ᠠ᠃

ᠲᠡᠭᠦᠨᠴᠢᠯᠡᠨ ᠮᠣᠩ᠋ᠭᠣᠯ ᠤᠯᠤᠰ ᠤᠨ ᠵᠠᠰᠠᠭ ᠤᠨ ᠭᠠᠵᠠᠷ᠂ ᠰᠠᠯᠪᠤᠷᠢ ᠢᠢᠨ ᠰᠠᠢᠢᠳ ᠨᠢ ᠮᠡᠳᠡᠭᠡ ᠦᠭᠡᠢ ᠪᠠᠢᠢᠬᠤ ᠳᠤ 100 ᠠᠴᠠ ᠳᠡᠭᠡᠭ᠍ᠰᠢ ᠲᠣᠨ ᠠᠯᠲᠠᠨ ᠤ ᠨᠥᠭᠡᠴᠡ ᠲᠡᠢ 《ᠬᠠᠷᠮᠠᠭᠲᠠᠢ》 ᠣᠷᠳᠣ ᠭᠠᠵᠠᠷ ᠢ ᠭᠧᠣᠯᠣᠭᠢᠴᠢᠳ ᠲᠠᠢ ᠬᠠᠮᠲᠤ ᠢᠯᠡᠷᠡᠭᠦᠯᠦᠨ᠂ ᠭᠤᠷᠪᠠᠨ ᠰᠠᠷ᠎ᠠ ᠢᠢᠨ ᠬᠤᠭᠤᠴᠠᠭᠠᠨ ᠳᠤ 18 ᠮᠢᠩ᠋ᠭᠠᠨ ᠮᠧᠲ᠋ᠷ ᠤᠷᠲᠤ ᠥᠷᠥᠮ᠎ ᠢ ᠨᠢ ᠲᠠᠯᠪᠢᠵᠤ᠂ 53 ᠲᠣᠨ ᠠᠯᠲᠠ ᠲᠠᠢ ᠨᠥᠭᠡᠴᠡ ᠢᠢ ᠲᠣᠭᠲᠠᠭᠠᠵᠤ᠂ ᠵᠠᠰᠠᠭ ᠤᠨ ᠭᠠᠵᠠᠷ ᠲᠤ ᠬᠦᠯᠢᠶᠡᠯᠭᠡᠵᠦ ᠥᠭ᠍ᠭᠦᠭ᠍ᠰᠡᠨ ᠢ ᠡᠨᠳᠡ ᠴᠣᠬᠣᠨ ᠲᠡᠮᠳᠡᠭᠯᠡᠶ᠎ᠡ᠃ ᠡᠨᠡᠬᠦ ᠣᠷᠳᠣ ᠢᠢᠨ ᠠᠯᠲᠠᠨ ᠤ ᠨᠥᠭᠡᠴᠡ ᠴᠢᠨᠠᠭᠰᠢᠳᠠ ᠪᠠᠨ 100 ᠲᠣᠨ ᠣᠷᠴᠢᠮ ᠪᠣᠯᠬᠤ ᠪᠥᠭᠡᠳ ᠭᠧᠣᠯᠣᠭᠢᠴᠢᠳ ᠮᠠᠰᠢ ᠰᠠᠢᠢᠨ ᠠᠵᠢᠯᠯᠠᠭᠰᠠᠨ᠃ ᠡᠨᠡ ᠨᠢ ᠪᠠᠢᠢᠭᠠᠯ ᠤᠨ ᠪᠠᠶᠠᠯᠢᠭ ᠢ 3 ᠰᠠᠶ᠎ᠠ ᠮᠣᠩ᠋ᠭᠣᠯᠴᠤᠳ ᠲᠤ ᠪᠠᠨ ᠬᠤᠪᠢᠶᠠᠷᠢᠯᠠᠨ ᠥᠭᠴᠦ ᠪᠣᠯᠳᠠᠭ ᠢ ᠬᠠᠷᠠᠭᠤᠯᠤᠭᠰᠠᠨ ᠨᠢᠭᠡ ᠵᠢᠱᠢᠶ᠎ᠡ ᠶᠤᠮ᠃

ᠡᠨᠡ ᠪᠣᠯ 18 ᠮᠢᠩ᠋ᠭᠠᠨ ᠮᠧᠲ᠋ᠷ ᠥᠷᠦᠮᠳᠡᠭᠰᠡᠨ ᠥᠷᠥᠮᠳᠡᠯᠭᠡ ᠢᠢᠨ ᠨᠢᠭᠡ ᠬᠡᠰᠡᠭ᠂ ᠠᠯᠲᠠ ᠵᠡᠰ ᠦᠨ ᠮᠠᠰᠢ ᠲᠣᠮᠣ ᠣᠷᠳᠣ ᠢᠢᠨ ᠨᠢᠭᠡ ᠬᠡᠰᠡᠭ ᠭᠡᠰᠡᠨ ᠦᠭᠡ᠃ ᠥᠨᠥ ᠢᠢᠨ ᠬᠦᠨᠳᠦ ᠴᠠᠭ ᠦᠶ᠎ᠡ ᠳᠥ ᠡᠳ᠋ ᠍ ᠦᠨ ᠵᠠᠰᠠᠭ ᠢ ᠠᠪᠴᠤ ᠭᠠᠷᠬᠤ ᠪᠠᠰᠠ ᠨᠢᠭᠡ ᠪᠣᠯᠤᠮᠵᠢ ᠨᠢ ᠶᠤᠮ᠃ ᠥᠷᠥᠮᠳᠡᠯᠭᠡ ᠢᠢᠨ ᠦᠶ᠎ᠡ ᠪᠡᠷ ᠭᠠᠷᠤᠭᠰᠠᠨ ᠡᠨᠡᠬᠦ ᠳᠡᠭᠡᠵᠢ ᠢᠢ ᠬᠣᠶᠠᠷ ᠬᠤᠪᠢᠶᠠᠭᠠᠳ ᠨᠢᠭᠡ ᠬᠡᠰᠡᠭ ᠢ ᠶᠡᠷᠦᠩᠬᠡᠢ ᠰᠠᠢᠢᠳ ᠤ᠊ ∙ ᠬᠦᠷᠡᠯᠦᠰᠦ᠋ᠬᠡ ᠳᠥ ᠥᠭ᠍ᠭᠦᠭᠡᠳ᠂ ᠪᠢᠳᠡ ᠬᠣᠶᠠᠷ ᠠᠯᠲᠠᠨ ᠤ ᠪᠠᠨ 《ᠳᠣᠯᠢ》 ᠍ ᠢ ᠠᠪᠤᠯ᠎ᠠ ᠭᠡᠵᠦ ᠢᠨᠢᠶᠡᠵᠦ ᠶᠠᠷᠢᠵᠤ ᠪᠠᠢᠢᠯ᠎ᠠ᠃ ᠡᠨᠡ ᠠᠵᠢᠯ ᠤᠨ ᠲᠧ‍᠂ᠡ‍᠂ᠵᠠ‍᠂ᠦᠨᠳᠦᠰᠦᠯᠡᠯ ᠭᠤᠷᠪᠠᠨ ᠰᠠᠷ᠎ᠠ ᠢᠢᠨ ᠳᠤᠮᠳᠠᠭᠤᠷ ᠪᠡᠯᠡᠨ ᠪᠣᠯᠬᠤ ᠪᠥᠭᠡᠳ ᠴᠢᠨᠠᠭᠰᠢᠳᠠ ᠦᠷᠭᠦᠯᠵᠢᠯᠡᠬᠦ ᠶᠣᠰᠣᠲᠠᠢ ᠰᠢᠦ᠃

ᠮᠥᠨ 2019 ᠣᠨ ᠤ ᠶᠢᠰᠦᠳᠦᠭᠡᠷ ᠰᠠᠷ᠎ᠠ ᠳᠤ ᠣᠷᠣᠰ ᠤᠨ ᠬᠣᠯᠪᠣᠭᠠᠨ ᠤ ᠤᠯᠤᠰ ᠤᠨ ᠶᠡᠷᠦᠩᠬᠡᠢᠢᠯᠡᠭᠴᠢ ᠸᠯᠠᠳᠢᠮᠢᠷ ᠸᠯᠠᠳᠢᠮᠢᠷᠣᠸᠢᠴ ᠫᠦᠲ᠋ᠢᠨ ᠮᠣᠩ᠋ᠭᠣᠯ ᠤᠯᠤᠰ ᠲᠤ ᠠᠯᠪᠠᠨ ᠶᠣᠰᠣᠨ ᠤ ᠠᠢᠢᠯᠴᠢᠯᠠᠯ ᠬᠢᠬᠦ ᠦᠶ᠎ᠡ ᠪᠡᠷ᠂ ᠣᠷᠣᠰ ᠤᠨ ᠬᠣᠯᠪᠣᠭᠠᠨ ᠤ ᠤᠯᠤᠰ ᠠᠴᠠ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ᠂ ᠮᠣᠩ᠋ᠭᠣᠯ ᠤᠯᠤᠰ ᠢᠶᠠᠷ ᠳᠠᠮᠵᠢᠨ ᠥᠩᠭᠡᠷᠡᠭᠦᠯᠵᠦ᠂ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠢᠢᠨ ᠵᠠᠬ᠎ᠠ ᠵᠡᠭᠡᠯᠢ ᠳᠡᠭᠡᠷ᠎ᠡ ᠨᠡᠢᠢᠯᠡᠭᠦᠯᠬᠦ ᠬᠡᠢ ᠢᠢᠨ ᠬᠣᠭᠣᠯᠠᠢ ᠢᠢᠨ ᠠᠰᠠᠭᠤᠳᠠᠯ ᠳᠡᠭᠡᠷ᠎ᠡ ᠡᠷᠴᠢᠮᠲᠡᠢ ᠰᠠᠨᠠᠭᠠᠴᠢᠯᠠᠭ᠎ᠠ ᠲᠠᠢ ᠠᠵᠢᠯᠯᠠᠬᠤ ᠪᠠᠷ ᠪᠣᠯᠤᠭᠰᠠᠨ᠃ ᠲᠤᠬᠠᠢ ᠢᠢᠨ ᠣᠨ ᠤ 12 ᠳ᠋ᠤᠭᠠᠷ ᠰᠠᠷ᠎ᠠ ᠳᠤ ᠶᠡᠷᠦᠩᠬᠡᠢ ᠰᠠᠢᠢᠳ ᠤ᠊ ∙ ᠬᠦᠷᠡᠯᠰᠦ᠋ᠬᠡ ᠣᠷᠣᠰ ᠤᠨ ᠬᠣᠯᠪᠣᠭᠠᠨ ᠤ ᠤᠯᠤᠰ ᠳᠥ ᠠᠢᠢᠯᠴᠢᠯᠠᠯ ᠬᠢᠬᠦ ᠦᠶ᠎ᠡ ᠪᠡᠷ ᠠᠵᠢᠯ ᠬᠡᠷᠡᠭ ᠪᠣᠯᠵᠤ᠂ ᠲᠧ‍᠂ᠡ‍᠂ᠵᠠ‍᠂ᠦᠨᠳᠦᠰᠦᠯᠡᠯ ᠮᠠᠰᠢ ᠤᠷᠤᠭᠰᠢᠲᠠᠢ ᠶᠠᠪᠤᠵᠤ ᠪᠠᠢᠢᠭ᠎ᠠ ᠢᠢ ᠳᠤᠷᠠᠳᠤᠭᠰᠠᠨ᠃ ᠶᠠᠭ ᠣᠳᠣ ᠴᠠᠷ᠎ᠠ ᠲᠠᠬᠤᠯ᠂ ᠵᠤᠳ ᠨᠡᠭᠦᠷᠯᠡᠭᠰᠡᠨ ᠡᠨᠡ ᠴᠠᠭ ᠲᠤ ᠡᠨᠡᠬᠦ ᠴᠢᠬᠤᠯᠠ ᠠᠰᠠᠭᠤᠳᠠᠯ ᠢ ᠮᠣᠩ᠋ᠭᠣᠯ ᠤᠯᠤᠰ ᠤᠨ ᠰᠢᠳᠠᠷ ᠰᠠᠢᠢᠳ ᠤᠨ ᠡᠷᠬᠢᠯᠡᠬᠦ ᠠᠰᠠᠭᠤᠳᠠᠯ ᠤᠨ ᠬᠦᠷᠢᠶᠡᠨ ᠳᠥ ᠪᠠᠢᠢᠯᠭᠠᠬᠤ ᠨᠢ ᠵᠥᠪ ᠦᠦ ᠭᠡᠳᠡᠭ ᠢ ᠦᠨᠳᠦᠰᠦᠨ ᠦ ᠠᠶᠤᠯ ᠦᠭᠡᠢ ᠪᠠᠢᠢᠳᠠᠯ ᠤᠨ ᠵᠥᠪᠯᠡᠯ ᠦᠨ ᠬᠤᠷᠠᠯ ᠢᠶᠠᠷ ᠬᠡᠯᠡᠯᠴᠡᠬᠦ ᠨᠢ ᠵᠦᠢᠲᠡᠢ᠃ ᠤᠴᠢᠷ ᠨᠢ ᠮᠣᠩ᠋ᠭᠣᠯ ᠤᠯᠤᠰ ᠤᠨ ᠰᠢᠳᠠᠷ ᠰᠠᠢᠢᠳ ᠢᠶᠠᠷ ᠠᠵᠢᠯᠯᠠᠵᠤ ᠪᠠᠢᠢᠭᠰᠠᠨ ᠶᠠ᠊ ∙ ᠰᠣᠳᠤᠪᠠᠭᠠᠲᠤᠷ ᠮᠠᠰᠢ ᠶᠡᠬᠡ ᠠᠴᠢᠶᠠᠯᠠᠯ ᠲᠠᠢ ᠪᠠᠢᠢᠭᠰᠠᠨ ᠲᠤᠯᠠ ᠬᠡᠢ ᠢᠢᠨ ᠬᠣᠭᠣᠯᠠᠢ ᠢᠢᠨ ᠠᠰᠠᠭᠤᠳᠠᠯ ᠬᠣᠴᠣᠷᠤᠭᠳᠠᠬᠤ ᠲᠠᠯ᠎ᠠ ᠠᠩᠵᠠᠭᠠᠷᠠᠭᠳᠠᠯ᠎ᠠ᠃ ᠡᠨᠡ ᠨᠢ ᠨᠥᠭᠥᠭᠡ ᠲᠠᠯ᠎ᠠ ᠳᠤ ᠮᠣᠩ᠋ᠭᠣᠯᠴᠤᠳ ᠡᠨᠡ ᠠᠰᠠᠭᠤᠳᠠᠯ ᠳᠤ ᠬᠠᠢᠢᠩ᠋ᠭᠤ ᠬᠠᠨᠳᠤᠵᠤ ᠪᠠᠢᠢᠨ᠎ᠠ ᠭᠡᠰᠡᠨ ᠣᠢᠢᠯᠠᠭᠠᠯᠲᠠ ᠢᠢ ᠲᠥᠷᠥᠭᠦᠯᠬᠦ ᠪᠤᠢ᠃ ᠡᠢᠢᠮᠦ ᠡᠴᠡ ᠲᠠ ᠦᠨᠳᠦᠰᠦᠨ ᠦ ᠠᠶᠤᠯ ᠦᠭᠡᠢ ᠪᠠᠢᠢᠳᠠᠯ ᠤᠨ ᠵᠥᠪᠯᠡᠯ ᠢᠢᠨ ᠭᠡᠰᠢᠭᠦᠨ ᠪᠣᠯᠵᠤ ᠪᠠᠢᠢᠭ᠎ᠠ ᠲᠤᠯᠠ ᠡᠨᠡ ᠠᠰᠠᠭᠤᠳᠠᠯ ᠢ ᠦᠨᠳᠦᠰᠦᠨ ᠦ ᠠᠶᠤᠯ ᠦᠭᠡᠢ ᠪᠠᠢᠢᠳᠠᠯ ᠤᠨ ᠵᠥᠪᠯᠡᠯ ᠳᠡᠭᠡᠷ᠎ᠡ ᠠᠪᠴᠤ ᠨᠤᠬᠤᠴᠠᠲᠠᠢ ᠰᠢᠢᠳᠪᠦᠷᠢ ᠭᠠᠷᠭᠠᠬᠤ ᠨᠢ ᠵᠦᠢᠲᠡᠢ ᠭᠡᠵᠦ ᠬᠠᠷᠠᠵᠤ ᠪᠠᠢᠢᠨ᠎ᠠ᠃

ᠮᠣᠩ᠋ᠭᠣᠯ ᠤᠯᠤᠰ ᠤᠨ ᠵᠦᠭ ᠡᠴᠡ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠳᠠᠷᠤᠭ᠎ᠠ ᠰᠢ ᠵᠢᠨᠫᠢᠩ ᠳᠥ ᠵᠠᠬᠢᠳᠠᠯ ᠢᠯᠡᠭᠡᠭᠰᠡᠨ ᠦ ᠳᠠᠭᠠᠭᠤ ᠥᠩᠭᠡᠷᠡᠭᠰᠡᠨ ᠵᠢᠯ 6 ᠶᠡᠬᠡ ᠨᠠᠶᠤᠳ ᠲᠥᠭᠥᠷᠢᠭ᠌ ᠦᠨ ᠦᠨᠳᠦᠰᠦᠨ ᠦ ᠮᠥᠩᠭᠥᠨ ᠲᠡᠮᠳᠡᠭᠲᠦ ᠰᠤᠯᠢᠯᠴᠠᠬᠤ ᠬᠡᠯᠡᠴᠡᠯ ᠢ 3 ᠵᠢᠯ ᠦᠨ ᠬᠤᠭᠤᠴᠠᠭ᠎ᠠ ᠲᠠᠢ ᠪᠠᠷ ᠰᠤᠩ᠋ᠭᠠᠭᠰᠠᠨ᠃ ᠡᠨᠡ ᠨᠢ ᠮᠠᠨ ᠤ ᠤᠯᠤᠰ ᠤᠨ ᠵᠦᠭ ᠡᠴᠡ ᠡᠨᠡ ᠬᠡᠮᠵᠢᠶ᠎ᠡ ᠪᠡᠷ ᠤᠯᠭᠤᠬᠤ ᠪᠠᠢᠢᠭᠰᠠᠨ ᠲᠥᠯᠥᠪᠦᠷᠢ ᠢᠢᠨ ᠳᠠᠷᠤᠮᠲᠠ ᠢᠢ ᠴᠢᠯᠦᠭᠡᠯᠡᠭᠰᠡᠨ ᠭᠡᠰᠡᠨ ᠦᠭᠡ᠃ ᠰᠠᠶ᠋ᠢᠬᠠᠨ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠡᠯᠴᠢᠨ ᠰᠠᠢᠢᠳ ᠲᠠᠢ ᠠᠭᠤᠯᠵᠠᠵᠤ ᠭᠤᠷᠪᠠᠨ ᠵᠢᠯ ᠦᠨ ᠬᠡᠯᠡᠯᠴᠡᠭᠡᠷ ᠢ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠭᠠᠳᠠᠭᠠᠳᠤ ᠬᠡᠷᠡᠭ ᠦᠨ ᠰᠠᠢᠢᠳ ᠸᠠᠩ ᠢ‍ ᠮᠣᠩ᠋ᠭᠣᠯ ᠤᠯᠤᠰ ᠲᠤ ᠠᠢᠢᠯᠴᠢᠯᠠᠬᠤ ᠦᠶ᠎ᠡ ᠪᠡᠷ ᠴᠢᠨᠠᠭᠰᠢᠳᠠ 20 ᠬᠦᠷᠲᠡᠯᠡᠬᠢ ᠵᠢᠯ ᠦᠨ ᠬᠤᠭᠤᠴᠠᠭ᠎ᠠ ᠪᠠᠷ ᠰᠤᠩ᠋ᠭᠠᠵᠤ ᠥᠭ᠍ᠬᠦ ᠰᠠᠨᠠᠯ ᠢ ᠲᠠᠯᠪᠢᠭᠰᠠᠨ ᠪᠠᠢᠢᠭ᠎ᠠ᠃ ᠡᠨᠡ ᠠᠰᠠᠭᠤᠳᠠᠯ ᠰᠢᠢᠳᠦᠭᠳᠡᠬᠦ ᠪᠡᠷ ᠴᠢᠨᠠᠭᠰᠢᠳᠠ 2 ᠲᠡᠷᠪᠤᠮ ᠠᠮ‍.ᠳ᠋ᠣᠯᠯᠠᠷ ᠲᠠᠢ ᠲᠡᠩᠴᠡᠬᠦ ᠬᠡᠮᠵᠢᠶᠡᠨ ᠦ ᠮᠥᠩᠭᠥ ᠴᠢᠯᠦᠭᠡᠯᠡᠭᠳᠡᠬᠦ ᠶᠤᠮ᠃ ᠢᠩᠭᠢᠭᠰᠡᠨ ᠢᠶᠡᠷ ᠴᠠᠷ᠎ ᠲᠠᠬᠤᠯ ᠤᠨ ᠬᠦᠨᠳᠦ ᠴᠠᠭ ᠲᠤ ᠢᠷᠭᠡᠳ ᠢᠶᠡᠨ ᠪᠣᠯᠤᠨ ᠠᠵᠤ ᠠᠬᠤᠢ ᠢᠢᠨ ᠨᠢᠭᠡᠴᠡ ᠍ ᠨᠦᠭᠦᠳ ᠲᠦ ᠲᠤᠰᠠᠯᠠᠵᠤ ᠪᠣᠯᠬᠤ ᠡᠳ᠋ ᠍ ᠦᠨ ᠵᠠᠰᠠᠭ ᠤᠨ ᠪᠣᠯᠤᠮᠵᠢ ᠢᠢ ᠰᠤᠳᠤᠯᠵᠤ᠂ ᠪᠤᠰᠤᠳ ᠤᠯᠤᠰ ᠣᠷᠣᠨ ᠨᠤᠭᠤᠳ ᠲᠤ ᠠᠪᠴᠤ ᠬᠡᠷᠡᠭᠵᠢᠭᠦᠯᠵᠦ ᠪᠤᠢ ᠠᠷᠭ᠎ᠠ ᠬᠡᠮᠵᠢᠶᠡᠨ ᠦ ᠵᠢᠱᠢᠭ ᠢᠶᠡᠷ ᠢᠷᠭᠡᠳ ᠢᠶᠡᠨ ᠳᠡᠮᠵᠢᠬᠦ ᠲᠥᠯᠥᠪᠯᠡᠭᠡ ᠢᠢ ᠭᠠᠷᠭᠠᠭᠰᠠᠨ᠃ ᠡᠨᠡ ᠲᠥᠯᠥᠪᠯᠡᠭᠡ ᠤ᠊ ∙ ᠬᠦᠷᠡᠯᠰᠦ᠋ᠬᠡ ᠶᠡᠷᠦᠩᠬᠡᠢ ᠰᠠᠢᠢᠳ ᠤᠨ ᠰᠢᠷᠡᠭᠡᠨ ᠳᠡᠭᠡᠷ᠎ᠡ ᠪᠠᠢᠢᠭ᠎ᠠ ᠢᠢ ᠰᠢᠨ᠎ᠡ ᠶᠡᠷᠦᠩᠬᠡᠢ ᠰᠠᠢᠢᠳ ᠵᠠᠪᠠᠯ ᠣᠯᠵᠤ ᠲᠠᠨᠢᠯᠴᠠᠭᠠᠷᠠᠢ᠃ ᠪᠢᠳᠡ ᠠᠷᠠᠳᠴᠢᠯᠠᠭᠰᠠᠨ ᠨᠠᠮ᠂ ᠮᠣᠩ᠋ᠭᠤᠯ ᠠᠷᠠᠳ ᠤᠨ ᠨᠠᠮ᠂ ᠪᠤᠰᠤᠳ ᠭᠡᠵᠦ ᠲᠠᠯᠠᠴᠠᠬᠤ ᠪᠤᠰᠤ ᠬᠠᠷᠢᠨ ᠠᠷᠠᠳ ᠲᠦᠮᠡᠨ ᠦ ᠪᠡᠨ ᠲᠥᠯᠥᠭᠡ ᠬᠠᠮᠲᠤ ᠳᠤ ᠪᠠᠨ ᠠᠵᠢᠯᠯᠠᠵᠤ ᠪᠠᠢᠢᠵᠤ ᠴᠠᠷ ᠲᠠᠬᠤᠯ ᠢ ᠳᠠᠪᠠᠨ ᠲᠤᠭᠤᠯᠵᠤ ᠴᠢᠳᠠᠨ᠎ᠠ᠃

ᠮᠥᠨ ᠥᠩᠭᠡᠷᠡᠭᠰᠡᠨ ᠬᠤᠭᠤᠴᠠᠭᠠᠨ ᠳᠤ ᠡᠬᠢᠯᠡᠭᠦᠯᠦᠭᠰᠡᠨ ᠲᠡᠮᠦᠷ ᠵᠠᠮ ᠤᠨ ᠪᠦᠲᠦᠭᠡᠨ ᠪᠠᠢᠢᠭᠤᠯᠤᠯᠲᠠ ᠢᠢᠨ ᠠᠵᠢᠯ ᠢ ᠬᠠᠮᠲᠤ ᠳᠤ ᠪᠠᠨ ᠳᠠᠭᠤᠰᠬᠠᠬᠤ ᠶᠣᠰᠣᠲᠠᠢ᠃ ᠥᠨᠥᠳᠥᠷ ᠡᠴᠡ ᠡᠬᠢᠯᠡᠨ ᠠᠵᠢᠯ ᠳᠤ ᠪᠠᠨ ᠰᠢᠭᠤᠷᠬᠠᠢᠢᠯᠠᠨ ᠣᠷᠣᠨ᠎ᠠ ᠭᠡᠳᠡᠭ ᠲᠥ ᠢᠲᠡᠭᠡᠵᠦ ᠪᠠᠢᠢᠨ᠎ᠠ᠃

ᠲᠠ ᠥᠨᠥᠳᠥᠷ ᠴᠢᠭᠤᠯᠭᠠᠨ ᠤ ᠬᠤᠷᠠᠯᠳᠤᠭᠠᠨ ᠤ ᠦᠶ᠎ᠡ ᠪᠡᠷ ᠵᠠᠰᠠᠭ ᠤᠨ ᠭᠠᠵᠠᠷ ᠣᠭ᠍ᠶᠤ ᠲᠣᠯᠣᠭᠠᠢ ᠢᠢᠨ ᠠᠵᠢᠯ ᠤᠨ ᠬᠡᠰᠡᠭ ᠲᠥ ᠰᠥᠷᠭᠦ ᠬᠦᠴᠦᠨ ᠡᠴᠡ ᠪᠣᠯᠤᠨ ᠤᠯᠤᠰ ᠤᠨ ᠶᠡᠬᠡ ᠬᠤᠷᠠᠯ ᠢᠢᠨ ᠭᠡᠰᠢᠭᠦᠨ ᠰ ∙ ᠭᠠᠩᠪᠠᠭᠠᠲᠤᠷ ᠢ ᠤᠷᠤᠭᠤᠯᠬᠤ ᠲᠠᠯ᠎ᠠ ᠪᠠᠷ ᠳᠤᠷᠠᠳᠤᠯ᠎ᠠ᠃ ᠣᠭ᠍ᠶᠤ ᠲᠣᠯᠣᠭᠠᠢ ᠢᠢᠨ ᠠᠰᠠᠭᠤᠳᠠᠯ ᠳᠡᠭᠡᠷ᠎ᠡ ᠤᠯᠤᠰ ᠤᠨ ᠶᠡᠬᠡ ᠬᠤᠷᠠᠯ ᠢᠢᠨ ᠭᠡᠰᠢᠭᠦᠨ ᠨ ∙ ᠠᠯᠲᠠᠩ᠋ᠬᠤᠶᠠᠭ ᠮᠣᠩ᠋ᠭᠣᠯ ᠤᠯᠤᠰ ᠤᠨ ᠶᠡᠷᠦᠩᠬᠡᠢ ᠰᠠᠢᠢᠳ ᠪᠠᠢᠢᠭᠰᠠᠨ ᠤ ᠬᠤᠪᠢ ᠳᠤ ᠶᠡᠬᠡ ᠲᠦᠰᠢᠭ ᠪᠣᠯᠤᠨ᠎ᠠ᠃ ᠣᠯᠠᠨ ᠨᠡᠢᠢᠲᠡ ᠢᠢᠨ ᠠᠩ᠋ᠬᠠᠷᠤᠯ ᠤᠨ ᠲᠥᠪ ᠲᠥ ᠪᠠᠢᠢᠭ᠎ᠠ ᠣᠭ᠍ᠶᠤ ᠲᠣᠯᠣᠭᠠᠢ ᠢᠢᠨ ᠭᠡᠷ᠎ᠡ ᠢᠢᠨ ᠠᠰᠠᠭᠤᠳᠠᠯ ᠢᠶᠠᠷ ᠮᠠᠨ ᠤ ᠵᠦᠭ ᠡᠴᠡ ᠮᠥᠨ ᠰᠠᠨᠠᠯ ᠢᠶᠠᠨ ᠥᠭ᠍ᠭᠦᠭᠰᠡᠨ ᠪᠠᠢᠢᠭ᠎ᠠ᠃

ᠲᠠᠨ ᠤ ᠬᠤᠪᠢ ᠳᠤ ᠵᠢᠭ᠌ᠰᠠᠭᠠᠯ ᠴᠤᠭᠯᠠᠭᠠᠨ ᠵᠣᠬᠢᠶᠠᠨ ᠪᠠᠢᠢᠭᠤᠯᠵᠤ ᠪᠠᠢᠢᠭᠰᠠᠨ᠂ ᠨᠡᠢᠢᠭᠡᠮ ᠤᠨ ᠪᠤᠬᠢᠨᠢᠳᠤᠯ ᠶᠠᠮᠠᠷ ᠪᠠᠢᠢᠳᠠᠭ ᠢ ᠣᠢᠢᠯᠠᠭᠠᠳᠠᠭ ᠨᠢᠭᠡᠨ ᠭᠡᠵᠦ ᠬᠠᠷᠠᠵᠤ ᠪᠠᠢᠢᠨ᠎ᠠ᠃ ᠲᠡᠢᠢᠮᠦ ᠡᠴᠡ ᠶᠡᠷᠦᠩᠬᠡᠢᠢᠯᠡᠭᠴᠢ ᠢᠢᠨ ᠬᠤᠪᠢ ᠳᠤ ᠰᠢᠨ᠎ᠡ ᠶᠡᠷᠦᠩᠬᠡᠢ ᠰᠠᠢᠢᠳ ᠣᠳᠣ ᠭᠠᠷᠤᠭᠠᠳ ᠤᠯᠤᠰ ᠤᠨ ᠶᠡᠬᠡ ᠬᠤᠷᠠᠯ ᠢᠢᠨ ᠭᠡᠰᠢᠭᠦᠨ ᠰ ∙ ᠭᠠᠩᠪᠠᠭᠠᠲᠤᠷ ᠤᠨ ᠥᠯᠥᠰᠬᠦᠯᠡᠩ ᠢ ᠵᠣᠭᠰᠣᠭᠠᠬᠤ ᠠᠰᠠᠭᠤᠳᠠᠯ ᠳᠤ ᠠᠩ᠋ᠬᠠᠷᠤᠯ ᠢᠶᠠᠨ ᠬᠠᠨᠳᠤᠭᠤᠯᠤᠭᠠᠷᠠᠢ᠃

ᠬᠠᠮᠲᠤ ᠳᠤ ᠪᠠᠨ ᠭᠤᠷᠪᠠᠨ ᠰᠠᠶ᠎ᠠ ᠮᠣᠩ᠋ᠭᠣᠯᠴᠤᠳ ᠤᠨ ᠢᠶᠠᠨ ᠲᠥᠯᠥᠭᠡ᠂ ᠡᠯᠢᠭᠡ ᠪᠡᠷ ᠢᠶᠡᠨ ᠬᠡᠪᠲᠡᠭᠰᠡᠨ ᠡᠳ᠋ ᠍ ᠦᠨ ᠵᠠᠰᠠᠭ ᠢᠶᠠᠨ ᠰᠡᠷᠭᠦᠭᠡᠬᠦ ᠢᠢᠨ ᠲᠥᠯᠥᠭᠡ ᠬᠠᠮᠲᠤᠷᠠᠨ ᠠᠵᠢᠯᠯᠠᠨ᠎ᠠ ᠭᠡᠳᠡᠭ ᠲᠥ ᠢᠲᠡᠭᠡᠯ ᠲᠡᠢ ᠪᠠᠢᠢᠨ᠎ᠠ᠃

ᠮᠣᠩ᠋ᠭᠣᠯ ᠤᠨ ᠲᠥᠷᠥ ᠭᠠᠩ᠋ᠬᠤᠬᠤ ᠦᠭᠡᠢ ᠪᠠᠲᠤ ᠪᠥᠬᠡ᠂ ᠮᠣᠩ᠋ᠭᠣᠯ ᠤᠨ ᠠᠷᠠᠳ ᠲᠦᠮᠡᠨ ᠵᠣᠪᠠᠬᠤ ᠦᠭᠡᠢ ᠡᠷᠡᠭᠦᠯ ᠰᠠᠷᠠᠭᠤᠯ ᠪᠠᠢᠢᠬᠤ ᠢᠢᠨ ᠲᠥᠯᠥᠭᠡ ᠬᠠᠮᠲᠤᠷᠠᠵᠤ ᠠᠵᠢᠯᠯᠠᠶ᠎ᠠ᠃ ᠠᠮᠵᠢᠯᠲᠠ ᠬᠦᠰᠡᠶ᠎ᠡ》 ᠭᠡᠯ᠎ᠡ᠃