Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠡᠮᠭᠡᠨᠢᠯ ᠢᠯᠡᠷᠬᠡᠢᠢᠯᠡᠪᠡ

ᠮᠠᠨ ᠤ ᠤᠯᠤᠰ ᠲᠤ ᠨᠢᠭᠤᠷᠯᠠᠭᠰᠠᠨ ᠪᠠᠢᠢᠭᠠᠯᠢ ᠢᠢᠨ ᠭᠠᠮᠰᠢᠭᠲᠤ ᠦᠵᠡᠭᠳᠡᠯ ᠦᠨ ᠤᠯᠠᠮ ᠠᠴᠠ 10 ᠢᠷᠭᠡᠨ᠂ ᠲᠡᠭᠦᠨ ᠦ ᠳᠣᠲᠣᠷ᠎ᠠ ᠬᠣᠶᠠᠷ ᠬᠡᠦᠬᠡᠳ ᠠᠮᠢ ᠨᠠᠰᠤ ᠪᠠᠨ ᠠᠯᠳᠠᠵᠤ ᠨᠥᠬᠥᠵᠦ ᠪᠠᠷᠠᠰᠢ ᠦᠭᠡᠢ ᠭᠠᠷᠤᠵᠠ ᠲᠣᠬᠢᠶᠠᠭᠰᠠᠨ ᠳᠤ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠬᠤᠪᠢ ᠳᠤ ᠭᠦᠨ᠎ᠡ ᠬᠠᠷᠠᠮᠰᠠᠵᠤ᠂ ᠡᠮᠭᠡᠨᠢᠯ ᠢᠯᠡᠷᠬᠡᠢᠢᠯᠡᠵᠦ ᠪᠠᠢᠢᠨ᠎ᠠ᠃

ᠪᠠᠢᠢᠭᠠᠯᠢ  ᠢᠢᠨ ᠭᠠᠮᠰᠢᠭᠲᠤ ᠦᠵᠡᠭᠳᠡᠯ ᠦᠨ ᠤᠯᠠᠮ ᠠᠴᠠ 590 ᠢᠷᠭᠡᠨ ᠰᠤᠷᠠᠭ ᠦᠭᠡᠢ ᠠᠯᠠᠭ᠎ᠠ ᠪᠣᠯᠤᠭᠰᠠᠨ ᠴᠤ ᠡᠷᠢᠨ ᠬᠠᠢᠢᠬᠤ ᠠᠵᠢᠯᠯᠠᠭ᠎ᠠ ᠬᠢᠭ᠍ᠰᠡᠨ ᠦ ᠦᠷ᠎ᠡ ᠳ᠋ᠦᠩ ᠳᠥ 579 ᠢᠷᠭᠡᠨ ᠡᠰᠡᠨ ᠮᠡᠨᠳᠦ ᠣᠯᠳᠠᠵᠤ᠂ ᠨᠢᠭᠡ ᠢᠷᠭᠡᠨ ᠢ ᠡᠷᠢᠨ ᠬᠠᠢᠢᠬᠤ ᠠᠵᠢᠯᠯᠠᠭ᠎ᠠ ᠦᠷᠭᠦᠯᠵᠢᠯᠡᠭᠰᠡᠭᠡᠷ ᠪᠠᠢᠢᠨ᠎ᠠ᠃

ᠪᠠᠢᠢᠭᠠᠯᠢ ᠴᠠᠭ ᠠᠭᠤᠷ ᠤᠨ ᠡᠷᠬᠡ ᠪᠡᠷ ᠠᠮᠢᠳᠤᠷᠠᠳᠠᠭ ᠮᠠᠯᠴᠢᠨ ᠲᠦᠮᠡᠨ ᠳᠥ ᠲᠤᠯᠭᠠᠷᠠᠭᠰᠠᠨ ᠪᠠᠢᠢᠭᠠᠯ ᠢᠢᠨ ᠳᠠᠪᠠᠭᠳᠠᠰᠢ ᠦᠭᠡᠢ ᠬᠦᠴᠦᠨ ᠵᠦᠢᠯᠡᠰ ᠴᠢᠨᠠᠭᠰᠢᠳᠠ ᠴᠤ ᠳᠠᠬᠢᠨ ᠨᠢᠭᠤᠷᠯᠠᠬᠤ ᠦᠭᠡᠢ ᠭᠡᠬᠦ ᠪᠠᠲᠤᠯᠠᠭ᠎ᠠ ᠪᠠᠢᠢᠬᠤ ᠦᠭᠡᠢ ᠲᠤᠯᠠ ᠪᠢᠳᠡ ᠡᠷᠳᠡᠨᠢᠲᠦ ᠬᠦᠮᠦᠨ ᠦ ᠠᠮᠢ ᠨᠠᠰᠤ ᠢᠢ ᠬᠠᠮᠠᠭᠠᠯᠠᠬᠤ᠂ ᠳᠠᠪᠠᠭᠳᠠᠰᠢ ᠦᠭᠡᠢ ᠨᠥᠬᠥᠴᠡᠯ ᠪᠠᠢᠢᠳᠠᠯ ᠤᠨ ᠦᠶ᠎ᠡ ᠳᠥ ᠮᠠᠯᠴᠢᠳ ᠪᠣᠯᠤᠨ ᠣᠨᠴᠤᠭᠤᠢ ᠪᠠᠢᠢᠳᠠᠯ ᠤᠨ ᠠᠯᠪᠠᠨ ᠬᠠᠭᠠᠭᠴᠢᠳ ᠬᠡᠷᠬᠢᠨ ᠮᠡᠳᠡᠭᠡᠯᠡᠯ ᠰᠣᠯᠢᠯᠴᠠᠬᠤ᠂ ᠴᠠᠭ ᠠᠯᠠᠳᠠᠯ ᠦᠭᠡᠢ ᠡᠷᠢᠨ ᠬᠠᠢᠢᠬᠤ ᠠᠵᠢᠯᠯᠠᠭ᠎ᠠ ᠢᠢ ᠶᠠᠪᠤᠭᠤᠯᠬᠤ ᠠᠰᠠᠭᠤᠳᠠᠯ ᠳᠤ ᠣᠨᠴᠤᠭᠤᠢ ᠠᠩ᠋ᠬᠠᠷᠬᠤ ᠱᠠᠭᠠᠷᠳᠠᠯᠭ᠎ᠠ ᠲᠠᠢ ᠪᠠᠢᠢᠨ᠎ᠠ᠃

ᠵᠢᠯ ᠦᠨ ᠳᠥᠷᠪᠡᠨ ᠤᠯᠠᠷᠢᠯ ᠲᠠᠢ᠂ ᠡᠷᠡᠰ ᠲᠡᠰᠦ ᠠᠭᠤᠷ ᠠᠮᠢᠰᠬᠤᠯ ᠲᠠᠢ ᠮᠠᠨ ᠤ ᠣᠷᠣᠨ ᠤ ᠨᠥᠬᠥᠴᠡᠯ ᠳᠥ ᠮᠣᠩ᠋ᠭᠣᠯ ᠤᠯᠤᠰ ᠤᠨ ᠵᠠᠰᠠᠭ ᠤᠨ ᠭᠠᠵᠠᠷ ᠮᠠᠯᠴᠢᠳ ᠢ ᠣᠨᠴᠤᠭᠤᠢ ᠨᠥᠬᠥᠴᠡᠯ ᠳᠥ ᠬᠡᠷᠡᠭᠯᠡᠳᠡᠭ ᠤᠲᠤᠭᠠᠲᠤ ᠳᠣᠬᠢᠶᠠᠯᠠᠯ᠂ ᠣᠯᠠᠨ ᠤᠯᠤᠰ ᠲᠤ ᠥᠷᠭᠡᠨ ᠢᠶᠡᠷ ᠬᠡᠷᠡᠭᠯᠡᠳᠡᠭ 48 ᠴᠠᠭ ᠤᠨ ᠲᠤᠷᠰᠢ ᠲᠤᠰᠠᠯᠠᠮᠵᠢ ᠢᠢᠨ ᠳᠣᠬᠢᠶᠠᠯᠠᠯ ᠢᠯᠡᠭᠡᠬᠦ ᠭᠠᠯᠳᠤ ᠳᠣᠬᠢᠶᠠᠯᠠᠯ ᠪᠣᠯᠤᠨ ᠪᠠᠢᠢᠷᠢᠰᠢᠯ ᠲᠣᠭᠲᠠᠭᠠᠬᠤ GPS ᠭᠡᠬᠦ ᠮᠡᠲᠦ ᠱᠠᠭᠠᠷᠳᠠᠯᠭ᠎ᠠ ᠲᠠᠢ ᠲᠥᠬᠥᠭᠡᠷᠦᠮᠵᠢ ᠪᠡᠷ ᠬᠠᠩ᠋ᠭᠠᠬᠤ ᠪᠣᠳᠠᠲᠤ ᠱᠠᠭᠠᠷᠳᠠᠯᠭ᠎ᠠ ᠡᠭᠦᠰᠦᠭᠰᠡᠨ ᠪᠠᠢᠢᠨ᠎ᠠ᠃

ᠲᠧᠭᠨᠢᠭ ᠲᠧᠭᠨᠣᠯᠣᠭᠢ ᠬᠥᠭ᠍ᠵᠢᠭᠰᠡᠨ 21 ᠳᠦᠭᠡᠷ ᠵᠠᠭᠤᠨ ᠳᠤ ᠮᠠᠯᠴᠢᠳ ᠢ ᠳᠡᠭᠡᠷᠡᠬᠢ ᠲᠥᠬᠥᠭᠡᠷᠦᠮᠵᠢ ᠨᠦᠭᠦᠳ ᠢᠶᠡᠷ ᠬᠠᠩ᠋ᠭᠠᠵᠤ ᠴᠢᠳᠠᠪᠠᠯ ᠦᠶᠡᠷ ᠤᠰᠤᠨ ᠤ ᠠᠶᠤᠯ᠂ ᠴᠠᠰᠤᠨ ᠪᠣᠯᠤᠨ ᠰᠢᠷᠤᠢᠢᠨ ᠰᠢᠭᠤᠷᠭ᠎ᠠ᠂ ᠣᠢ ᠳᠤ ᠲᠦᠭᠡᠷᠢᠬᠦ ᠵᠡᠷᠭᠡ ᠲᠣᠬᠢᠶᠠᠯᠳᠤᠯ ᠳᠤ ᠴᠠᠭ ᠠᠯᠠᠳᠠᠯ ᠦᠭᠡᠢ ᠲᠤᠰᠠᠯᠠᠮᠵᠢ ᠠᠪᠬᠤ ᠨᠥᠬᠥᠴᠡᠯ ᠪᠥᠷᠢᠳᠦᠨ᠎ᠡ᠃ ᠡᠢᠢᠮᠦ ᠳᠥ ᠣᠯᠠᠨ ᠤᠯᠤᠰ ᠲᠤ ᠥᠷᠭᠡᠨ ᠢᠶᠡᠷ ᠬᠡᠷᠡᠭᠯᠡᠭᠳᠡᠵᠦ ᠲᠤᠷᠰᠢᠭᠳᠠᠭᠰᠠᠨ ᠡᠢᠢᠮᠦ ᠲᠥᠬᠥᠭᠡᠷᠦᠮᠵᠢ ᠨᠦᠭᠦᠳ ᠢᠶᠡᠷ ᠮᠠᠯᠴᠢᠳ ᠢ ᠬᠠᠩ᠋ᠭᠠᠬᠤ ᠠᠵᠢᠯ ᠢ ᠴᠠᠭ ᠠᠯᠠᠳᠠᠯ ᠦᠭᠡᠢ ᠬᠢᠬᠦ ᠱᠠᠭᠠᠷᠳᠠᠯᠭ᠎ᠠ ᠲᠠᠢ ᠪᠠᠢᠢᠭ᠎ᠠ ᠢᠢ ᠮᠣᠩ᠋ᠭᠣᠯ ᠤᠯᠤᠰ ᠤᠨ ᠵᠠᠰᠠᠭ ᠤᠨ ᠭᠠᠵᠠᠷ ᠲᠤ ᠰᠠᠨᠠᠭᠤᠯᠵᠤ ᠪᠠᠢᠢᠨ᠎ᠠ᠃

ᠮᠣᠩ᠋ᠭᠣᠯ ᠤᠯᠤᠰ ᠤᠨ ᠦᠨᠳᠦᠰᠦᠨ ᠬᠠᠤᠯᠢ ᠢᠢᠨ ᠠᠷᠪᠠᠨ ᠵᠢᠷᠭᠤᠳᠤᠭᠠᠷ ᠵᠦᠢᠯ ᠳᠥ᠂ ᠮᠣᠩ᠋ᠭᠣᠯ ᠤᠯᠤᠰ ᠤᠨ ᠢᠷᠭᠡᠨ ᠪᠦᠷᠢ 1/ ᠠᠮᠢᠳᠤ ᠶᠠᠪᠤᠬᠤ ᠡᠷᠬᠡ ᠲᠡᠢ…᠂ 2/ ᠡᠷᠡᠭᠦᠯ᠂ ᠠᠶᠤᠯ ᠦᠭᠡᠢ ᠤᠷᠴᠢᠨ ᠳᠤ ᠠᠮᠢᠳᠤᠷᠠᠬᠤ᠂ ᠣᠷᠴᠢᠨ ᠤ ᠪᠣᠬᠢᠷᠳᠠᠯ᠂ ᠪᠠᠢᠢᠭᠠᠯᠢ ᠢᠢᠨ ᠲᠡᠩᠴᠡᠯ ᠠᠯᠳᠠᠭᠳᠠᠬᠤ ᠠᠴᠠ ᠬᠠᠮᠠᠭᠠᠯᠠᠭᠤᠯᠬᠤ ᠡᠷᠬᠡ ᠲᠡᠢ ᠬᠡᠮᠡᠨ ᠵᠢᠭᠠᠭᠰᠠᠨ ᠪᠠᠢᠢᠳᠠᠭ᠃

ᠡᠢᠢᠮᠦ ᠳᠥ ᠡᠷᠳᠡᠨᠢᠲᠦ ᠬᠦᠮᠦᠨ ᠦ ᠠᠮᠢ ᠨᠠᠰᠤ ᠢᠢ ᠬᠠᠮᠠᠭᠠᠯᠠᠬᠤ᠂ ᠮᠣᠩ᠋ᠭᠣᠯ ᠤᠯᠤᠰ ᠤᠨ ᠦᠨᠳᠦᠰᠦᠨ ᠬᠠᠤᠯᠢ ᠳᠤ ᠲᠤᠩ᠋ᠬᠠᠭᠯᠠᠭᠰᠠᠨ ᠳᠡᠭᠡᠷᠡᠬᠢ ᠵᠢᠭᠠᠯᠲᠠ ᠢᠢ ᠬᠡᠷᠡᠭᠵᠢᠭᠦᠯᠬᠦ ᠳᠥ ᠣᠨᠴᠤᠭᠤᠢ ᠠᠩ᠋ᠬᠠᠷᠴᠤ ᠠᠵᠢᠯᠯᠠᠬᠤ ᠢᠢ ᠮᠣᠩ᠋ᠭᠣᠯ ᠤᠯᠤᠰ ᠤᠨ ᠵᠠᠰᠠᠭ ᠤᠨ ᠭᠠᠵᠠᠷ ᠲᠤ ᠳᠠᠬᠢᠨ ᠰᠠᠨᠠᠭᠤᠯᠤᠶ᠎ᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬᠠᠯᠲᠠᠮ᠎ᠠ ᠢᠢᠨ ᠪᠠᠲᠤᠲᠤᠯᠭ᠎ᠠ