Та "Internet explorer"-ийн сүүлийн хувилбар болох "Microsoft edge"-г ашиглана уу

Хэрэв "Microsoft edge"-г татах бол энд дарж татаж авна уу

ᠪᠦᠭᠦᠳᠡ ᠨᠠᠢᠢᠷᠠᠮᠳᠠᠬᠤ ᠰᠣᠼᠢᠶᠠᠯᠢᠰᠲ ᠸᠢᠶᠧᠲ᠋ᠨᠠᠮ ᠤᠯᠤᠰ ᠠᠴᠠ ᠮᠣᠩ᠋ᠭᠣᠯ ᠤᠯᠤᠰ ᠲᠤ ᠰᠠᠭᠤᠬᠤ ᠡᠯᠴᠢᠨ ᠰᠠᠢᠢᠳ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠳᠤ ᠢᠲᠡᠭᠡᠮᠵᠢᠯᠡᠬᠦ ᠵᠢᠭᠤᠬᠤ ᠪᠢᠴᠢᠭ᠌ ᠢᠶᠡᠨ ᠡᠷᠭᠦᠨ ᠪᠠᠷᠢᠯ᠎ᠠ

ᠪᠦᠭᠦᠳᠡ ᠨᠠᠢᠢᠷᠠᠮᠳᠠᠬᠤ ᠰᠣᠼᠢᠶᠠᠯᠢᠰᠲ ᠸᠢᠶᠧᠲ᠋ᠨᠠᠮ ᠤᠯᠤᠰ ᠠᠴᠠ ᠮᠣᠩ᠋ᠭᠣᠯ ᠤᠯᠤᠰ ᠲᠤ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠽᠣᠸᠠᠨ ᠬᠠᠨᠢ ᠳ᠋ᠠᠮ ᠥᠨᠥᠳᠥᠷ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬᠠᠯᠲᠠᠮ᠎ᠠ ᠢᠢᠨ ᠪᠠᠲᠤᠲᠤᠯᠭ᠎ᠠ ᠳᠤ ᠢᠲᠡᠭᠡᠮᠵᠢᠯᠡᠬᠦ ᠵᠢᠭᠤᠬᠤ ᠪᠢᠴᠢᠭ᠌ ᠢᠶᠡᠨ ᠡᠷᠭᠦᠨ ᠪᠠᠷᠢᠯ᠎ᠠ ᠃

ᠢᠲᠡᠭᠡᠮᠵᠢᠯᠡᠬᠦ ᠵᠢᠭᠤᠬᠤ ᠪᠢᠴᠢᠭ᠌ ᠢᠶᠡᠨ ᠡᠷᠭᠦᠨ ᠪᠠᠷᠢᠭᠰᠠᠨ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠽᠣᠸᠠᠨ ᠬᠠᠨᠢ ᠳ᠋ᠠᠮ ᠪᠦᠭᠦᠳᠡ ᠨᠠᠢᠢᠷᠠᠮᠳᠠᠬᠤ ᠰᠣᠼᠢᠶᠠᠯᠢᠰᠲ ᠸᠢᠶᠧᠲ᠋ᠨᠠᠮ ᠤᠯᠤᠰ ᠤᠨ ᠶᠡᠷᠦᠩᠬᠡᠢᠢᠯᠡᠭᠴᠢ ᠢᠢᠨ ᠮᠡᠨᠳᠦᠴᠢᠯᠡᠭᠡ ᠢᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬᠠᠯᠲᠠᠮ᠎ᠠ ᠢᠢᠨ ᠪᠠᠲᠤᠲᠤᠯᠭ᠎ᠠ ᠳᠤ ᠤᠯᠠᠮᠵᠢᠯᠠᠵᠤ᠂ ᠮᠣᠩ᠋ᠭᠣᠯ ᠤᠯᠤᠰ ᠲᠤ ᠠᠵᠢᠯᠯᠠᠬᠤ ᠬᠤᠭᠤᠴᠠᠭᠠᠨ ᠳᠤ ᠪᠠᠨ ᠬᠡᠷᠡᠭᠵᠢᠭᠦᠯᠬᠦ ᠲᠠᠪᠤᠨ ᠵᠣᠷᠢᠯᠲᠠ ᠢᠢ ᠲᠣᠳᠣᠷᠬᠠᠢᠢᠯᠠᠵᠤ᠂ ᠤᠳᠤᠷᠢᠳᠤᠭᠴᠢᠳ ᠲᠤ ᠪᠠᠨ ᠲᠠᠨᠢᠯᠴᠠᠭᠤᠯᠤᠭᠰᠠᠨ ᠭᠡᠳᠡᠭ ᠢᠶᠡᠨ ᠬᠡᠯᠡᠯ᠎ᠡ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬᠠᠯᠲᠠᠮ᠎ᠠ ᠢᠢᠨ ᠪᠠᠲᠤᠲᠤᠯᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠲᠤ ᠬᠠᠨᠳᠤᠨ᠂ 《ᠣᠯᠠᠨ ᠵᠢᠯ ᠦᠨ ᠲᠤᠷᠰᠢᠯᠭ᠎ᠠ ᠲᠠᠢ ᠳ᠋ᠢᠫᠯᠣᠮᠠᠲ᠋ᠴᠢ ᠬᠦᠮᠦᠨ ᠮᠣᠩ᠋ᠭᠣᠯ ᠤᠯᠤᠰ ᠲᠤ ᠰᠠᠭᠤᠬᠤ ᠡᠯᠴᠢᠨ ᠰᠠᠢᠢᠳ ᠢᠶᠠᠷ ᠲᠣᠮᠢᠯᠠᠭᠳᠠᠨ ᠢᠷᠡᠭᠰᠡᠨ ᠲᠤᠯᠠ ᠬᠣᠶᠠᠷ ᠣᠷᠣᠨ ᠤ ᠨᠠᠢᠢᠷᠠᠮᠳᠠᠯᠲᠤ ᠬᠠᠷᠢᠯᠴᠠᠭ᠎ᠠ ᠢᠢ ᠡᠳ᠋ ᠍ ᠦᠨ ᠵᠠᠰᠠᠭ ᠤᠨ ᠰᠠᠯᠪᠤᠷᠢ ᠳᠤ ᠥᠷᠭᠡᠵᠢᠭᠦᠯᠦᠨ ᠬᠥᠭ᠍ᠵᠢᠭᠦᠯᠦᠨ᠎ᠡ ᠭᠡᠳᠡᠭ ᠲᠥ ᠢᠲᠡᠭᠡᠵᠦ ᠪᠠᠢᠢᠨ᠎ᠠ᠃ ᠮᠥᠨ ᠲᠠᠨ ᠤ ᠲᠠᠨᠢᠯᠴᠠᠭᠤᠯᠤᠭᠰᠠᠨ ᠲᠠᠪᠤᠨ ᠵᠣᠷᠢᠯᠲᠠ ᠪᠡᠶᠡᠯᠡᠬᠦ ᠥᠷᠭᠡᠨ ᠪᠣᠯᠤᠮᠵᠢ ᠲᠠᠢ᠃ ᠢᠯᠠᠩ᠋ᠭᠤᠶ᠎ᠠ ᠪᠢᠽᠢᠨ᠋᠋ᠧᠰ᠂ ᠬᠤᠳᠠᠯᠳᠤᠭᠠᠨ ᠤ ᠴᠢᠭᠯᠡᠯ ᠳᠥ ᠳᠡᠪᠰᠢᠭᠦᠯᠵᠦ ᠪᠤᠢ ᠵᠣᠷᠢᠯᠲᠠ ᠨᠤᠭᠤᠳ ᠢ ᠠᠵᠢᠯ ᠬᠡᠷᠡᠭ ᠪᠣᠯᠭᠠᠬᠤ ᠳᠤ ᠶᠡᠷᠦᠩᠬᠡᠢᠢᠯᠡᠭᠴᠢ ᠪᠣᠯᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠡᠭᠦᠳᠡ ᠬᠠᠭᠠᠯᠭ᠎ᠠ ᠦᠷᠭᠦᠯᠵᠢ ᠨᠡᠭᠡᠭᠡᠯᠲᠡ ᠲᠡᠢ》 ᠭᠡᠯ᠎ᠡ᠃

ᠲᠡᠭᠦᠨᠴᠢᠯᠡᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬᠠᠯᠲᠠᠮ᠎ᠠ ᠢᠢᠨ ᠪᠠᠲᠤᠲᠤᠯᠭ᠎ᠠ 《ᠡᠯᠴᠢᠨ ᠰᠠᠢᠢᠳ ᠤᠨ ᠲᠠᠪᠤᠨ ᠵᠣᠷᠢᠯᠲᠠ ᠳᠡᠭᠡᠷ᠎ᠡ ᠨᠢᠭᠡ ᠵᠣᠷᠢᠯᠲᠠ ᠨᠡᠮᠡᠬᠦ ᠬᠦᠰᠡᠯ ᠲᠡᠢ ᠪᠠᠢᠢᠨ᠎ᠠ᠃ ᠡᠯᠴᠢᠨ ᠰᠠᠢᠢᠳ ᠲᠠᠨ ᠢ ᠬᠡᠯᠡᠨ ᠦ ᠠᠪᠢᠶᠠᠰ ᠲᠠᠢ᠂ ᠬᠢᠲᠠᠳ᠂ ᠶᠠᠫᠣᠨ ᠬᠡᠯᠡ ᠲᠡᠢ ᠬᠦᠮᠦᠨ ᠭᠡᠵᠦ ᠰᠣᠨᠣᠰᠤᠭᠰᠠᠨ᠃ ᠮᠣᠩ᠋ᠭᠣᠯ ᠤᠯᠤᠰ ᠲᠤ ᠠᠵᠢᠯᠯᠠᠬᠤ ᠬᠤᠭᠤᠴᠠᠭᠠᠨ ᠳᠤ ᠪᠠᠨ ᠲᠠ ᠮᠣᠩ᠋ᠭᠣᠯ ᠬᠡᠯᠡ ᠢᠢ ᠵᠠᠪᠠᠯ ᠰᠤᠷᠠᠭᠠᠷᠠᠢ》 ᠭᠡᠵᠦ ᠵᠠᠬᠢᠯ᠎ᠠ᠃

ᠠᠭᠤᠯᠵᠠᠯᠲᠠ ᠢᠢᠨ ᠦᠶ᠎ᠡ ᠪᠡᠷ ᠮᠣᠩ᠋ᠭᠣᠯ ᠤᠯᠤᠰ-ᠪᠦᠭᠦᠳᠡ ᠨᠠᠢᠢᠷᠠᠮᠳᠠᠬᠤ ᠰᠣᠼᠢᠶᠠᠯᠢᠰᠲ ᠸᠢᠶᠧᠲ᠋ᠨᠠᠮ ᠤᠯᠤᠰ ᠤᠨ ᠬᠠᠷᠢᠯᠴᠠᠭ᠎ᠠ ᠢᠢ ᠤᠯᠤᠰ ᠲᠥᠷᠥ᠂ ᠨᠡᠢᠢᠭᠡᠮ᠂ ᠡᠳ᠋ ᠍ ᠦᠨ ᠵᠠᠰᠠᠭ᠂ ᠬᠥᠳᠡᠭᠡ ᠠᠵᠤ ᠠᠬᠤᠢ᠂ ᠰᠤᠶᠤᠯ᠂ ᠪᠣᠯᠪᠠᠰᠤᠷᠠᠯ ᠤᠨ ᠰᠠᠯᠪᠤᠷᠢ ᠳᠤ ᠪᠡᠬᠢᠵᠢᠭᠦᠯᠦᠨ ᠬᠥᠭ᠍ᠵᠢᠭᠦᠯᠬᠦ ᠪᠣᠯᠤᠮᠵᠢ ᠨᠤᠭᠤᠳ ᠤᠨ ᠲᠠᠯ᠎ᠠ ᠪᠠᠷ ᠰᠠᠨᠠᠯ ᠰᠣᠯᠢᠯᠴᠠᠭᠰᠠᠨ᠎ᠠ ᠪᠠᠷ ᠠᠭᠤᠯᠵᠠᠯᠲᠠ ᠥᠨᠳᠥᠷᠯᠡᠪᠡ᠃