Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠣᠷᠣᠰ ᠤᠨ ᠬᠣᠯᠪᠣᠭᠠᠨ ᠤ ᠤᠯᠤᠰ ᠤᠨ 《Sputnik V》 ᠸᠠᠺᠼᠢᠨ ᠢ ᠮᠣᠩ᠋ᠭᠣᠯ ᠤᠯᠤᠰ ᠲᠤ ᠦᠢᠯᠡᠳᠪᠦᠷᠢᠯᠡᠬᠦ ᠰᠠᠨᠠᠯ ᠲᠠᠯᠪᠢᠯ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬᠠᠯᠲᠠᠮ᠎ᠠ ᠢᠢᠨ ᠪᠠᠲᠤᠲᠤᠯᠭ᠎ᠠ ᠥᠨᠥᠳᠥᠷ ᠣᠷᠣᠰ ᠤᠨ ᠬᠣᠯᠪᠣᠭᠠᠨ ᠤ ᠤᠯᠤᠰ ᠠᠴᠠ ᠮᠣᠩ᠋ᠭᠣᠯ ᠤᠯᠤᠰ ᠲᠤ ᠰᠠᠭᠤᠭ᠎ᠠ ᠣᠨᠴᠠ ᠪᠥᠭᠡᠳ ᠪᠥᠷᠢᠨ ᠡᠷᠬᠡᠲᠦ ᠡᠯᠴᠢᠨ ᠰᠠᠢᠢᠳ ᠢ᠊ ∙ ᠺ ∙ ᠠᠽᠢᠽᠣᠸ ᠢ ᠬᠦᠯᠢᠶᠡᠨ ᠠᠪᠴᠤ ᠠᠭᠤᠯᠵᠠᠯ᠎ᠠ᠃

ᠠᠭᠤᠯᠵᠠᠯᠲᠠ ᠢᠢᠨ ᠡᠬᠢᠨ ᠳᠥ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬᠡᠯᠡᠬᠦ ᠳᠥ ᠪᠡᠨ᠂ ᠡᠨᠡ ᠣᠨ ᠳᠤ ᠲᠣᠬᠢᠶᠠᠵᠤ ᠪᠤᠢ ᠮᠣᠩ᠋ᠭᠣᠯ ᠤᠯᠤᠰ-ᠣᠷᠣᠰ ᠤᠨ ᠬᠣᠯᠪᠣᠭᠠᠨ ᠤ ᠤᠯᠤᠰ ᠢᠢᠨ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 100 ᠵᠢᠯ ᠦᠨ ᠣᠢ ᠢᠢ ᠠᠵᠢᠯ ᠬᠡᠷᠡᠭᠴᠢ ᠪᠠᠢᠢᠳᠠᠯ ᠢᠶᠠᠷ ᠲᠡᠮᠳᠡᠭᠯᠡᠨ ᠥᠩᠭᠡᠷᠡᠭᠦᠯᠬᠦ ᠨᠢ ᠵᠦᠢᠲᠡᠢ ᠭᠡᠯ᠎ᠡ᠃

ᠮᠥᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬᠠᠯᠲᠠᠮ᠎ᠠ ᠢᠢᠨ ᠪᠠᠲᠤᠲᠤᠯᠭ᠎ᠠ ᠮᠣᠩ᠋ᠭᠣᠯ ᠤᠯᠤᠰ ᠴᠠᠷ᠎ ᠲᠠᠬᠤᠯ ᠤᠨ ᠸᠠᠺᠼᠢᠨ ᠦᠢᠯᠡᠳᠪᠦᠷᠢᠯᠡᠬᠦ ᠪᠣᠯᠤᠮᠵᠢ ᠲᠠᠢ ᠭᠡᠳᠡᠭ ᠢ ᠣᠨᠴᠠᠯᠠᠵᠤ᠂ ᠣᠷᠣᠰ ᠤᠨ ᠬᠣᠯᠪᠣᠭᠠᠨ ᠤ ᠤᠯᠤᠰ ᠤᠨ 《Sputnik V》 ᠸᠠᠺᠼᠢᠨ ᠢ ᠮᠣᠩ᠋ᠭᠣᠯ ᠤᠯᠤᠰ ᠲᠤ ᠦᠢᠯᠡᠳᠪᠦᠷᠢᠯᠡᠬᠦ ᠪᠣᠯᠤᠮᠵᠢ ᠢᠢ ᠰᠤᠳᠤᠯᠵᠤ᠂ ᠬᠠᠮᠲᠤᠷᠠᠨ ᠠᠵᠢᠯᠯᠠᠬᠤ ᠰᠠᠨᠠᠯ ᠢ ᠺᠷᠧᠮᠯ ᠳᠤ ᠤᠯᠠᠮᠵᠢᠯᠠᠵᠤ ᠥᠭ᠍ᠬᠦ ᠢᠢ ᠡᠯᠴᠢᠨ ᠰᠠᠢᠢᠳ ᠠᠴᠠ ᠬᠦᠰᠡᠯ᠎ᠡ᠃

ᠣᠨᠴᠠ ᠪᠥᠭᠡᠳ ᠪᠥᠷᠢᠨ ᠡᠷᠬᠡᠲᠦ ᠡᠯᠴᠢᠨ ᠰᠠᠢᠢᠳ ᠢ᠊ ∙ ᠺ ∙ ᠠᠽᠢᠽᠣᠸ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠰᠠᠨᠠᠯ ᠢ ᠶᠠᠭᠠᠷᠠᠯᠲᠠᠢ ᠤᠯᠠᠮᠵᠢᠯᠠᠵᠤ᠂ ᠬᠠᠷᠢᠭᠤ ᠥᠭ᠍ᠬᠦ ᠪᠡᠨ ᠮᠡᠳᠡᠭᠳᠡᠯ᠎ᠡ᠃