ᠠᠮᠧᠷᠢᠺᠠ ᠢᠢᠨ ᠨᠢᠭᠡᠳᠦᠭᠰᠡᠨ ᠤᠯᠤᠰ ᠤᠨ 117 ᠳ᠋ᠤᠭᠠᠷ ᠺᠣᠩᠷᠧᠰᠰ ᠤᠨ ᠰᠧᠨᠠᠲ ᠤᠨ ᠲᠠᠩᠬᠢᠮ 《ᠠᠮᠧᠷᠢᠺᠠ ᠢᠢᠨ ᠨᠢᠭᠡᠳᠦᠭᠰᠡᠨ ᠤᠯᠤᠰ᠂ ᠮᠣᠩ᠋ᠭᠣᠯ ᠤᠯᠤᠰ ᠤᠨ ᠰᠲ᠋ᠷᠠᠲ᠋ᠧᠭᠢ ᠢᠢᠨ ᠲᠦᠩᠰᠢᠯᠡᠯ ᠢ ᠪᠠᠲᠤᠳᠬᠠᠬᠤ᠂ ᠮᠣᠩ᠋ᠭᠣᠯ ᠤᠯᠤᠰ ᠳᠠᠬᠢ ᠠᠷᠠᠳᠴᠢᠯᠠᠭᠰᠠᠨ ᠲᠣᠭᠲᠠᠯᠴᠠᠭᠠᠨ ᠤ 30 ᠵᠢᠯ ᠦᠨ ᠣᠢ ᠢᠢ ᠲᠡᠮᠳᠡᠭᠯᠡᠬᠦ ᠲᠤᠬᠠᠢ》 ᠲᠣᠭᠲᠠᠭᠠᠯ ᠤᠨ ᠲᠥᠰᠥᠯ ᠢ ᠪᠠᠲᠤᠯᠠᠯ᠎ᠠ᠃
ᠮᠣᠩ᠋ᠭᠣᠯ ᠤᠯᠤᠰ ᠤᠨ ᠶᠡᠷᠦᠩᠬᠡᠢᠢᠯᠡᠭᠴᠢ ᠬᠠᠯᠲᠠᠮ᠎ᠠ ᠢᠢᠨ ᠪᠠᠲᠤᠲᠤᠯᠭ᠎ᠠ ᠢᠢᠨ 2019 ᠣᠨ ᠤ ᠳᠣᠯᠣᠳᠤᠭᠠᠷ ᠰᠠᠷ᠎ᠠ ᠳᠤ ᠠᠮᠧᠷᠢᠺᠠ ᠢᠢᠨ ᠨᠢᠭᠡᠳᠦᠭᠰᠡᠨ ᠤᠯᠤᠰ ᠲᠤ ᠬᠢᠭ᠍ᠰᠡᠨ ᠠᠢᠢᠯᠴᠢᠯᠠᠯ ᠪᠣᠯᠤᠨ ᠬᠣᠶᠠᠷ ᠤᠯᠤᠰ ᠤᠨ ᠲᠥᠷᠦ ᠢᠢᠨ ᠲᠡᠷᠢᠭᠦᠨ ᠨᠠᠷ ᠤᠨ ᠠᠯᠪᠠᠨ ᠶᠣᠰᠣᠨ ᠤ ᠬᠡᠯᠡᠯᠴᠡᠭᠡᠷ ᠦᠨ ᠦᠷ᠎ᠡ ᠳ᠋ᠦᠩ ᠳᠥ ᠬᠣᠶᠠᠷ ᠤᠯᠤᠰ ᠤᠨ ᠬᠠᠷᠢᠯᠴᠠᠭ᠎ᠠ ᠰᠲ᠋ᠷᠠᠲ᠋ᠧᠭᠢ ᠢᠢᠨ ᠲᠦᠩᠰᠢᠯᠡᠯ ᠦᠨ ᠲᠦᠪᠰᠢᠨ ᠳᠥ ᠬᠦᠷᠦᠭᠰᠡᠨ ᠢ ᠵᠠᠷᠯᠠᠵᠤ᠂ ᠬᠠᠮᠲᠤᠷᠠᠭᠰᠠᠨ ᠲᠤᠩ᠋ᠬᠠᠭᠯᠠᠯ ᠭᠠᠷᠭᠠᠭᠰᠠᠨ ᠪᠢᠯᠡ᠃
ᠬᠠᠮᠲᠤᠷᠠᠭᠰᠠᠨ ᠲᠤᠩ᠋ᠬᠠᠭᠯᠠᠯ ᠢ ᠪᠠᠲᠤᠳᠬᠠᠨ ᠠᠮᠧᠷᠢᠺᠠ ᠢᠢᠨ ᠨᠢᠭᠡᠳᠦᠭᠰᠡᠨ ᠤᠯᠤᠰ ᠤᠨ ᠺᠣᠩᠷᠧᠰᠰ ᠤᠨ ᠰᠧᠨᠠᠲ ᠤᠨ ᠲᠠᠩᠬᠢᠮ 《ᠠᠮᠧᠷᠢᠺᠠ ᠢᠢᠨ ᠨᠢᠭᠡᠳᠦᠭᠰᠡᠨ ᠤᠯᠤᠰ᠂ ᠮᠣᠩ᠋ᠭᠣᠯ ᠤᠯᠤᠰ ᠤᠨ ᠰᠲ᠋ᠷᠠᠲ᠋ᠧᠭᠢ ᠢᠢᠨ ᠲᠦᠩᠰᠢᠯᠡᠯ ᠢ ᠪᠠᠲᠤᠳᠬᠠᠬᠤ᠂ ᠮᠣᠩ᠋ᠭᠣᠯ ᠤᠯᠤᠰ ᠳᠠᠬᠢ ᠠᠷᠠᠳᠴᠢᠯᠠᠭᠰᠠᠨ ᠲᠣᠭᠲᠠᠯᠴᠠᠭᠠᠨ ᠤ 30 ᠵᠢᠯ ᠦᠨ ᠣᠢ ᠢᠢ ᠲᠡᠮᠳᠡᠭᠯᠡᠬᠦ ᠲᠤᠬᠠᠢ》 ᠲᠣᠭᠲᠠᠭᠠᠯ ᠤᠨ ᠲᠥᠰᠥᠯ ᠢ 2021 ᠣᠨ ᠤ ᠳᠥᠷᠪᠡᠳᠦᠭᠡᠷ ᠰᠠᠷ᠎ᠠ ᠢᠢᠨ 15 ᠍ ᠤ ᠡᠳᠦᠷ ᠪᠠᠲᠤᠯᠠᠪᠠ᠃
ᠳᠡᠭᠡᠷᠡᠬᠢ ᠲᠣᠭᠲᠠᠭᠠᠯ ᠪᠣᠯᠤᠨ ᠠᠮᠧᠷᠢᠺᠠ ᠢᠢᠨ ᠨᠢᠭᠡᠳᠦᠭᠰᠡᠨ ᠤᠯᠤᠰ ᠤᠨ ᠺᠣᠩᠷᠧᠰᠰ ᠤᠨ ᠲᠥᠯᠥᠭᠡᠯᠡᠭᠴᠢᠳ ᠦᠨ ᠲᠠᠩᠬᠢᠮ ᠤᠨ 2020 ᠣᠨ ᠤ ᠠᠷᠪᠠᠨ ᠬᠣᠶᠠᠳᠤᠭᠠᠷ ᠰᠠᠷ᠎ᠠ ᠢᠢᠨ 4 ᠍ ᠦ ᠡᠳᠦᠷ ᠪᠠᠲᠤᠯᠠᠭᠰᠠᠨ 《ᠠᠮᠧᠷᠢᠺᠠ ᠢᠢᠨ ᠨᠢᠭᠡᠳᠦᠭᠰᠡᠨ ᠤᠯᠤᠰ᠂ ᠮᠣᠩ᠋ᠭᠣᠯ ᠤᠯᠤᠰ ᠤᠨ ᠰᠲ᠋ᠷᠠᠲ᠋ᠧᠭᠢ ᠢᠢᠨ ᠲᠦᠩᠰᠢᠯᠡᠯ ᠢ ᠪᠡᠬᠢᠵᠢᠭᠦᠯᠬᠦ ᠲᠤᠬᠠᠢ》 ᠲᠣᠭᠲᠠᠭᠠᠯ ᠤᠨ ᠲᠥᠰᠥᠯ ᠨᠢ ᠮᠣᠩ᠋ᠭᠣᠯ ᠤᠯᠤᠰ᠂ ᠠᠮᠧᠷᠢᠺᠠ ᠢᠢᠨ ᠨᠢᠭᠡᠳᠦᠭᠰᠡᠨ ᠤᠯᠤᠰ ᠤᠨ ᠰᠲ᠋ᠷᠠᠲ᠋ᠧᠭᠢ ᠢᠢᠨ ᠲᠦᠩᠰᠢᠯᠡᠯ ᠦᠨ ᠬᠠᠷᠢᠯᠴᠠᠭ᠎ᠠ ᠢᠢ ᠪᠡᠬᠢᠵᠢᠭᠦᠯᠦᠨ ᠬᠥᠭ᠍ᠵᠢᠭᠦᠯᠬᠦ᠂ ᠮᠣᠩ᠋ᠭᠣᠯ ᠤᠯᠤᠰ ᠤᠨ ᠠᠷᠠᠳᠴᠢᠯᠠᠭᠰᠠᠨ ᠦᠨᠡᠲᠦ ᠵᠦᠢᠯᠡᠰ ᠲᠥ ᠲᠤᠯᠭᠠᠭᠤᠷᠢᠯᠠᠭᠰᠠᠨ ᠬᠥᠭ᠍ᠵᠢᠯ ᠦᠨ ᠲᠣᠭᠲᠠᠯᠴᠠᠭ᠎ᠠ ᠢᠢ ᠪᠠᠲᠤᠳᠬᠠᠬᠤ᠂ ᠲᠡᠭᠦᠨᠴᠢᠯᠡᠨ ᠠᠮᠧᠷᠢᠺᠠ ᠢᠢᠨ ᠨᠢᠭᠡᠳᠦᠭᠰᠡᠨ ᠤᠯᠤᠰ ᠤᠨ ᠺᠣᠩᠷᠧᠰ ᠲᠤ ᠰᠢᠨ᠎ᠡ ᠪᠡᠷ ᠳᠠᠬᠢᠨ ᠥᠷᠭᠡᠨ ᠪᠠᠷᠢᠭᠳᠠᠬᠤ ᠪᠠᠷ ᠬᠦᠯᠢᠶᠡᠭᠳᠡᠵᠦ ᠪᠤᠢ 《ᠭᠤᠷᠪᠠᠳᠠᠭᠴᠢ ᠬᠥᠷᠰᠢ ᠢᠢᠨ ᠬᠤᠳᠠᠯᠳᠤᠭᠠᠨ ᠤ ᠲᠤᠬᠠᠢ》 ᠬᠠᠤᠯᠢ ᠢᠢᠨ ᠲᠥᠰᠥᠯ ᠢ ᠬᠡᠯᠡᠯᠴᠡᠬᠦ ᠦᠢᠯᠡ ᠶᠠᠪᠤᠴᠠ ᠳᠤ ᠲᠦᠯᠬᠢᠴᠡ ᠪᠣᠯᠬᠤ ᠶᠤᠮ᠃