Та "Internet explorer"-ийн сүүлийн хувилбар болох "Microsoft edge"-г ашиглана уу

Хэрэв "Microsoft edge"-г татах бол энд дарж татаж авна уу

ᠮᠣᠩᠭᠣᠯ ᠤᠯᠤᠰ ᠤᠨ ᠶᠡᠷᠦᠩᠬᠡᠶᠢᠯᠡᠭᠴᠢ ᠬᠠ‍᠂ᠪᠠᠲᠤᠲᠤᠯᠭ᠎ᠠ ᠶᠢᠰᠦᠨ ᠬᠥᠯᠲᠦ ᠴᠠᠭᠠᠨ ᠲᠤᠭ ᠳᠤ ᠬᠦᠨᠳᠦᠳᠬᠡᠯ ᠦᠵᠡᠭᠦᠯᠵᠦ᠂ ᠲᠥᠷᠥ ᠶᠢᠨ ᠵᠣᠯᠭᠠᠯᠲᠠ ᠬᠢᠪᠡ

ᠠᠷᠪᠠᠨ ᠳᠣᠯᠣᠳᠤᠭᠠᠷ ᠳᠤᠭᠠᠷ ᠵᠢᠷᠠᠨ ᠤ 《ᠲᠡᠢᠢᠨ ᠤᠨᠵᠢᠯᠭᠠᠳᠤ》ᠬᠡᠮᠡᠬᠦ ᠰᠢᠷᠤᠢᠢᠨ ᠨᠣᠬᠠᠢ ᠵᠢᠯ ᠦᠨ ᠬᠠᠪᠤᠷ ᠤᠨ ᠲᠡᠷᠢᠭᠦᠨ ᠰᠠᠷ᠎ᠠ ᠢᠢᠨ ᠰᠢᠨ᠎ᠡ ᠢᠢᠨ ᠨᠢᠭᠡᠨ ᠦ ᠥᠷᠯᠥᠭᠡ 09᠄00 ᠴᠠᠭ ᠲᠤ ᠮᠣᠩᠭᠣᠯ ᠤᠯᠤᠰ ᠤᠨ ᠶᠡᠷᠦᠩᠬᠡᠢᠢᠯᠡᠭᠴᠢ ᠬᠠ‍᠂ᠪᠠᠲᠤᠲᠤᠯᠭ᠎ᠠ ᠮᠣᠩᠭᠣᠯ ᠤᠯᠤᠰ ᠤᠨ ᠲᠥᠷᠦ ᠥᠨᠢ ᠮᠥᠩᠬᠡᠳᠠ ᠮᠠᠨᠳᠤᠨ ᠪᠠᠳᠢᠷᠠᠵᠤ᠂ ᠲᠥᠷᠦ ᠤᠯᠤᠰ᠂ ᠲᠦᠮᠡᠨ ᠣᠯᠠᠨ ᠠᠮᠤᠷ ᠲᠥᠪᠰᠢᠨ ᠠᠵᠤ ᠲᠥᠷᠥᠬᠦ ᠢᠢᠨ ᠪᠡᠯᠭᠡᠳᠡᠯ ᠪᠣᠯᠤᠭᠰᠠᠨ ᠲᠥᠷᠦ ᠢᠢᠨ ᠶᠢᠰᠦᠨ ᠬᠥᠯᠲᠦ ᠴᠠᠭᠠᠨ ᠲᠤᠭ ᠳᠤ ᠬᠦᠨᠳᠦᠳᠬᠡᠯ ᠦᠵᠡᠭᠦᠯᠦᠯ᠎ᠡ᠃

 

ᠡᠭᠦᠨ ᠦ ᠳᠠᠷᠠᠭ᠎ᠠ ᠤᠯᠤᠰ ᠤᠨ ᠶᠡᠬᠡ ᠬᠤᠷᠠᠯ ᠤᠨ ᠳᠠᠷᠤᠭ᠎ᠠ ᠮ ∙ ᠡᠩᠬᠡᠪᠣᠯᠤᠳ᠂ ᠮᠣᠩᠭᠣᠯ ᠤᠯᠤᠰ ᠤᠨ ᠶᠡᠷᠦᠩᠬᠡᠢ ᠰᠠᠢᠢᠳ ᠤ᠊ ∙ ᠬᠦᠷᠦᠯᠰᠦ᠋ᠬᠡ ᠨᠠᠷ ᠠᠯᠳᠠ ᠴᠡᠩᠬᠡᠷ ᠬᠠᠳᠠᠭ ᠳᠡᠯᠭᠡᠨ ᠲᠥᠷᠥ ᠢᠢᠨ ᠲᠡᠷᠢᠭᠦᠨ ᠦ ᠠᠮᠤᠷ ᠮᠡᠨᠳᠦ ᠢᠢ ᠡᠷᠢᠨ ᠵᠣᠯᠭᠠᠵᠤ᠂ ᠬᠥᠭᠡᠷᠭᠡ ᠵᠥᠷᠢᠭᠦᠯᠦᠨ ᠮᠡᠨᠳᠦ ᠮᠡᠳᠡᠯᠴᠡᠵᠦ᠂ ᠨᠠᠯᠠᠭᠠᠷ ᠬᠠᠪᠤᠷ ᠲᠠᠢ ᠵᠣᠯᠭᠠᠵᠤ ᠪᠠᠢᠢᠭ᠎ᠠ ᠲᠠᠯ᠎ᠠ ᠪᠠᠷ ᠶᠠᠷᠢᠯᠴᠠᠯ᠎ᠠ᠃

 

ᠲᠥᠷᠥ ᠢᠢᠨ ᠵᠣᠯᠭᠠᠯᠲᠠ ᠢᠢᠨ ᠳᠠᠷᠠᠭ᠎ᠠ ᠠᠷᠠᠳ ᠤᠨ ᠵᠦᠵᠦᠭᠡᠴᠢᠨ᠂ ᠮᠣᠩᠭᠣᠯ ᠤᠯᠤᠰ ᠤᠨ ᠰᠤᠶᠤᠯ ᠤᠨ ᠭᠠᠪᠢᠶᠠᠲᠤ ᠵᠢᠳᠬᠦᠯᠲᠡᠨ ᠢᠷᠦᠭᠡᠯᠴᠢ᠂ ᠮᠠᠭᠲᠠᠭᠠᠯᠴᠢ᠂ ᠲᠥᠲᠦ ᠢᠢᠨ ᠴ ∙ ᠴᠡᠷᠢᠩᠳᠣᠷᠵᠢ ᠲᠥᠷᠥ ᠢᠢᠨ ᠬᠠᠨ ᠬᠤᠭᠤᠷ ᠤᠨ ᠬᠥᠭ᠌ ᠠᠶᠠᠯᠭᠤ ᠢᠢ ᠲᠠᠭᠠᠷᠠᠭᠤᠯᠵᠤ᠂ ᠬᠠᠨ ᠬᠤᠭᠤᠷ ᠢ ᠡᠭᠡᠰᠢᠭᠯᠡᠭᠦᠯᠦᠨ ᠲᠤᠬᠠᠢ ᠢᠢᠨ ᠵᠢᠯ ᠦᠨ ᠵᠢᠪᠠᠷ ᠢ ᠦᠷᠭᠦᠭᠡᠬᠦ ᠶᠣᠰᠣᠯᠠᠯ ᠦᠢᠯᠡᠳᠦᠯ ᠠ᠃ ᠲᠥᠷᠦ ᠢᠢᠨ ᠥᠨᠳᠦᠷᠯᠢᠭ ᠦᠳ ᠬᠠᠨ ᠬᠤᠭᠤᠷ ᠤᠨ ᠬᠥᠭ᠌ ᠡᠭᠡᠰᠢᠭ᠌ ᠰᠠᠢᠢᠬᠠᠨ ᠵᠣᠬᠢᠷᠠᠵᠤ᠂ ᠴᠡᠭᠡᠯ ᠰᠠᠢᠢᠬᠠᠨ ᠳᠤᠤᠭᠠᠷᠴᠤ ᠪᠠᠢᠢᠭᠠᠳ ᠪᠡᠯᠭᠡᠰᠢᠶᠡᠵᠦ ᠪᠠᠢᠢᠨ᠎ᠠ ᠭᠡᠯ᠎ᠡ᠃

 

ᠡᠭᠦᠨ ᠦ ᠳᠠᠷᠠᠭ᠎ᠠ ᠮᠣᠩᠭᠣᠯ ᠤᠨ ᠪᠤᠷᠬᠠᠨ ᠱᠠᠰᠢᠨᠲᠠᠨ ᠤ ᠲᠥᠪ ᠭᠠᠨᠳᠠᠩᠳᠡᠭᠴᠡᠩᠯᠢᠩ ᠬᠡᠢᠢᠳ ᠦᠨ ᠲᠡᠷᠢᠭᠦᠨ ᠬᠠᠩᠪᠤ ᠯᠠᠮᠠ᠂ ᠭᠠᠪᠵᠤ ᠲ ∙ ᠴᠣᠢᠢᠵᠠᠮᠰᠤ᠂ ᠳᠠᠰᠴᠣᠢᠢᠯᠢᠨ ᠬᠡᠢᠢᠳ ᠦᠨ ᠲᠡᠷᠢᠭᠦᠨ ᠬᠠᠩᠪᠤ ᠴ ∙ ᠳᠠᠮᠪᠠᠵᠠᠪ ᠨᠠᠷ ᠲᠥᠷᠦ ᠢᠢᠨ ᠬᠦᠨᠳᠦᠳᠬᠡᠯ ᠦᠨ ᠥᠷᠭᠦᠭᠡ ᠭᠡᠷ ᠲᠥ ᠮᠣᠷᠢᠯᠠᠨ ᠢᠷᠡᠵᠦ ᠮᠣᠩᠭᠣᠯ ᠤᠯᠤᠰ ᠤᠨ ᠶᠡᠷᠦᠩᠬᠡᠢᠢᠯᠡᠭᠴᠢ᠂ ᠤᠯᠤᠰ ᠤᠨ ᠶᠡᠬᠡ ᠬᠤᠷᠠᠯ ᠤᠨ ᠳᠠᠷᠤᠭ᠎ᠠ᠂ ᠮᠣᠩᠭᠣᠯ ᠤᠯᠤᠰ ᠤᠨ ᠶᠡᠷᠦᠩᠬᠡᠢ ᠰᠠᠢᠢᠳ ᠨᠠᠷ ᠲᠤ ᠪᠠᠷᠠᠭᠠᠯᠬᠠᠨ ᠵᠣᠯᠭᠠᠵᠤ᠂ ᠢᠷᠡᠵᠦ ᠪᠤᠢ ᠰᠢᠷᠤᠢᠢᠨ ᠨᠣᠬᠠᠢ ᠵᠢᠯ ᠦᠨ ᠥᠩᠭᠡ ᠢᠢ ᠬᠡᠯᠡᠯᠴᠡᠪᠡ᠃

 

ᠲᠥᠷᠦ ᠢᠢᠨ ᠵᠣᠯᠭᠠᠯᠲᠠ ᠳᠠᠭᠤᠰᠤᠭᠰᠠᠨ ᠤ ᠳᠠᠷᠠᠭ᠎ᠠ ᠮᠣᠩᠭᠣᠯ ᠤᠯᠤᠰ ᠤᠨ ᠶᠡᠷᠦᠩᠬᠡᠢᠢᠯᠡᠭᠴᠢ ᠬᠠ‍᠂ᠪᠠᠲᠤᠲᠤᠯᠭ᠎ᠠ ᠲᠥᠷᠦ ᠢᠢᠨ ᠶᠢᠰᠦᠨ ᠬᠥᠯᠲᠦ ᠴᠠᠭᠠᠨ ᠲᠤᠭ ᠤᠨ ᠡᠮᠦᠨ᠎ᠡ ᠬᠦᠷᠦᠯᠴᠡᠨ ᠢᠷᠡᠵᠦ᠄

 

《ᠢᠷᠡᠵᠦ ᠪᠤᠢ ᠰᠢᠷᠤᠢ ᠨᠣᠬᠠᠢ ᠵᠢᠯ ᠳᠥ ᠢᠷᠭᠡᠳ ᠦᠨ ᠠᠵᠤ ᠠᠮᠢᠳᠤᠷᠠᠯ ᠥᠭᠡᠳᠡᠯᠡᠨ ᠳᠡᠭᠡᠭ᠍ᠰᠢᠯᠡᠬᠦ ᠰᠠᠢᠢᠬᠠᠨ ᠵᠢᠯ ᠪᠣᠯᠤᠭᠠᠰᠠᠢ᠃ ᠲᠠ ᠪᠦᠬᠦᠨ ᠰᠠᠷ᠎ᠠ ᠰᠢᠨ᠎ᠡ ᠳᠥ ᠪᠡᠨ ᠰᠠᠢᠢᠬᠠᠨ ᠰᠢᠨᠡᠯᠡᠭᠡᠷᠡᠢ》 ᠭᠡᠪᠡ᠃