Та "Internet explorer"-ийн сүүлийн хувилбар болох "Microsoft edge"-г ашиглана уу

Хэрэв "Microsoft edge"-г татах бол энд дарж татаж авна уу

ᠲᠠᠪᠤᠨᠲᠣᠯᠣᠭᠠᠢ-ᠵᠡᠭᠦᠨᠪᠠᠶᠠᠨ ᠴᠢᠭᠯᠡᠯ ᠦᠨ 416.1 ᠺᠢᠯᠣᠮᠧᠲ᠋ᠷ ᠲᠡᠮᠦᠷ ᠵᠠᠮ ᠤᠨ ᠪᠦᠲᠦᠭᠡᠨ ᠪᠠᠢᠢᠭᠤᠯᠤᠯᠲᠠ ᠢᠢᠨ ᠠᠵᠢᠯ ᠳᠠᠭᠤᠰᠤᠯ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬᠠᠯᠲᠠᠮ᠎ᠠ ᠢᠢᠨ ᠪᠠᠲᠤᠲᠤᠯᠭ᠎ᠠ 2021 ᠣᠨ ᠤ ᠲᠠᠪᠤᠳᠤᠭᠠᠷ ᠰᠠᠷ᠎ᠠ ᠢᠢᠨ 22-23 ᠍ ᠤ ᠡᠳᠦᠷ ᠦᠳ ᠲᠥ ᠳᠣᠷᠣᠨᠠᠭᠣᠪᠢ᠂ ᠡᠮᠦᠨᠡᠭᠣᠪᠢ ᠠᠢᠢᠮᠠᠭ ᠤᠳ ᠲᠤ ᠠᠵᠢᠯᠯᠠᠵᠤ᠂ ᠲᠠᠪᠤᠨᠲᠣᠯᠣᠭᠠᠢ-ᠵᠡᠭᠦᠨᠪᠠᠶᠠᠨ ᠴᠢᠭᠯᠡᠯ ᠦᠨ 416.1 ᠺᠢᠯᠣᠮᠧᠲ᠋ᠷ᠂ ᠲᠠᠪᠤᠨᠲᠣᠯᠣᠭᠠᠢ-ᠭᠠᠰᠢᠭᠤᠨᠠᠰᠤᠬᠠᠢ ᠳᠤ ᠴᠢᠭᠯᠡᠯ ᠦᠨ 240 ᠺᠢᠯᠣᠮᠧᠲ᠋ᠷ ᠲᠡᠮᠦᠷ ᠵᠠᠮ ᠤᠨ ᠪᠦᠲᠦᠭᠡᠨ ᠪᠠᠢᠢᠭᠤᠯᠤᠯᠲᠠ ᠢᠢᠨ ᠠᠵᠢᠯ ᠲᠠᠢ ᠲᠠᠨᠢᠯᠴᠠᠯ᠎ᠠ᠃

ᠣᠳᠣ ᠠᠴᠠ ᠬᠣᠶᠠᠷ ᠵᠢᠯ ᠦᠨ ᠡᠮᠦᠨ᠎ᠡ ᠪᠤᠶᠤ 2019 ᠣᠨ ᠤ ᠲᠠᠪᠤᠳᠤᠭᠠᠷ ᠰᠠᠷ᠎ᠠ ᠢᠢᠨ 24 ᠍ ᠦ ᠡᠳᠦᠷ ᠨᠡᠭᠡᠭᠡᠯᠲᠡ ᠪᠡᠨ ᠬᠢᠭ᠍ᠰᠡᠨ ᠲᠠᠪᠤᠨᠲᠣᠯᠣᠭᠠᠢ-ᠵᠡᠭᠦᠨᠪᠠᠶᠠᠨ ᠴᠢᠭᠯᠡᠯ ᠦᠨ 416.1 ᠺᠢᠯᠣᠮᠧᠲ᠋ᠷ ᠬᠡᠪᠲᠡᠭᠡ ᠲᠡᠩᠬᠡᠯᠢᠭ᠌ ᠦᠨ ᠲᠡᠮᠦᠷ ᠵᠠᠮ ᠤᠨ ᠳᠡᠭᠡᠳᠦ᠂ ᠳᠣᠣᠷᠠᠳᠤ ᠪᠦᠲᠦᠴᠡ ᠢᠢᠨ ᠠᠵᠢᠯ ᠦᠨᠳᠦᠰᠦᠨ ᠳᠥ ᠪᠡᠨ ᠳᠠᠭᠤᠰᠴᠤ᠂ 2021 ᠣᠨ ᠤ ᠵᠢᠷᠭᠤᠳᠤᠭᠠᠷ ᠰᠠᠷ᠎ᠠ ᠳᠤ ᠬᠦᠯᠢᠶᠡᠯᠭᠡᠨ ᠥᠭ᠍ᠬᠦ ᠭᠡᠵᠦ ᠪᠠᠢᠢᠨ᠎ᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬᠠᠯᠲᠠᠮ᠎ᠠ ᠢᠢᠨ ᠪᠠᠲᠤᠲᠤᠯᠭ᠎ᠠ 2019 ᠣᠨ ᠤ ᠲᠠᠪᠤᠳᠤᠭᠠᠷ ᠰᠠᠷ᠎ᠠ ᠢᠢᠨ 24 ᠍ ᠦ ᠡᠳᠦᠷ ᠳᠣᠷᠣᠨᠠᠭᠣᠪᠢ ᠠᠢᠢᠮᠠᠭ ᠤᠨ ᠮᠠᠨᠳᠤᠬᠤ ᠰᠤᠮᠤ ᠢᠢᠨ ᠨᠤᠲᠤᠭ ᠲᠤ ᠪᠣᠯᠤᠭᠰᠠᠨ ᠲᠠᠪᠤᠨᠲᠣᠯᠣᠭᠠᠢ-ᠵᠡᠭᠦᠨᠪᠠᠶᠠᠨ ᠴᠢᠭᠯᠡᠯ ᠦᠨ 416.1 ᠺᠢᠯᠣᠮᠧᠲ᠋ᠷ ᠲᠡᠮᠦᠷ ᠵᠠᠮ ᠤᠨ ᠨᠡᠭᠡᠭᠡᠯᠲᠡ ᠢᠢᠨ ᠶᠣᠰᠣᠯᠠᠯ ᠳᠤ ᠣᠷᠣᠯᠴᠠᠵᠤ ᠪᠠᠢᠢᠭᠰᠠᠨ ᠪᠢᠯᠡ᠃ ᠲᠡᠭᠡᠪᠡᠯ ᠲᠤᠰ ᠲᠥᠰᠥᠯ ᠦᠨ ᠨᠡᠭᠡᠭᠡᠯᠲᠡ ᠢᠢ ᠬᠢᠭ᠍ᠰᠡᠨ ᠡᠴᠡ ᠬᠣᠢᠢᠰᠢ ᠥᠨᠥᠳᠥᠷ ᠬᠣᠶᠠᠷ ᠵᠢᠯ ᠪᠣᠯᠵᠤ ᠪᠠᠢᠢᠭ᠎ᠠ ᠶᠤᠮ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬᠠᠯᠲᠠᠮ᠎ᠠ ᠢᠢᠨ ᠪᠠᠲᠤᠲᠤᠯᠭ᠎ᠠ ᠵᠡᠭᠦᠨᠪᠠᠶᠠᠨ ᠥᠷᠲᠡᠭᠡᠨ ᠳᠥ ᠠᠵᠢᠯᠯᠠᠬᠤ ᠦᠶ᠎ᠡ ᠪᠡᠷ ᠢᠶᠡᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬᠠᠯᠲᠠᠮ᠎ᠠ ᠢᠢᠨ ᠪᠠᠲᠤᠲᠤᠯᠭ᠎ᠠ ᠮᠣᠩ᠋ᠭᠣᠯᠴᠤᠳ ᠤᠨ ᠥᠪᠡᠷᠰᠡᠳ ᠢᠶᠡᠨ ᠪᠠᠷᠢᠵᠤ ᠪᠠᠢᠢᠭᠤᠯᠤᠭᠰᠠᠨ ᠠᠩ᠋ᠬᠠᠨ ᠤ ᠲᠣᠮᠣᠬᠠᠨ ᠪᠦᠲᠦᠭᠡᠨ ᠪᠠᠢᠢᠭᠤᠯᠤᠯᠲᠠ ᠢᠢ ᠮᠢᠯᠢᠶᠠᠵᠤ᠂ ᠰᠦ᠋ᠨ ᠡᠷᠭᠦᠪᠡ᠃

ᠬᠠᠷᠢᠨ ᠲᠡᠮᠦᠷ ᠵᠠᠮ ᠤᠨ ᠡᠬᠢᠯᠡᠯ ᠦᠨ ᠴᠡᠭ ᠪᠤᠶᠤ ᠰᠢᠨ᠎ᠡ ᠪᠡᠷ ᠪᠠᠷᠢᠵᠤ ᠪᠠᠢᠢᠭᠤᠯᠤᠭᠰᠠᠨ ᠴᠣᠭᠲᠤᠴᠡᠴᠡᠢ ᠥᠷᠲᠡᠭᠡᠨ ᠳᠥ ᠠᠵᠢᠯᠯᠠᠬᠤ ᠦᠶ᠎ᠡ ᠪᠡᠷ ᠢᠶᠡᠨ 《ᠥᠨᠥᠳᠥᠷ ᠡᠴᠡ ᠶᠠᠭ ᠬᠣᠶᠠᠷ ᠵᠢᠯ ᠦᠨ ᠡᠮᠦᠨ᠎ᠡ ᠵᠡᠭᠦᠨᠪᠠᠶᠠᠨ ᠠᠴᠠ ᠴᠣᠭᠲᠤᠴᠡᠴᠡᠢ ᠰᠤᠮᠤ ᠬᠦᠷᠲᠡᠯᠡᠬᠢ 416 ᠺᠢᠯᠣᠮᠧᠲ᠋ᠷ ᠲᠡᠮᠦᠷ ᠵᠠᠮ ᠤᠨ ᠰᠢᠪᠠ ᠢᠢ ᠮᠠᠨᠳᠤᠬᠤ ᠰᠤᠮᠤ ᠢᠢᠨ ᠨᠤᠲᠤᠭ ᠲᠤ ᠲᠠᠯᠪᠢᠵᠤ ᠪᠠᠢᠢᠭᠰᠠᠨ᠃ ᠥᠨᠥᠳᠥᠷ ᠪᠢᠳᠡ ᠠᠵᠢᠯ ᠤᠳ ᠢᠶᠠᠨ ᠳᠠᠭᠤᠰᠬᠠᠴᠢᠬᠠᠭᠠᠳ 《0》 ᠴᠡᠭ ᠡᠴᠡ ᠡᠬᠢᠯᠡᠵᠦ ᠪᠠᠢᠢᠭ᠎ᠠ ᠴᠣᠭᠲᠤᠴᠡᠴᠡᠢ ᠥᠷᠲᠡᠭᠡᠨ ᠦ 120 ᠠᠢᠢᠯ ᠤᠨ ᠣᠷᠣᠨ ᠰᠠᠭᠤᠴᠠᠨ ᠤ ᠨᠡᠭᠡᠭᠡᠯᠲᠡ ᠳᠥ ᠣᠷᠣᠯᠴᠠᠵᠤ ᠪᠠᠢᠢᠭ᠎ᠠ ᠳᠤ ᠪᠠᠨ ᠮᠢᠨᠦ ᠪᠡᠶ᠎ᠡ ᠪᠠᠶᠠᠷᠲᠠᠢ ᠪᠠᠢᠢᠨ᠎ᠠ᠃ ᠡᠨᠡᠬᠦ ᠲᠥᠰᠥᠯ ᠳᠥ ᠣᠷᠣᠯᠴᠠᠭᠰᠠᠨ 《ᠮᠣᠩ᠋ᠭᠣᠯ ᠤᠨ ᠲᠡᠮᠦᠷ ᠵᠠᠮ》 ᠲᠥᠷᠥ ᠢᠢᠨ ᠥᠮᠴᠢ ᠢᠢᠨ ᠬᠤᠪᠢᠴᠠᠭᠠᠲᠤ ᠺᠣᠮᠫᠠᠨᠢ᠂ 《ᠤᠯᠠᠭᠠᠨᠪᠠᠭᠠᠲᠤᠷ ᠲᠡᠮᠦᠷ ᠵᠠᠮ》 ᠬᠤᠪᠢ ᠨᠡᠢᠢᠯᠡᠭᠦᠯᠦᠭᠰᠡᠠ ᠨᠡᠢᠢᠭᠡᠮᠯᠢᠭ᠌᠂ ᠵᠡᠪᠰᠡᠭᠲᠦ ᠬᠦᠴᠦᠨ ᠦ ᠵᠠᠩᠵᠤᠨ ᠱᠲ᠋ᠠᠪ ᠤᠨ ᠬᠠᠮᠲᠤ ᠣᠯᠠᠨ ᠳᠤ ᠪᠠᠶᠠᠷ ᠬᠦᠷᠭᠡᠵᠦ᠂ ᠠᠮᠵᠢᠯᠲᠠ ᠬᠦᠰᠡᠶ᠎ᠡ!

ᠡᠨᠡ ᠲᠡᠮᠦᠷ ᠵᠠᠮ ᠠᠰᠢᠭᠯᠠᠯᠲᠠ ᠳᠤ ᠣᠷᠣᠵᠤ᠂ ᠲᠥᠰᠥᠯ ᠢ ᠰᠦᠬᠡᠪᠠᠭᠠᠲᠤᠷ ᠠᠢᠢᠮᠠᠭ᠂ ᠳᠣᠷᠣᠨᠠᠲᠤ ᠠᠢᠢᠮᠠᠭ᠂ ᠤᠯᠠᠮ ᠢᠶᠠᠷ ᠪᠢᠴᠢᠭᠲᠦ ᠪᠣᠭᠣᠮᠲᠠ ᠷᠦᠦ ᠦᠷᠭᠦᠯᠵᠢᠯᠡᠭᠦᠯᠬᠦ ᠶᠤᠮ ᠪᠣᠯ ᠮᠣᠩ᠋ᠭᠣᠯ ᠤᠨ ᠡᠳ᠋ ᠍ ᠦᠨ ᠵᠠᠰᠠᠭ ᠰᠡᠷᠭᠦᠵᠦ᠂ ᠡᠵᠡᠨ ᠦᠭᠡᠢ ᠪᠣᠯᠵᠤ ᠪᠠᠢᠢᠭ᠎ᠠ ᠭᠣᠪᠢ ᠡᠵᠡᠨ ᠲᠡᠢ ᠪᠣᠯᠵᠤ᠂ ᠭᠣᠪᠢ ᠢᠢᠨ ᠪᠠᠶᠠᠯᠢᠭ ᠢ ᠠᠰᠢᠭᠯᠠᠬᠤ ᠳᠡᠳ᠋ ᠪᠦᠲᠦᠴᠡ ᠲᠡᠢ ᠪᠣᠯᠵᠤ ᠪᠠᠢᠢᠭ᠎ᠠ ᠶᠤᠮ᠃ ᠢᠩᠭᠢᠭ᠍ᠰᠡᠨ ᠢᠶᠡᠷ ᠢᠶᠡᠨ ᠮᠣᠩ᠋ᠭᠣᠯ ᠤᠨ ᠡᠳ᠋ ᠍ ᠦᠨ ᠵᠠᠰᠠᠭ 3-5 ᠳᠠᠬᠢᠨ ᠥᠰᠬᠦ ᠲᠣᠭᠠᠴᠠᠭ᠎ᠠ ᠭᠠᠷᠤᠭᠰᠠᠨ ᠪᠠᠢᠢᠭ᠎ᠠ᠃ ᠡᠨᠡ ᠲᠣᠮᠣ ᠠᠵᠢᠯ ᠤᠨ ᠠᠷᠠᠳ ᠭᠠᠷᠤᠭᠰᠠᠨ ᠲᠠ ᠪᠦᠬᠦᠨ ᠳᠥ ᠳᠠᠬᠢᠨ ᠪᠠᠶᠠᠷ ᠬᠦᠷᠭᠡᠶ᠎ᠡ》 ᠭᠡᠯ᠎ᠡ᠃

ᠲᠠᠪᠤᠨᠲᠣᠯᠣᠭᠠᠢ-ᠵᠡᠭᠦᠨᠪᠠᠶᠠᠨ ᠴᠢᠭᠯᠡᠯ ᠦᠨ ᠲᠡᠮᠦᠷ ᠵᠠᠮ ᠄
《ᠮᠣᠩ᠋ᠭᠣᠯ ᠤᠨ ᠲᠡᠮᠦᠷ ᠵᠠᠮ》 ᠲᠥᠷᠥ ᠢᠢᠨ ᠥᠮᠴᠢ ᠢᠢᠨ ᠬᠤᠪᠢᠴᠠᠭᠠᠲᠤ ᠺᠣᠮᠫᠠᠨᠢ ᠦᠨ ᠵᠠᠬᠢᠶᠠᠯᠠᠭ᠎ᠠ ᠪᠠᠷ ᠪᠠᠷᠢᠭᠳᠠᠵᠤ ᠪᠤᠢ ᠲᠠᠪᠤᠨᠲᠣᠯᠣᠭᠠᠢ-ᠵᠡᠭᠦᠨᠪᠠᠶᠠᠨ ᠴᠢᠭᠯᠡᠯ ᠦᠨ ᠲᠡᠮᠦᠷ ᠵᠠᠮ ᠤᠨ ᠳᠣᠣᠷᠠᠳᠤ ᠪᠦᠲᠦᠴᠡ ᠪᠤᠶᠤ ᠭᠠᠵᠠᠷ ᠰᠢᠷᠣᠢ᠂ ᠬᠢᠮᠡᠯ ᠪᠠᠢᠢᠭᠤᠯᠤᠮᠵᠢ ᠢᠢᠨ ᠠᠵᠢᠯ ᠤᠨ ᠶᠡᠷᠦᠩᠬᠡᠢ ᠭᠦᠢᠴᠡᠳᠬᠡᠭ᠍ᠴᠢ ᠪᠡᠷ ᠵᠡᠪᠰᠡᠭᠲᠦ ᠬᠦᠴᠦᠨ ᠦ ᠵᠠᠩᠵᠤᠨ ᠱᠲ᠋ᠠᠪ᠂ ᠳᠡᠭᠡᠳᠦ ᠪᠦᠲᠦᠴᠡ ᠢᠢᠨ ᠠᠵᠢᠯ ᠤᠨ ᠶᠡᠷᠦᠩᠬᠡᠢ ᠭᠦᠢᠴᠡᠳᠬᠡᠭ᠍ᠴᠢ ᠪᠡᠷ 《ᠤᠯᠠᠭᠠᠨᠪᠠᠭᠠᠲᠤᠷ ᠲᠡᠮᠦᠷ ᠵᠠᠮ》ᠬᠤᠪᠢ ᠨᠡᠢᠢᠯᠡᠭᠦᠯᠦᠭᠰᠡᠠ ᠨᠡᠢᠢᠭᠡᠮᠯᠢᠭ᠌ ᠠᠵᠢᠯᠯᠠᠭᠰᠠᠨ ᠶᠤᠮ᠃

ᠲᠣᠳᠣᠷᠠᠭᠤᠯᠪᠠᠯ᠂ ᠲᠤᠰ ᠲᠡᠮᠦᠷ ᠵᠠᠮ ᠤᠨ ᠳᠣᠣᠷᠠᠳᠤ ᠪᠦᠲᠦᠴᠡ ᠢᠢᠨ ᠠᠵᠢᠯ ᠢ ᠵᠡᠪᠰᠡᠭᠲᠦ ᠬᠦᠴᠦᠨ ᠦ 10 ᠭᠠᠷᠤᠢ ᠠᠩᠭᠢ᠂ ᠲᠤᠰᠯᠠᠨ ᠭᠦᠢᠴᠡᠳᠬᠡᠭ᠍ᠴᠢ ᠳᠣᠲᠣᠭᠠᠳᠤ ᠢᠢᠨ 60 ᠭᠠᠷᠤᠢ ᠠᠵᠤ ᠠᠬᠤᠢ ᠢᠢᠨ ᠨᠢᠭᠡᠴᠡ ᠢᠢᠨ 6᠂000 ᠣᠷᠴᠢᠮ ᠠᠯᠪᠠ᠂ ᠠᠵᠢᠯᠴᠢᠳ 1.2 ᠵᠢᠯ ᠦᠨ ᠬᠤᠭᠤᠴᠠᠭᠠᠨ ᠳᠤ ᠭᠦᠢᠴᠡᠳᠭᠡᠵᠦ᠂ 2020 ᠣᠨ ᠤ ᠨᠠᠢᠢᠮᠠᠳᠤᠭᠠᠷ ᠰᠠᠷ᠎ᠠ ᠢᠢᠨ 25 ᠍ ᠤ ᠡᠳᠦᠷ ᠬᠦᠯᠢᠶᠡᠯᠭᠡᠨ ᠥᠭ᠍ᠭᠦᠭ᠍ᠰᠡᠨ᠃

ᠬᠠᠷᠢᠨ ᠲᠡᠮᠦᠷ ᠵᠠᠮ ᠤᠨ ᠳᠡᠭᠡᠳᠦ ᠪᠦᠲᠦᠴᠡ ᠢᠢᠨ ᠦᠨᠳᠦᠰᠦᠨ ᠪᠦᠷᠢᠳᠦᠯ ᠬᠡᠰᠡᠭ ᠪᠣᠯᠬᠤ ᠷᠧᠯᠰ ᠲᠡᠮᠦᠷ ᠢ ᠤᠭᠰᠠᠷᠠᠬᠤ᠂ 2 ᠦᠶ᠎ᠡ ᠪᠠᠯᠠᠯᠰᠤᠲᠤ ᠢᠢ ᠳᠡᠪᠢᠰᠬᠦ᠂ ᠴᠢᠭᠵᠢᠬᠦ ᠠᠵᠢᠯ ᠳᠤ 《ᠤᠯᠠᠭᠠᠨᠪᠠᠭᠠᠲᠤᠷ ᠲᠡᠮᠦᠷ ᠵᠠᠮ》ᠬᠤᠪᠢ ᠨᠡᠢᠢᠯᠡᠭᠦᠯᠦᠭᠰᠡᠠ ᠨᠡᠢᠢᠭᠡᠮᠯᠢᠭ᠌ ᠍ ᠦᠨ ᠲᠤᠰᠯᠠᠨ ᠭᠦᠢᠴᠡᠳᠬᠡᠭ᠍ᠴᠢ ᠪᠡᠷ ᠵᠡᠪᠰᠡᠭᠲᠦ ᠬᠦᠴᠦᠨ ᠦ ᠵᠠᠩᠵᠤᠨ ᠱᠲ᠋ᠠᠪ ᠣᠷᠣᠯᠴᠠᠵᠤ᠂ 195 ᠺᠢᠯᠣᠮᠧᠲ᠋ᠷ᠂ 221 ᠺᠢᠯᠣᠮᠧᠲ᠋ᠷ ᠦᠨ ᠠᠵᠢᠯ ᠢ ᠲᠤᠰ ᠲᠤᠰ ᠬᠤᠪᠢᠶᠠᠨ ᠭᠦᠢᠴᠡᠳᠭᠡᠵᠡᠢ᠃ ᠮᠥᠨ ᠲᠡᠮᠦᠷ ᠵᠠᠮ ᠳᠠᠭᠠᠭᠰᠠᠨ 6 ᠵᠥᠷᠢᠯᠭᠡ᠂ 1 ᠥᠷᠲᠡᠭᠡᠨ ᠦ ᠪᠠᠷᠢᠯᠭ᠎ᠠ ᠢᠢᠨ ᠠᠵᠢᠯ ᠢ ᠮᠥᠨ ᠵᠡᠪᠰᠡᠭᠲᠦ ᠬᠦᠴᠦᠨ ᠦ ᠠᠩᠭᠢ ᠨᠤᠭᠤᠳ ᠪᠠᠷᠢᠵᠤ ᠳᠠᠭᠤᠰᠬᠠᠭᠠᠳ ᠪᠠᠢᠢᠨ᠎ᠠ᠃

ᠲᠠᠪᠤᠨᠲᠣᠯᠣᠭᠠᠢ-ᠵᠡᠭᠦᠨᠪᠠᠶᠠᠨ ᠴᠢᠭᠯᠡᠯ ᠦᠨ ᠬᠡᠪᠲᠡᠭᠡ ᠲᠡᠩᠬᠡᠯᠢᠭ᠌ ᠦᠨ ᠲᠡᠮᠦᠷ ᠵᠠᠮ ᠤᠨ ᠲᠥᠰᠥᠯ ᠢ ᠳᠠᠭᠤᠰᠬᠠᠭᠰᠠᠨ ᠤ ᠳᠠᠷᠠᠭ᠎ᠠ ᠳᠣᠷᠣᠨᠠᠭᠣᠪᠢ ᠠᠢᠢᠮᠠᠭ ᠤᠨ ᠠᠯᠲᠠᠨᠰᠢᠷᠡᠭᠡ ᠰᠤᠮᠤᠨ ᠳᠤ ᠪᠠᠷᠢᠭᠳᠠᠵᠤ ᠪᠤᠢ ᠭᠠᠵᠠᠷ ᠤᠨ ᠲᠣᠰᠣ ᠪᠣᠯᠪᠠᠰᠤᠷᠠᠭᠤᠯᠬᠤ ᠦᠢᠯᠡᠳᠪᠦᠷᠢ ᠲᠡᠢ ᠬᠣᠯᠪᠣᠵᠤ᠂ ᠤᠯᠠᠮ ᠢᠶᠠᠷ ᠰᠦᠬᠡᠪᠠᠭᠠᠲᠤᠷ᠂ ᠳᠣᠷᠣᠨᠠᠲᠤ ᠠᠢᠢᠮᠠᠭ ᠢᠶᠠᠷ ᠳᠠᠮᠵᠢᠭᠤᠯᠤᠨ ᠪᠢᠴᠢᠭᠲᠦ ᠢᠢᠨ ᠪᠣᠭᠣᠮᠲᠠ ᠲᠠᠢ ᠬᠤᠯᠪᠤᠬᠤ ᠲᠡᠮᠦᠷ ᠵᠠᠮ ᠤᠨ ᠳᠡᠳ᠋ ᠪᠦᠲᠦᠴᠡ ᠢᠢ ᠪᠠᠷᠢᠵᠤ ᠪᠠᠢᠢᠭᠤᠯᠬᠤ ᠱᠠᠭᠠᠷᠳᠠᠯᠭ᠎ᠠ ᠲᠠᠢ᠃

ᠲᠤᠰ ᠲᠥᠰᠥᠯ ᠳᠡᠭᠡᠷ᠎ᠡ ᠠᠵᠢᠯᠯᠠᠭᠰᠠᠨ ᠵᠡᠪᠰᠡᠭᠲᠦ ᠬᠦᠴᠦᠨ ᠦ ᠪᠡᠶ᠎ᠡ ᠪᠦᠷᠢᠯᠳᠦᠬᠦᠨ ᠪᠣᠯᠤᠨ ᠳᠣᠲᠣᠭᠠᠳᠤ ᠢᠢᠨ ᠠᠵᠤ ᠠᠬᠤᠢ ᠢᠢᠨ ᠨᠢᠭᠡᠴᠡ ᠨᠦᠭᠦᠳ ᠲᠡᠮᠦᠷ ᠵᠠᠮ ᠤᠨ ᠳᠡᠳ᠋ ᠪᠦᠲᠦᠴᠡ ᠢᠢ ᠪᠠᠷᠢᠵᠤ ᠪᠠᠢᠢᠭᠤᠯᠬᠤ ᠲᠤᠷᠰᠢᠯᠭ᠎ᠠ ᠢᠢ ᠬᠤᠷᠠᠮᠲᠤᠯᠠᠭᠤᠯᠵᠤ᠂ ᠲᠧᠭᠨᠢᠭ᠂ ᠬᠡᠷᠡᠭᠰᠡᠯ ᠦᠨ ᠨᠥᠭᠡᠴᠡ ᠲᠡᠢ ᠪᠣᠯᠤᠭᠰᠠᠨ ᠤᠴᠢᠷ ᠲᠥᠷᠥ ᠡᠴᠡ ᠲᠡᠮᠦᠷ ᠵᠠᠮ ᠤᠨ ᠲᠡᠭᠡᠭᠡᠪᠦᠷᠢ ᠢᠢᠨ ᠲᠠᠯ᠎ᠠ ᠪᠠᠷ ᠪᠠᠷᠢᠮᠲᠠᠯᠠᠬᠤ ᠪᠣᠳᠣᠯᠭ᠎ᠠ ᠳᠤ ᠲᠤᠰᠠᠭᠰᠠᠨ ᠳᠣᠲᠣᠭᠠᠳᠤ ᠢᠢᠨ ᠲᠡᠮᠦᠷ ᠵᠠᠮ ᠤᠨ ᠨᠢᠭᠡᠳᠦᠭᠰᠡᠨ ᠰᠦᠯᠵᠢᠶ᠎ᠡ ᠢᠢ ᠥᠪᠡᠷᠰᠡᠳ ᠦᠨ ᠬᠦᠴᠦᠨ ᠴᠢᠳᠠᠯ ᠢᠶᠠᠷ ᠪᠠᠷᠢᠵᠤ ᠪᠠᠢᠢᠭᠤᠯᠬᠤ ᠪᠦᠷᠢᠨ ᠨᠥᠭᠡᠴᠡ ᠪᠣᠯᠤᠯᠴᠠᠭ᠎ᠠ ᠲᠠᠢ ᠪᠣᠯᠤᠭᠰᠠᠨ ᠶᠤᠮ᠃

ᠲᠡᠮᠦᠷ ᠵᠠᠮ ᠤᠨ ᠳᠣᠲᠣᠭᠠᠳᠤ ᠢᠢᠨ ᠨᠢᠭᠡᠳᠦᠭᠰᠡᠨ ᠰᠦᠯᠵᠢᠶ᠎ᠡ ᠢᠢ ᠪᠢᠴᠢᠭᠲᠦ ᠢᠢᠨ ᠪᠣᠭᠣᠮᠲᠠ ᠬᠦᠷᠲᠡᠯ᠎ᠡ ᠪᠠᠷᠢᠵᠤ ᠪᠠᠢᠢᠭᠤᠯᠤᠭᠰᠠᠨ ᠢᠶᠠᠷ ᠲᠡᠮᠦᠷ ᠵᠠᠮ ᠤᠨ ᠳᠠᠭᠠᠭᠤ ᠪᠠᠢᠢᠷᠢᠯᠠᠬᠤ 37 ᠣᠷᠳᠣ ᠭᠠᠵᠠᠷ ᠤᠨ ᠪᠠᠶᠠᠯᠢᠭ ᠢ ᠡᠷᠭᠢᠯᠲᠡ ᠳᠥ ᠤᠷᠤᠭᠤᠯᠬᠤ᠂ ᠨᠡᠭᠦᠷᠡᠰᠦ ᠲᠡᠭᠡᠭᠡᠪᠦᠷᠢᠯᠡᠯᠲᠡ ᠢᠢ ᠨᠡᠮᠡᠭᠳᠡᠭᠦᠯᠬᠦ᠂ ᠲᠷᠠᠨ᠋ᠽᠢᠲ ᠲᠡᠭᠡᠭᠡᠪᠦᠷᠢ ᠢᠢᠨ ᠮᠠᠷᠱᠷᠦ᠋ᠲ ᠢ ᠬᠥᠭ᠍ᠵᠢᠭᠦᠯᠬᠦ ᠵᠠᠮ ᠢᠶᠠᠷ ᠡᠳ᠋ ᠍ ᠦᠨ ᠵᠠᠰᠠᠭ ᠢ ᠲᠡᠯᠡᠬᠦ᠂ ᠨᠢᠭᠡ ᠵᠠᠬ᠎ᠠ ᠵᠡᠭᠡᠯᠢ ᠡᠴᠡ ᠬᠠᠷᠠᠭᠠᠲᠤ ᠪᠤᠰᠤ ᠪᠠᠢᠢᠳᠠᠯ ᠢ ᠪᠤᠢ ᠪᠣᠯᠭᠠᠬᠤ ᠠᠴᠢ ᠬᠣᠯᠪᠣᠭᠳᠠᠯ ᠲᠠᠢ᠃