Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠵᠢᠷᠭᠤᠭ᠎ᠠ ᠳ᠋ᠠᠬᠢ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠲᠠᠩ᠋ᠭᠠᠷᠢᠭ ᠡᠷᠭᠦᠯ᠎ᠡ

ᠮᠣᠩ᠋ᠭᠣᠯ ᠤᠯᠤᠰ ᠤᠨ ᠵᠢᠷᠭᠤᠭ᠎ᠠ ᠳᠠᠬᠢ ᠶᠡᠷᠦᠩᠬᠡᠢᠢᠯᠡᠭᠴᠢ ᠪᠡᠷ ᠰᠣᠩ᠋ᠭᠣᠭᠳᠠᠭᠰᠠᠨ ᠤᠬᠤᠨ᠎ᠠ ᠢᠢᠨ ᠬᠦᠷᠡᠯᠰᠦ᠋ᠬᠡ ᠢᠢᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠲᠠᠩ᠋ᠭᠠᠷᠢᠭ ᠡᠷᠭᠦᠬᠦ ᠶᠣᠰᠣᠯᠠᠯ ᠤᠨ ᠠᠵᠢᠯᠯᠠᠭ᠎ᠠ ᠥᠨᠥᠳᠥᠷ ᠲᠥᠷᠥ ᠢᠢᠨ ᠣᠷᠳᠣᠨ ᠤ 《ᠶᠡᠬᠡ ᠮᠣᠩ᠋ᠭᠣᠯ 》 ᠲᠠᠩᠬᠢᠮ ᠳᠤ ᠪᠣᠯᠤᠯ᠎ᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠲᠠᠩ᠋ᠭᠠᠷᠢᠭ ᠡᠷᠭᠦᠬᠦ ᠶᠣᠰᠣᠯᠠᠯ ᠤᠨ ᠡᠮᠦᠨ᠎ᠡ ᠰᠢᠨ᠎ᠡ ᠰᠣᠩ᠋ᠭᠣᠭᠳᠠᠭᠰᠠᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠭᠡᠷᠭᠡᠢ ᠢᠢᠨ ᠬᠠᠮᠲᠤ ᠶᠡᠬᠡ ᠡᠵᠡᠨ ᠴᠢᠩᠭᠢᠰ ᠬᠠᠭᠠᠨ ᠤ ᠬᠥᠰᠢᠶᠡᠨ ᠳᠥ ᠬᠦᠨᠳᠦᠳᠬᠡᠯ ᠦᠵᠡᠭᠦᠯᠪᠡ᠃

ᠲᠠᠩ᠋ᠭᠠᠷᠢᠭ ᠡᠷᠭᠦᠬᠦ ᠶᠣᠰᠣᠯᠠᠯ᠂ ᠲᠡᠭᠦᠨ ᠳᠥ ᠵᠣᠷᠢᠭᠤᠯᠤᠭᠰᠠᠨ ᠤᠯᠤᠰ ᠤᠨ ᠶᠡᠬᠡ ᠬᠤᠷᠠᠯ ᠤᠨ ᠬᠦᠨᠳᠦᠳᠬᠡᠯ ᠦᠨ ᠬᠤᠷᠠᠯᠳᠤᠭᠠᠨ ᠢ ᠤᠯᠤᠰ ᠤᠨ ᠶᠡᠬᠡ ᠬᠤᠷᠠᠯ ᠤᠨ ᠳᠠᠷᠤᠭ᠎ᠠ ᠭ ∙ ᠽᠠᠨᠳᠠᠨᠰᠢᠲᠠᠷ᠎ᠠ ᠨᠡᠭᠡᠭᠡᠨ ᠦᠭᠡ ᠬᠡᠯᠡᠵᠦ᠂ 《ᠮᠣᠩ᠋ᠭᠣᠯ ᠤᠯᠤᠰ ᠤᠨ ᠶᠡᠷᠦᠩᠬᠡᠢᠢᠯᠡᠭᠴᠢ ᠮᠣᠩ᠋ᠭᠣᠯ ᠤᠯᠤᠰ ᠤᠨ ᠶᠡᠬᠡ ᠬᠤᠷᠠᠯ ᠳᠤ ᠲᠠᠩ᠋ᠭᠠᠷᠢᠭ ᠡᠷᠭᠦᠨ᠎ᠡ》 ᠬᠡᠮᠡᠨ ᠵᠠᠷᠯᠠᠨ ᠮᠡᠳᠡᠭᠳᠡᠰᠦᠨ ᠢᠶᠡᠷ ᠲᠠᠩ᠋ᠭᠠᠷᠢᠭ ᠡᠷᠭᠦᠬᠦ ᠶᠣᠰᠣᠯᠠᠯ ᠡᠬᠢᠯᠡᠯ᠎ᠡ᠃

ᠶᠣᠰᠣᠯᠠᠯ ᠤᠨ ᠡᠬᠢᠨ ᠳᠥ ᠪᠦᠷᠢᠨ ᠡᠷᠬᠡ ᠨᠢ ᠳᠠᠭᠤᠰᠬᠠᠪᠤᠷᠢ ᠪᠣᠯᠵᠤ ᠪᠠᠢᠢᠭ᠎ᠠ ᠶᠡᠷᠦᠩᠬᠡᠢᠢᠯᠡᠭᠴᠢ ᠬᠠᠯᠲᠠᠮ᠎ᠠ ᠢᠢᠨ ᠪᠠᠲᠤᠲᠤᠯᠭ᠎ᠠ᠂ ᠰᠢᠨ᠎ᠡ ᠰᠣᠩ᠋ᠭᠣᠭᠳᠠᠭᠰᠠᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠨᠠᠷ ᠲᠥᠷᠥ ᠢᠢᠨ ᠣᠷᠳᠣᠨ ᠤ 《ᠶᠡᠬᠡ ᠮᠣᠩ᠋ᠭᠣᠯ 》 ᠲᠠᠩᠬᠢᠮ ᠤᠨ ᠲᠠᠢᠢᠵᠠᠨ᠎ᠠ ᠪᠠᠢᠢᠷᠢ ᠪᠠᠨ ᠡᠵᠡᠯᠡᠪᠡ᠃ ᠳᠠᠷᠠᠭ᠎ᠠ ᠨᠢ ᠤᠯᠤᠰ ᠤᠨ ᠶᠡᠬᠡ ᠬᠤᠷᠠᠯ ᠤᠨ ᠳᠠᠷᠤᠭ᠎ᠠ ᠰᠢᠨ᠎ᠡ ᠰᠣᠩ᠋ᠭᠣᠭᠳᠠᠭᠰᠠᠨ ᠶᠡᠷᠦᠩᠬᠡᠢᠢᠯᠡᠭᠴᠢ ᠢᠢ ᠲᠠᠩ᠋ᠭᠠᠷᠢᠭ ᠡᠷᠭᠦᠬᠦ ᠢᠢ ᠤᠷᠢᠯ᠎ᠠ᠃

ᠰᠢᠨ᠎ᠡ ᠰᠣᠩ᠋ᠭᠣᠭᠳᠠᠭᠰᠠᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠶᠡᠨᠳᠡᠷ ᠲᠥ ᠣᠴᠢᠵᠤ᠂ ᠦᠨᠳᠦᠰᠦᠨ ᠬᠠᠤᠯᠢ ᠢᠢᠨ ᠤᠭ ᠡᠬᠢ ᠳᠡᠭᠡᠷ᠎ᠡ ᠪᠠᠷᠠᠭᠤᠨ ᠭᠠᠷ ᠢᠶᠠᠨ ᠲᠠᠯᠪᠢᠵᠤ᠂ 《ᠮᠣᠩ᠋ᠭᠣᠯ ᠤᠯᠤᠰ ᠤᠨ ᠲᠤᠰᠠᠭᠠᠷ ᠲᠣᠭᠲᠠᠨᠢᠯ᠂ ᠪᠦᠷᠢᠨ ᠡᠷᠬᠡᠲᠦ ᠪᠠᠢᠢᠳᠠᠯ᠂ ᠠᠷᠠᠳ ᠲᠦᠮᠡᠨ ᠦ ᠪᠡᠨ ᠡᠷᠬᠡ ᠴᠢᠯᠦᠭᠡ᠂ ᠦᠨᠳᠦᠰᠦᠨ ᠦ ᠡᠪ ᠨᠢᠭᠡᠳᠦᠯ ᠢ ᠡᠷᠬᠢᠮᠯᠡᠨ ᠬᠠᠮᠠᠭᠠᠯᠠᠵᠤ᠂ ᠦᠨᠳᠦᠰᠦᠨ ᠬᠠᠤᠯᠢ ᠢᠢ ᠳᠡᠭᠡᠳᠦᠯᠡᠨ ᠰᠠᠬᠢᠵᠤ᠂ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠡᠭᠦᠷᠭᠡ ᠢᠢ ᠰᠢᠳᠤᠷᠭᠤ ᠪᠠᠷ ᠪᠡᠶᠡᠯᠡᠭᠦᠯᠬᠦ ᠪᠡᠨ ᠪᠠᠲᠤᠯᠠᠨ ᠲᠠᠩ᠋ᠭᠠᠷᠢᠭᠯᠠᠶ᠎ᠠ》 ᠬᠡᠮᠡᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠲᠠᠩ᠋ᠭᠠᠷᠢᠭ  ᠢ ᠳᠡᠭᠡᠳᠦᠯᠡᠨ ᠳᠠᠭᠤᠳᠠᠪᠠ᠃ ᠡᠭᠦᠨ ᠦ ᠳᠠᠷᠠᠭ᠎ᠠ ᠰᠢᠨ᠎ᠡ ᠰᠣᠩ᠋ᠭᠣᠭᠳᠠᠭᠰᠠᠨ ᠶᠡᠷᠦᠩᠬᠡᠢᠢᠯᠡᠭᠴᠢ ᠲᠠᠩ᠋ᠭᠠᠷᠢᠭ  ᠤᠨ ᠪᠢᠴᠢᠭ᠌ ᠲᠥ ᠭᠠᠷ ᠤᠨ ᠦᠰᠦᠭ ᠵᠢᠷᠤᠵᠤ᠂ ᠤᠯᠤᠰ ᠤᠨ ᠶᠡᠬᠡ ᠬᠤᠷᠠᠯ ᠤᠨ ᠳᠠᠷᠤᠭ᠎ᠠ ᠳᠤ ᠭᠠᠷᠳᠠᠭᠤᠯᠤᠯ᠎ᠠ᠃

ᠰᠢᠨ᠎ᠡ ᠰᠣᠩ᠋ᠭᠣᠭᠳᠠᠭᠰᠠᠨ ᠶᠡᠷᠦᠩᠬᠡᠢᠢᠯᠡᠭᠴᠢ ᠢᠢ ᠲᠥᠷᠥ ᠢᠢᠨ ᠳᠠᠯᠪᠠᠭᠠᠨ ᠠᠴᠠ ᠠᠳᠢᠰ ᠠᠪᠤᠭᠰᠠᠨ ᠤ ᠳᠠᠷᠠᠭ᠎ᠠ ᠪᠦᠷᠢᠨ ᠡᠷᠬᠡ ᠨᠢ ᠳᠠᠭᠤᠰᠬᠠᠪᠤᠷᠢ ᠪᠣᠯᠵᠤ ᠪᠠᠢᠢᠭ᠎ᠠ ᠶᠡᠷᠦᠩᠬᠡᠢᠢᠯᠡᠭᠴᠢ ᠲᠥᠷᠥ ᠢᠢᠨ ᠲᠠᠮᠠᠭ᠎ᠠ ᠢᠢ ᠬᠦᠨᠳᠦᠳᠬᠡᠯ ᠲᠡᠢ ᠪᠡᠷ ᠡᠷᠭᠦᠨ ᠪᠠᠷᠢᠪᠠ᠃ ᠰᠢᠨ᠎ᠡ ᠰᠣᠩ᠋ᠭᠣᠭᠳᠠᠭᠰᠠᠨ ᠶᠡᠷᠦᠩᠬᠡᠢᠢᠯᠡᠭᠴᠢ ᠲᠥᠷᠥ ᠢᠢᠨ ᠲᠠᠮᠠᠭ᠎ᠠ ᠢᠢ ᠬᠦᠨᠳᠦᠳᠬᠡᠯ ᠲᠡᠢ ᠪᠡᠷ ᠭᠠᠷᠳᠠᠨ ᠠᠪᠴᠤ᠂ ᠠᠳᠢᠰ ᠠᠪᠤᠭᠠᠳ ᠰᠢᠷᠡᠭᠡᠨ ᠳᠥ ᠪᠡᠨ ᠵᠠᠯᠠᠪᠠ᠃

ᠡᠭᠦᠨ ᠦ ᠳᠠᠷᠠᠭ᠎ᠠ ᠢᠷᠭᠡᠳ᠂ ᠰᠣᠩ᠋ᠭᠣᠭᠴᠢᠳ ᠢ ᠲᠥᠯᠦᠭᠡᠯᠡᠵᠦ᠂ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ᠂ ᠵᠥᠪᠯᠡᠯᠲᠦ ᠬᠣᠯᠪᠣᠭᠠᠲᠤ ᠤᠯᠤᠰ ᠤᠨ ᠪᠠᠭᠠᠲᠤᠷ᠂ 《ᠴᠢᠩᠭᠢᠰ ᠬᠠᠭᠠᠨ》 ᠣᠳᠣᠨᠳᠤ᠂ ᠰᠠᠨᠰᠠᠷ ᠤᠨ ᠨᠢᠰᠬᠡᠭ᠍ᠴᠢ ᠵ ∙ ᠭᠦᠷᠦᠷᠠᠭᠴᠠ ᠰᠢᠨ᠎ᠡ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠦᠰᠦ᠋ᠬᠡ ᠳᠥ ᠪᠠᠶᠠᠷ ᠬᠦᠷᠭᠡᠨ ᠦᠭᠡ ᠬᠡᠯᠡᠵᠦ᠂ ᠬᠠᠳᠠᠭ᠂ ᠮᠥᠩᠭᠥᠨ ᠠᠶᠠᠭ᠎ᠠ ᠲᠠᠢ ᠰᠦ᠋ᠨ ᠡᠷᠭᠦᠨ ᠪᠠᠷᠢᠯ᠎ᠠ᠃

ᠡᠢᠢᠨ ᠬᠦ ᠪᠦᠷᠢᠨ ᠡᠷᠬᠡ ᠨᠢ ᠬᠡᠷᠡᠭᠵᠢᠵᠦ ᠡᠬᠢᠯᠡᠭᠰᠡᠨ ᠮᠣᠩ᠋ᠭᠣᠯ ᠤᠯᠤᠰ ᠤᠨ ᠵᠢᠷᠭᠤᠭ᠎ᠠ ᠳ᠋ᠠᠬᠢ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠠᠷᠠᠳ ᠲᠦᠮᠡᠨ ᠳᠥ ᠪᠡᠨ ᠬᠠᠨᠳᠤᠨ ᠦᠭᠡ ᠬᠡᠯᠡᠯ᠎ᠡ᠃

ᠳᠠᠷᠠᠭ᠎ᠠ ᠨᠢ ᠤᠯᠤᠰ ᠤᠨ ᠶᠡᠬᠡ ᠬᠤᠷᠠᠯ ᠤᠨ ᠳᠠᠷᠤᠭ᠎ᠠ ᠭ ∙ ᠽᠠᠨᠳᠠᠨᠰᠢᠲᠠᠷ᠎ᠠ ᠪᠦᠷᠢᠨ ᠡᠷᠬᠡ ᠨᠢ ᠳᠠᠭᠤᠰᠬᠠᠪᠤᠷᠢ ᠪᠣᠯᠵᠤ ᠪᠠᠢᠢᠭ᠎ᠠ ᠶᠡᠷᠦᠩᠬᠡᠢᠢᠯᠡᠭᠴᠢ ᠬᠠᠯᠲᠠᠮ᠎ᠠ ᠢᠢᠨ ᠪᠠᠲᠤᠲᠤᠯᠭ᠎ᠠ ᠳᠤ ᠠᠮᠵᠢᠯᠲᠠ ᠬᠦᠰᠡᠵᠦ᠂ ᠰᠢᠨ᠎ᠡ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠳᠥ ᠪᠠᠶᠠᠷ ᠬᠦᠷᠭᠡᠨ ᠦᠭᠡ ᠬᠡᠯᠡᠭᠰᠡᠨ ᠢᠶᠡᠷ ᠲᠠᠩ᠋ᠭᠠᠷᠢᠭ ᠡᠷᠭᠦᠬᠦ ᠶᠣᠰᠣᠯᠠᠯ ᠥᠨᠳᠥᠷᠯᠡᠭᠰᠡᠨ ᠶᠤᠮ᠃

ᠲᠠᠩ᠋ᠭᠠᠷᠢᠭ ᠡᠷᠭᠦᠬᠦ ᠶᠣᠰᠣᠯᠠᠯ ᠤᠨ ᠳᠠᠷᠠᠭ᠎ᠠ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠲᠥᠷᠥ ᠢᠢᠨ ᠶᠣᠰᠣᠯᠠᠯ᠂ ᠬᠦᠨᠳᠦᠳᠬᠡᠯ ᠦᠨ ᠶᠡᠬᠡ ᠲᠠᠩᠬᠢᠮ ᠳᠤ ᠬᠦᠷᠡᠯᠴᠡᠨ ᠢᠷᠡᠵᠦ᠂ ᠲᠥᠷᠥ ᠢᠢᠨ ᠶᠡᠬᠡ ᠴᠠᠭᠠᠨ ᠲᠤᠭ ᠳᠤ ᠬᠦᠨᠳᠦᠳᠬᠡᠨ ᠶᠤᠰᠤᠯᠠᠪᠠ᠃