Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠤᠯ ᠤᠯᠤᠰ ᠤᠨ ᠶᠡᠷᠦᠩᠬᠡᠢᠢᠯᠡᠭᠴᠢ ᠤ᠂ᠬᠦᠷᠡᠯᠰᠦ᠋ᠬᠡ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠳᠠᠷᠤᠭ᠎ᠠ ᠰᠢ ᠵᠢᠨᠫᠢᠩ ᠲᠡᠢ ᠤᠳᠠᠰᠤ ᠪᠠᠷ ᠶᠠᠷᠢᠪᠠ

ᠮᠣᠩ᠋ᠭᠤᠯ ᠤᠯᠤᠰ ᠤᠨ ᠶᠡᠷᠦᠩᠬᠡᠢᠢᠯᠡᠭᠴᠢ ᠤ᠂ᠬᠦᠷᠡᠯᠰᠦ᠋ᠬᠡ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠳᠠᠷᠤᠭ᠎ᠠ ᠰᠢ ᠵᠢᠨᠫᠢᠩ ᠲᠡᠢ 2021 ᠣᠨ ᠤ 7  ᠳᠤᠭᠠᠷ ᠰᠠᠷ᠎ᠠ ᠢᠢᠨ 16 - ᠤ ᠡᠳᠦᠷ ᠤᠳᠠᠰᠤ ᠪᠠᠷ ᠶᠠᠷᠢᠪᠠ᠃

ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠳᠠᠷᠤᠭ᠎ᠠ ᠰᠢ ᠵᠢᠨᠫᠢᠩ ᠮᠣᠩ᠋ᠭᠤᠯ ᠤᠯᠤᠰ ᠤᠨ ᠶᠡᠷᠦᠩᠬᠡᠢᠢᠯᠡᠭᠴᠢ ᠪᠡᠷ ᠰᠣᠩ᠋ᠭᠤᠭᠳᠠᠭᠰᠠᠨ ᠳᠤ ᠪᠣᠯᠤᠨ ᠦᠨᠳᠦᠰᠦᠨ ᠦ ᠶᠡᠬᠡ ᠪᠠᠶᠠᠷ ᠨᠠᠭᠠᠳᠤᠮ ᠢ ᠲᠣᠬᠢᠶᠠᠯᠳᠤᠭᠤᠯᠤᠨ ᠳᠠᠬᠢᠨ ᠪᠠᠶᠠᠷ ᠬᠦᠷᠭᠡᠭ᠍ᠰᠡᠨ ᠳᠥ ᠮᠣᠩ᠋ᠭᠤᠯ ᠤᠯᠤᠰ ᠤᠨ ᠶᠡᠷᠦᠩᠬᠡᠢᠢᠯᠡᠭᠴᠢ ᠤ᠂ᠬᠦᠷᠡᠯᠰᠦ᠋ᠬᠡ ᠲᠠᠯᠠᠷᠬᠠᠯ ᠢᠯᠡᠷᠬᠡᠢᠢᠯᠡᠪᠡ᠃ ᠮᠣᠩ᠋ᠭᠤᠯ ᠤᠯᠤᠰ ᠤᠨ ᠶᠡᠷᠦᠩᠬᠡᠢᠢᠯᠡᠭᠴᠢ ᠤ᠂ᠬᠦᠷᠡᠯᠰᠦ᠋ᠬᠡ ᠬᠢᠲᠠᠳ ᠤᠨ ᠺᠣᠮᠮᠦ᠋ᠨᠢᠰᠲ ᠨᠠᠮ ᠤᠨ 100 ᠵᠢᠯ ᠦᠨ ᠣᠢ ᠢᠢᠨ ᠪᠠᠶᠠᠷ ᠢ ᠲᠣᠬᠢᠶᠠᠯᠳᠤᠭᠤᠯᠤᠨ ᠬᠢᠲᠠᠳ ᠤᠨ ᠺᠣᠮᠮᠦ᠋ᠨᠢᠰᠲ ᠨᠠᠮ ᠤᠨ ᠶᠡᠷᠦᠩᠬᠡᠢ ᠨᠡᠷᠢᠨ ᠪᠢᠴᠢᠭ᠌ ᠦᠨ ᠳᠠᠷᠤᠭ᠎ᠠ᠂ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠳᠠᠷᠤᠭ᠎ᠠ ᠰᠢ ᠵᠢᠨᠫᠢᠩ ᠳᠥ ᠳᠠᠬᠢᠨ ᠪᠠᠶᠠᠷ ᠬᠦᠷᠭᠡᠵᠦ᠂ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠲᠤ ᠬᠥᠭ᠍ᠵᠢᠯ ᠴᠡᠴᠡᠭᠯᠡᠯᠳᠡ ᠢᠢ ᠬᠦᠰᠡᠨ ᠢᠷᠦᠭᠡᠪᠡ᠃

ᠮᠣᠩ᠋ᠭᠤᠯ᠂ ᠬᠢᠲᠠᠳ ᠤᠨ ᠲᠥᠷᠦ ᠢᠢᠨ ᠲᠡᠷᠢᠭᠦᠨ ᠨᠠᠷ ᠬᠣᠶᠠᠷ ᠤᠯᠤᠰ ᠤᠨ ᠬᠠᠷᠢᠯᠴᠠᠭᠠᠨ ᠤ ᠪᠣᠯᠤᠨ ᠪᠦᠰᠡ ᠨᠤᠲᠤᠭ᠂ ᠣᠯᠠᠨ ᠤᠯᠤᠰ ᠤᠨ ᠬᠠᠮᠲᠤ ᠢᠢᠨ ᠠᠵᠢᠯᠯᠠᠭᠠᠨ ᠤ ᠥᠷᠭᠡᠨ ᠬᠦᠷᠢᠶᠡᠨ ᠦ ᠠᠰᠠᠭᠤᠳᠠᠯ ᠢᠢᠠᠷ ᠰᠠᠨᠠᠯ ᠰᠣᠯᠢᠯᠴᠠᠵᠤ᠂ ᠮᠣᠩ᠋ᠭᠤᠯ᠂ ᠬᠢᠲᠠᠳ ᠤᠨ ᠢᠵᠢ ᠪᠦᠷᠢᠨ ᠰᠲ᠋ᠷᠠᠲ᠋ᠧᠭᠢ ᠢᠢᠨ ᠲᠦᠩᠰᠢᠯᠡᠯ ᠦᠨ ᠬᠠᠷᠢᠯᠴᠠᠭ᠎ᠠ ᠢᠢ ᠥᠷᠭᠡᠵᠢᠭᠦᠯᠦᠨ ᠬᠥᠭ᠍ᠵᠢᠭᠦᠯᠬᠦ ᠢᠢᠨ ᠲᠥᠯᠦᠭᠡ ᠨᠢᠭ᠌ᠲᠠ ᠬᠠᠮᠳᠤᠷᠠᠨ ᠠᠵᠢᠯᠯᠠᠬᠤ ᠪᠠᠨ ᠨᠤᠳᠠᠯᠠᠪᠠ᠃

ᠬᠣᠶᠠᠷ ᠤᠯᠤᠰ ᠤᠨ ᠲᠥᠷᠦ ᠢᠢᠨ ᠲᠡᠷᠢᠭᠦᠨ ᠨᠠᠷ ᠴᠠᠷ ᠲᠠᠬᠤᠯ ᠤᠨ ᠲᠠᠷᠬᠠᠯᠳᠠ ᠢᠢ ᠬᠢᠵᠠᠭᠠᠷᠯᠠᠬᠤ ᠳᠤ ᠴᠢᠭᠯᠡᠭᠰᠡᠨ ᠬᠠᠮᠳᠤ ᠢᠢᠨ ᠠᠵᠢᠯᠯᠠᠭ᠎ᠠ᠂ ᠬᠣᠶᠠᠷ ᠤᠯᠤᠰ ᠤᠨ ᠬᠣᠭᠤᠷᠤᠨᠳᠤ ᠢᠢᠨ ᠬᠠᠷᠢᠯᠴᠠᠨ ᠠᠢᠢᠯᠴᠢᠯᠠᠯ᠂ ᠤᠯᠤᠰ ᠲᠥᠷᠦ  ᠢᠢᠨ ᠨᠠᠮ ᠤᠳ ᠤᠨ ᠬᠠᠷᠢᠯᠴᠠᠭ᠎ᠠ᠂ ᠬᠥᠭ᠍ᠵᠢᠯ ᠦᠨ ᠬᠥᠳᠦᠯᠪᠦᠷᠢ ᠨᠦᠭᠦᠳ ᠦᠨ ᠤᠶᠠᠯᠳᠤᠭ᠎ᠠ᠂ ᠡᠳ᠋ ᠦᠨ  ᠵᠠᠰᠠᠭ ᠪᠣᠯᠤᠨ ᠪᠠᠢᠢᠭᠠᠯᠢ ᠣᠷᠴᠢᠨ ᠤ ᠬᠠᠮᠳᠤ ᠢᠢᠨ ᠠᠵᠢᠯᠯᠠᠭ᠎ᠠ᠂ ᠪᠠᠢᠢᠭᠠᠯᠢ ᠢᠢᠨ ᠬᠡᠢ ᠢᠢᠨ ᠬᠣᠭᠤᠯᠠᠢ ᠢᠢᠨ ᠲᠥᠰᠦᠯ ᠵᠡᠷᠭᠡ ᠣᠯᠠᠨ ᠠᠰᠠᠭᠤᠳᠠᠯ ᠢᠢᠠᠷ ᠰᠠᠨᠠᠯ ᠰᠣᠯᠢᠯᠴᠠᠵᠤ᠂ ᠮᠣᠩ᠋ᠭᠤᠯ ᠤᠨ ᠳᠠᠯ᠎ᠠ ᠢᠢᠨ ᠰᠠᠨᠠᠭᠠᠴᠢᠯᠭ᠎ᠠ ᠢᠢ ᠳᠡᠮᠵᠢᠵᠦ ᠠᠵᠢᠯᠯᠠᠬᠤ ᠪᠠᠨ ᠢᠯᠡᠷᠬᠡᠢᠢᠯᠡᠪᠡ᠃

ᠲᠥᠷᠦ ᠢᠢᠨ ᠲᠡᠷᠢᠭᠦᠨ ᠨᠠᠷ ᠴᠠᠭᠠᠰᠢᠳᠠ ᠠᠵᠢᠯ ᠲᠥᠷᠦᠯ ᠦᠨ ᠣᠢᠢᠷ᠎ᠠ ᠬᠡᠯᠬᠢᠶ᠎ᠡ ᠬᠣᠯᠪᠤᠭ᠎ᠠ ᠳᠠᠢ ᠪᠠᠢᠢᠵᠤ᠂ ᠴᠠᠷ ᠲᠠᠬᠤᠯ ᠤᠨ ᠨᠥᠬᠦᠴᠠᠯ ᠪᠠᠢᠢᠳᠠᠯ ᠰᠠᠢᠢᠵᠢᠷᠠᠭᠰᠠᠨ ᠤ ᠳᠠᠷᠠᠭ᠎ᠠ ᠪᠡᠶᠡᠴᠢᠯᠡᠨ ᠠᠭᠤᠯᠵᠠᠬᠤ ᠪᠠᠷ ᠲᠣᠬᠢᠷᠠᠯᠴᠠᠪᠠ᠃