Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ ᠮᠣᠩ᠋ᠭᠣᠯ  ᠤᠨ ᠦᠨᠳᠦᠰᠦᠨ ᠦ ᠬᠤᠳᠠᠯᠳᠤᠭ᠎ᠠ ᠠᠵᠤ ᠦᠢᠯᠡᠳᠪᠦᠷᠢ ᠢᠢᠨ ᠲᠠᠩᠬᠢᠮ ᠢ ᠤᠷᠢᠳᠤ ᠢᠢᠨ ᠠᠳᠠᠯᠢ ᠳᠡᠮᠵᠢᠨ ᠠᠵᠢᠯᠯᠠᠬᠤ ᠪᠠᠨ ᠢᠯᠡᠷᠬᠡᠢᠢᠯᠡᠯ᠎ᠡ

ᠮᠣᠩ᠋ᠭᠣᠯ  ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ ᠥᠨᠥᠳᠥᠷ ᠮᠣᠩ᠋ᠭᠣᠯ  ᠤᠨ ᠦᠨᠳᠦᠰᠦᠨ ᠦ ᠬᠤᠳᠠᠯᠳᠤᠭ᠎ᠠ᠂ ᠠᠵᠤ ᠦᠢᠯᠡᠳᠪᠦᠷᠢ ᠢᠢᠨ ᠲᠠᠩᠬᠢᠮ ᠤᠨ ᠶᠡᠷᠦᠩᠬᠡᠢᠢᠯᠡᠭᠴᠢ ᠣ᠊ ∙ ᠠᠮᠤᠷᠲᠦᠪᠰᠢᠨ ᠲᠡᠷᠢᠭᠦᠲᠡᠢ ᠤᠳᠤᠷᠢᠳᠬᠤ ᠵᠥᠪᠯᠡᠯ ᠦᠨ ᠭᠡᠰᠢᠭᠦᠳ ᠢ ᠬᠦᠯᠢᠶᠡᠨ ᠠᠪᠴᠤ ᠠᠭᠤᠯᠵᠠᠵᠤ᠂ ᠰᠠᠨᠠᠯ ᠰᠣᠯᠢᠯᠴᠠᠯ᠎ᠠ᠃

ᠮᠣᠩ᠋ᠭᠣᠯ  ᠤᠨ ᠦᠨᠳᠦᠰᠦᠨ ᠦ ᠬᠤᠳᠠᠯᠳᠤᠭ᠎ᠠ ᠠᠵᠤ ᠦᠢᠯᠡᠳᠪᠦᠷᠢ ᠢᠢᠨ ᠲᠠᠩᠬᠢᠮ ᠤᠨ ᠶᠡᠷᠦᠩᠬᠡᠢᠢᠯᠡᠭᠴᠢ ᠣ᠊ ∙ ᠠᠮᠤᠷᠲᠦᠪᠰᠢᠨ ᠠᠭᠤᠯᠵᠠᠯᠲᠠ ᠢᠢᠨ ᠡᠬᠢᠨ ᠳᠥ ᠮᠣᠩ᠋ᠭᠣᠯ  ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ ᠳᠥ ᠪᠠᠶᠠᠷ ᠬᠦᠷᠭᠡᠪᠡ᠃

ᠲᠡᠷᠡᠪᠡᠷ ᠦᠷᠭᠦᠯᠵᠢᠯᠡᠭᠦᠯᠦᠨ ᠰᠡᠭᠦᠯ ᠦᠨ ᠬᠣᠶᠠᠷ ᠵᠢᠯ ᠳᠥ ᠴᠠᠷ᠎ ᠲᠠᠬᠤᠯ ᠤᠨ ᠤᠯᠠᠮ ᠠᠴᠠ ᠪᠢᠽᠢᠨ᠋᠋ᠧᠰ ᠦᠨ ᠣᠷᠴᠢᠨ ᠬᠤᠮᠢᠭᠳᠠᠵᠤ᠂ ᠬᠤᠪᠢ ᠢᠢᠨ ᠬᠡᠪᠰᠢᠯ ᠦᠨ ᠦᠢᠯᠡ ᠠᠵᠢᠯᠯᠠᠭ᠎ᠠ ᠤᠨᠠᠯᠲᠠ ᠳᠤ ᠣᠷᠣᠭᠰᠠᠨ ᠴᠤ ᠣᠳᠣ ᠳᠡᠯᠡᠬᠡᠢ ᠨᠡᠢᠲᠡ ᠪᠡᠷ ᠢᠶᠡᠨ ᠴᠠᠷ᠎ ᠲᠠᠬᠤᠯ ᠲᠠᠢ ᠵᠡᠷᠭᠡᠴᠡᠨ ᠠᠮᠢᠳᠤᠷᠠᠬᠤ᠂ ᠸᠠᠺᠼᠢᠨ᠋ᠵᠢᠭᠤᠯᠤᠯᠲᠠ ᠢᠢ ᠦᠷ᠎ᠡ ᠳ᠋ᠦᠩ ᠲᠡᠢ ᠬᠢᠵᠦ ᠬᠡᠪ ᠦᠨ ᠠᠮᠢᠳᠤᠷᠠᠯ ᠳᠤ ᠪᠠᠨ ᠡᠷᠭᠢᠨ ᠰᠢᠯᠵᠢᠬᠦ ᠴᠢᠭᠯᠡᠯ ᠤᠷᠤᠭᠤ ᠬᠠᠨᠳᠤᠵᠤ ᠪᠤᠢ ᠲᠠᠯ᠎ᠠ ᠪᠠᠷ ᠳᠤᠷᠠᠳᠴᠤ᠂ ᠲᠠᠩᠬᠢᠮ ᠠᠴᠠ ᠬᠢᠭ᠍ᠰᠡᠨ ᠪᠢᠽᠢᠨ᠋᠋ᠧᠰ ᠦᠨ ᠣᠷᠴᠢᠨ ᠤ ᠰᠤᠳᠤᠯᠭ᠎ᠠ᠂ ᠪᠣᠯᠪᠠᠰᠤᠷᠠᠭᠤᠯᠤᠭᠰᠠᠨ ᠬᠠᠤᠯᠢ ᠢᠢᠨ ᠲᠥᠰᠦᠯ ᠦᠨ ᠲᠠᠯ᠎ᠠ ᠪᠠᠷ ᠲᠣᠪᠴᠢ ᠲᠠᠨᠢᠯᠴᠠᠭᠤᠯᠪᠠ᠃

ᠤᠯᠠᠮ ᠢᠶᠠᠷ ᠴᠠᠷ᠎ ᠲᠠᠬᠤᠯ ᠤᠨ ᠡᠨᠡ ᠦᠶ᠎ᠡ ᠳᠥ ᠮᠣᠩ᠋ᠭᠣᠯ  ᠤᠯᠤᠰ ᠲᠥᠷᠥ᠂ ᠬᠤᠪᠢ ᠢᠢᠨ ᠬᠡᠪᠰᠢᠯ ᠦᠨ ᠦᠷ᠎ᠡ ᠳ᠋ᠦᠩ ᠲᠡᠢ ᠬᠠᠮᠲᠤ ᠢᠢᠨ ᠠᠵᠢᠯᠯᠠᠭᠠᠨ ᠤ ᠬᠦᠴᠦ ᠪᠡᠷ ᠡᠳ᠋ ᠦᠨ ᠵᠠᠰᠠᠭ ᠢᠶᠠᠨ ᠪᠣᠭᠣᠨᠢ ᠬᠤᠭᠤᠴᠠᠭᠠᠨ ᠳᠤ ᠰᠡᠷᠭᠦᠭᠡᠬᠦ᠂ ᠥᠰᠦᠯᠲᠡ ᠠᠪᠴᠢᠷᠠᠬᠤ ᠪᠣᠯᠤᠮᠵᠢ ᠲᠠᠢ ᠭᠡᠵᠦ ᠦᠵᠡᠵᠦ ᠪᠠᠢᠢᠭ᠎ᠠ ᠪᠠᠨ ᠬᠡᠯᠡᠵᠦ᠂ ᠮᠣᠩ᠋ᠭᠣᠯ  ᠤᠯᠤᠰ ᠤᠨ ᠶᠡᠷᠦᠩᠬᠡᠢᠢᠯᠡᠭᠴᠢ ᠲᠡᠢ ᠬᠠᠮᠲᠤᠷᠠᠨ ᠠᠵᠢᠯᠯᠠᠬᠤ ᠬᠦᠰᠡᠯ ᠲᠡᠢ ᠪᠠᠢᠢᠭ᠎ᠠ ᠪᠠᠨ ᠢᠯᠡᠷᠬᠡᠢᠢᠯᠡᠭᠰᠡᠨ ᠶᠤᠮ᠃

ᠮᠣᠩ᠋ᠭᠣᠯ  ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ ᠮᠣᠩ᠋ᠭᠣᠯ  ᠤᠨ ᠦᠨᠳᠦᠰᠦᠨ ᠦ ᠬᠤᠳᠠᠯᠳᠤᠭ᠎ᠠ ᠠᠵᠤ ᠦᠢᠯᠡᠳᠪᠦᠷᠢ ᠢᠢᠨ ᠲᠠᠩᠬᠢᠮ ᠢ ᠤᠷᠢᠳᠤ ᠢᠢᠨ ᠠᠳᠠᠯᠢ ᠳᠡᠮᠵᠢᠨ ᠠᠵᠢᠯᠯᠠᠬᠤ ᠳᠤ ᠪᠡᠯᠡᠨ ᠪᠠᠢᠢᠭ᠎ᠠ ᠪᠠᠨ ᠬᠡᠯᠡᠵᠦ᠂ ᠭᠠᠳᠠᠭᠠᠳᠤ ᠢᠢᠨ ᠬᠥᠷᠥᠩᠭᠡ ᠣᠷᠣᠭᠤᠯᠤᠯᠲᠠ ᠢᠢ ᠨᠡᠮᠡᠭᠳᠡᠭᠦᠯᠬᠦ᠂ ᠣᠯᠠᠨ ᠤᠯᠤᠰ ᠤᠨ ᠪᠣᠯᠤᠨ ᠪᠥᠰᠡ ᠨᠤᠲᠤᠭ ᠤᠨ ᠪᠢᠽᠢᠨ᠋᠋ᠧᠰ ᠦᠨ ᠰᠠᠨᠠᠭᠠᠴᠢᠯᠠᠭ᠎ᠠ ᠳᠤ ᠮᠣᠩ᠋ᠭᠣᠯ  ᠤᠯᠤᠰ ᠤᠨ ᠣᠷᠣᠯᠴᠠᠭ᠎ᠠ ᠢᠢ ᠢᠳᠡᠪᠬᠢᠵᠢᠭᠦᠯᠬᠦ᠂ ᠮᠣᠩ᠋ᠭᠣᠯ  ᠤᠨ ᠦᠨᠳᠦᠰᠦᠨ ᠦ ᠬᠤᠳᠠᠯᠳᠤᠭ᠎ᠠ ᠠᠵᠤ ᠦᠢᠯᠡᠳᠪᠦᠷᠢ ᠢᠢᠨ ᠲᠠᠩᠬᠢᠮ ᠤᠨ ᠭᠠᠳᠠᠭᠠᠳᠤ ᠬᠠᠷᠢᠯᠴᠠᠭ᠎ᠠ᠂ ᠣᠯᠠᠨ ᠤᠯᠤᠰ ᠲᠤ ᠴᠢᠭᠯᠡᠭᠰᠡᠨ ᠦᠢᠯᠡ ᠠᠵᠢᠯᠯᠠᠭ᠎ᠠ ᠢᠢ ᠥᠷᠭᠡᠵᠢᠭᠦᠯᠦᠨ ᠬᠥᠭ᠍ᠵᠢᠭᠦᠯᠬᠦ ᠳᠥ ᠶᠡᠷᠦᠩᠬᠡᠢᠢᠯᠡᠭᠴᠢ ᠢᠢᠨ ᠵᠦᠭ ᠡᠴᠡ ᠠᠩᠬᠠᠷᠤᠯ ᠬᠠᠨᠳᠤᠭᠤᠯᠵᠤ᠂ ᠬᠠᠮᠲᠤᠷᠠᠨ ᠠᠵᠢᠯᠯᠠᠬᠤ ᠪᠦᠷᠢᠨ ᠪᠣᠯᠤᠮᠵᠢ ᠲᠠᠢ ᠭᠡᠳᠡᠭ ᠢ ᠲᠣᠳᠣᠳᠬᠠᠯ᠎ᠠ᠃

ᠲᠡᠭᠦᠨᠴᠢᠯᠡᠨ ᠮᠣᠩ᠋ᠭᠣᠯ  ᠤᠯᠤᠰ ᠤᠨ ᠶᠡᠷᠦᠩᠬᠡᠢᠢᠯᠡᠭᠴᠢ ᠢᠢᠨ ᠮᠥᠷ ᠦᠨ ᠬᠥᠲᠦᠯᠪᠦᠷᠢ ᠳᠦ ᠲᠤᠰᠤᠭᠰᠠᠨ ᠬᠠᠯᠠᠮᠵᠢ ᠠᠴᠠ ᠬᠥᠳᠡᠯᠮᠦᠷᠢ ᠳᠥ᠂ ᠣᠯᠪᠤᠷᠢᠯᠠᠯᠲᠠ ᠠᠴᠠ ᠪᠣᠯᠪᠠᠰᠤᠷᠠᠭᠤᠯᠤᠯᠲᠠ ᠳᠤ᠂ ᠢᠮᠫᠣᠷᠲ ᠠᠴᠠ ᠡᠺᠰᠫᠣᠷᠲ ᠲᠤ ᠰᠢᠯᠵᠢᠬᠦ ᠵᠣᠷᠢᠯᠲᠠ ᠨᠤᠭᠤᠳ ᠢ ᠬᠡᠷᠡᠭᠵᠢᠭᠦᠯᠬᠦ᠂ ᠪᠢᠽᠢᠨ᠋᠋ᠧᠰ ᠦᠨ ᠰᠠᠯᠪᠤᠷᠢ ᠳᠤ ᠲᠥᠷᠦ ᠡᠴᠡ ᠤᠴᠠᠷᠠᠭᠤᠯᠳᠠᠭ ᠬᠦᠨᠳᠦ ᠰᠤᠷᠲᠠᠯ᠂ ᠳᠠᠷᠤᠮᠲᠠ ᠢᠢ ᠠᠷᠢᠯᠭᠠᠬᠤ᠂ ᠡᠳ᠋ ᠦᠨ ᠵᠠᠰᠠᠭ ᠢᠶᠠᠨ ᠪᠣᠭᠣᠨᠢ ᠬᠤᠭᠤᠴᠠᠭᠠᠨ ᠳᠤ ᠰᠡᠷᠭᠦᠭᠡᠨ ᠪᠣᠰᠬᠠᠬᠤ ᠢᠢᠨ ᠲᠤᠯᠠᠳᠠ ᠤᠯᠤᠰ ᠲᠦᠷᠦᠵᠢᠯᠲᠡ ᠡᠴᠡ ᠠᠩᠭᠢᠳᠠ ᠪᠠᠢᠢᠬᠤ ᠵᠠᠷᠴᠢᠮ ᠢᠶᠠᠷ ᠮᠣᠩ᠋ᠭᠣᠯ  ᠤᠨ ᠦᠨᠳᠦᠰᠦᠨ ᠦ ᠬᠤᠳᠠᠯᠳᠤᠭ᠎ᠠ ᠠᠵᠤ ᠦᠢᠯᠡᠳᠪᠦᠷᠢ ᠢᠢᠨ ᠲᠠᠩᠬᠢᠮ ᠲᠠᠢ ᠬᠠᠮᠲᠤᠷᠠᠨ ᠠᠵᠢᠯᠯᠠᠬᠤ ᠪᠠᠨ ᠢᠯᠡᠷᠬᠡᠢᠢᠯᠡᠪᠡ᠃ ᠢᠯᠠᠩ᠋ᠭᠤᠶ᠎ᠠ᠂ ᠬᠤᠪᠢ ᠢᠢᠨ ᠬᠡᠪᠰᠢᠯ ᠳᠥ ᠲᠤᠯᠭᠠᠷᠠᠳᠠᠭ ᠳᠠᠷᠤᠮᠲᠠ ᠰᠢᠬᠠᠯᠲᠠ᠂ ᠪᠢᠽᠢᠨ᠋᠋ᠧᠰ ᠦᠨ ᠦᠢᠯᠡ ᠠᠵᠢᠯᠯᠠᠭᠠᠨ  ᠳᠠᠬᠢ ᠲᠥᠷᠥ ᠡᠴᠡ ᠬᠠᠮᠢᠶᠠᠷᠤᠯ ᠲᠠᠢ ᠭᠠᠴᠠᠭ᠎ᠠ᠂ ᠰᠠᠭᠠᠳ ᠢ ᠠᠷᠢᠯᠭᠠᠬᠤ ᠠᠰᠠᠭᠤᠳᠠᠯ ᠢᠶᠠᠷ ᠲᠥᠷᠥ ᠢᠢᠨ ᠲᠡᠷᠢᠭᠦᠨ ᠦ ᠬᠤᠪᠢ ᠪᠠᠷ ᠣᠨᠴᠤᠭᠤᠢ ᠠᠩᠬᠠᠷᠤᠯ ᠬᠠᠨᠳᠤᠭᠤᠯᠤᠨ ᠠᠵᠢᠯᠯᠠᠨ᠎ᠠ ᠭᠡᠯ᠎ᠡ᠃

ᠠᠭᠤᠯᠵᠠᠯᠲᠠ ᠢᠢᠨ ᠦᠶ᠎ᠡ ᠪᠡᠷ ᠮᠣᠩ᠋ᠭᠣᠯ  ᠤᠨ ᠦᠨᠳᠦᠰᠦᠨ ᠦ ᠬᠤᠳᠠᠯᠳᠤᠭ᠎ᠠ ᠠᠵᠤ ᠦᠢᠯᠡᠳᠪᠦᠷᠢ ᠢᠢᠨ ᠲᠠᠩᠬᠢᠮ ᠤᠨ ᠤᠳᠤᠷᠢᠳᠬᠤ ᠵᠥᠪᠯᠡᠯ ᠦᠨ ᠭᠡᠰᠢᠭᠦᠳ ᠡᠳ᠋ ᠦᠨ ᠵᠠᠰᠠᠭ ᠢ ᠰᠡᠷᠭᠦᠭᠡᠬᠦ ᠢᠢᠨ ᠲᠤᠯᠠᠳᠠ ᠭᠠᠳᠠᠭᠠᠳᠤ ᠢᠢᠨ ᠬᠥᠷᠦᠩᠭᠡ ᠣᠷᠣᠭᠤᠯᠤᠭᠴᠢᠳ ᠤᠨ ᠢᠲᠡᠭᠡᠯ ᠢ ᠨᠡᠮᠡᠭᠳᠡᠭᠦᠯᠬᠦ᠂ ᠠᠭᠤᠯᠠ ᠠᠭᠤᠷᠬᠠᠢ ᠢᠢᠨ ᠪᠤᠰᠤ ᠡᠺᠰᠫᠣᠷᠲ ᠢ ᠥᠰᠬᠡᠬᠦ᠂ ᠲᠣᠮᠣᠬᠠᠨ ᠲᠥᠰᠦᠯ ᠦᠳ ᠢᠶᠡᠨ ᠶᠠᠭᠠᠷᠠᠯᠲᠠᠢ ᠤᠷᠤᠭᠰᠢᠯᠠᠭᠤᠯᠬᠤ ᠨᠢ ᠬᠠᠮᠤᠭ ᠠᠴᠠ ᠴᠢᠬᠤᠯᠠ ᠪᠣᠯᠤᠭᠠᠳ ᠪᠤᠢ ᠢᠢ ᠣᠨᠴᠠᠯᠠᠵᠤ᠂ ᠳᠡᠭᠡᠷᠡᠬᠢ ᠵᠣᠷᠢᠯᠲᠠ ᠨᠤᠭᠤᠳ ᠢ ᠬᠡᠷᠡᠭᠵᠢᠭᠦᠯᠬᠦ ᠢᠢᠨ ᠲᠤᠯᠠᠳᠠ ᠪᠢᠽᠢᠨ᠋᠋ᠧᠰ ᠦᠨ ᠰᠠᠯᠪᠤᠷᠢ ᠢᠢᠨ ᠬᠠᠤᠯᠢ ᠡᠷᠬᠡ ᠵᠦᠢ ᠢᠢᠨ ᠣᠷᠴᠢᠨ ᠢ ᠰᠠᠢᠢᠵᠢᠷᠠᠭᠤᠯᠬᠤ᠂ ᠲᠥᠰᠦᠯ᠂ ᠬᠥᠲᠦᠯᠪᠦᠷᠢ ᠢᠢ ᠬᠡᠷᠡᠭᠵᠢᠭᠦᠯᠬᠦ ᠳᠥ ᠪᠡᠨ ᠰᠠᠩᠬᠦᠦ ᠢᠢᠨ ᠵᠥᠪ ᠮᠧᠬᠠᠨᠢᠰᠮ ᠢ ᠰᠣᠩ᠋ᠭᠣᠨ ᠠᠪᠬᠤ᠂ ᠲᠥᠷᠦ᠂ ᠬᠤᠪᠢ ᠢᠢᠨ ᠬᠡᠪᠰᠢᠯ ᠦᠨ ᠲᠡᠭᠰᠢ ᠣᠷᠣᠯᠴᠠᠭ᠎ᠠ ᠢᠢ ᠬᠠᠩ᠋ᠭᠠᠬᠤ᠂ ᠤᠯᠠᠮ ᠢᠶᠠᠷ ᠭᠦᠢᠴᠡᠳᠬᠡᠯ ᠳᠥ ᠣᠨᠴᠤᠭᠤᠢ ᠠᠩ᠋ᠬᠠᠷᠤᠯ ᠬᠠᠨᠳᠤᠭᠤᠯᠵᠤ᠂ ᠴᠢᠳᠠᠪᠤᠷᠢᠯᠢᠭ ᠪᠠᠭ᠂ ᠪᠦᠲᠦᠴᠡ ᠢᠢ ᠪᠦᠷᠢᠳᠦᠭᠦᠯᠬᠦ ᠵᠡᠷᠭᠡ ᠪᠡᠷ ᠠᠵᠢᠯᠯᠠᠬᠤ ᠰᠠᠨᠠᠯ ᠢ ᠬᠡᠯᠡᠵᠦ ᠪᠠᠢᠢᠪᠠ᠃