Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ᠄ ᠵᠡᠪᠰᠡᠭᠲᠦ ᠬᠦᠴᠦᠨ ᠴᠥᠯᠵᠢᠯᠲᠡ᠂ ᠰᠢᠷᠤᠢ ᠰᠢᠭᠤᠷᠭ᠎ᠠ ᠲᠠᠢ ᠲᠡᠮᠡᠴᠡᠬᠦ ᠳᠥ ᠬᠤᠪᠢ ᠨᠡᠮᠡᠷᠢ ᠪᠡᠨ ᠤᠷᠤᠭᠤᠯᠬᠤ ᠶᠣᠰᠣᠲᠠᠢ

ᠮᠣᠩ᠋ᠭᠣᠯ ᠤᠯᠤᠰ ᠤᠨ ᠶᠡᠷᠦᠩᠬᠡᠢᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠺᠣᠮᠠᠨ᠋ᠳ᠋ᠯᠠᠭᠴᠢ ᠤ᠊ ∙ ᠬᠦᠷᠡᠯᠰᠦ᠋ᠬᠡ ᠪᠠᠲᠤᠯᠠᠨ ᠬᠠᠮᠠᠭᠠᠯᠠᠬᠤ ᠶᠠᠮᠤ᠂ ᠵᠡᠪᠰᠡᠭᠲᠦ ᠬᠦᠴᠦᠨ ᠦ ᠵᠠᠩᠵᠤᠨ ᠱᠲ᠋ᠠᠪ ᠲᠤ ᠠᠵᠢᠯᠯᠠᠯ᠎ᠠ᠃ ᠪᠠᠲᠤᠯᠠᠨ ᠬᠠᠮᠠᠭᠠᠯᠠᠬᠤ ᠶᠠᠮᠤᠨ ᠤ ᠤᠳᠤᠷᠢᠳᠤᠯᠭ᠎ᠠ ᠨᠤᠭᠤᠳ ᠪᠣᠯᠤᠨ ᠵᠡᠪᠰᠡᠭᠲᠦ ᠬᠦᠴᠦᠨ ᠦ ᠵᠠᠩᠵᠤᠨ ᠱᠲ᠋ᠠᠪ ᠤᠨ ᠳᠠᠷᠤᠭ᠎ᠠ᠂ ᠳᠡᠰᠯᠡᠭᠴᠢ ᠭᠧᠨᠧᠷᠠᠯ ᠲ ∙ ᠭᠠᠩᠵᠣᠷᠢᠭ ᠨᠠᠷ ᠪᠠᠲᠤᠯᠠᠨ ᠬᠠᠮᠠᠭᠠᠯᠠᠬᠤ ᠪᠣᠳᠣᠯᠭ᠎ᠠ᠂ ᠵᠣᠷᠢᠯᠲᠠ᠂ ᠴᠢᠨᠠᠭᠰᠢᠳᠠ ᠬᠡᠷᠡᠭᠵᠢᠭᠦᠯᠬᠦ ᠠᠷᠭ᠎ᠠ ᠬᠡᠮᠵᠢᠶ᠎ᠡ᠂ ᠮᠣᠩ᠋ᠭᠣᠯ ᠤᠯᠤᠰ ᠤᠨ ᠠᠶᠤᠯ ᠦᠭᠡᠢ ᠪᠠᠢᠢᠳᠠᠯ ᠤᠨ ᠣᠷᠴᠢᠨ᠂ ᠵᠡᠪᠰᠡᠭᠲᠦ ᠬᠦᠴᠦᠨ ᠦ ᠬᠥᠭ᠍ᠵᠢᠯ ᠦᠨ ᠴᠢᠭ᠌ ᠬᠠᠨᠳᠤᠯᠭ᠎ᠠ ᠢᠢᠨ ᠲᠠᠯ᠎ᠠ ᠪᠠᠷ ᠲᠠᠨᠢᠯᠴᠠᠭᠤᠯᠪᠠ᠃

ᠰᠡᠭᠦᠯ ᠦᠨ ᠵᠢᠯ ᠦᠳ ᠲᠥ ᠪᠠᠢᠢᠭᠠᠯᠢ ᠢᠢᠨ ᠭᠠᠮᠰᠢᠭᠲᠤ ᠦᠵᠡᠭᠳᠡᠯ ᠦᠨ ᠤᠯᠠᠮ ᠠᠴᠠ ᠡᠷᠳᠡᠨᠢᠲᠦ ᠬᠦᠮᠦᠨ ᠦ ᠠᠮᠢ ᠨᠠᠰᠤ ᠡᠷᠡᠰᠳᠡᠵᠦ᠂ ᠮᠠᠯ᠂ ᠡᠳ᠋ ᠮᠠᠲ᠋ᠧᠷᠢᠶᠠᠯ ᠤᠨ ᠶᠡᠬᠡ ᠬᠡᠮᠵᠢᠶᠡᠨ ᠦ ᠬᠣᠬᠢᠷᠠᠯ ᠤᠴᠠᠷᠠᠬᠤ ᠪᠣᠯᠤᠭᠰᠠᠨ᠃ ᠥᠩᠭᠡᠷᠡᠭᠰᠡᠨ ᠭᠤᠷᠪᠠᠳᠤᠭᠠᠷ ᠰᠠᠷ᠎ᠠ ᠳᠤ ᠭᠡᠬᠦ ᠳᠥ ᠯᠠ ᠬᠡᠳᠦ ᠬᠡᠳᠦᠨ ᠠᠢᠢᠮᠠᠭ ᠢ ᠬᠠᠮᠤᠷᠤᠭᠰᠠᠨ ᠬᠦᠴᠦᠲᠡᠢ ᠰᠢᠷᠤᠢᠢᠨ ᠪᠣᠯᠤᠨ ᠴᠠᠰᠤᠨ ᠰᠢᠭᠤᠷᠭᠠᠨ ᠳᠤ 10 ᠢᠷᠭᠡᠨ᠂ ᠲᠡᠭᠦᠨ ᠦ ᠳᠣᠲᠣᠷ᠎ᠠ ᠬᠣᠶᠠᠷ ᠬᠡᠦᠬᠡᠳ ᠠᠮᠢ ᠪᠠᠨ ᠠᠯᠳᠠᠵᠤ ᠨᠥᠬᠦᠵᠦ ᠪᠠᠷᠠᠰᠢ ᠦᠭᠡᠢ ᠭᠠᠷᠤᠵᠠ ᠲᠣᠬᠢᠶᠠᠵᠤ ᠪᠠᠢᠢᠯ᠎ᠠ᠃《ᠨᠡᠢᠢᠲᠡ ᠨᠤᠲᠤᠭ ᠤᠨ 70 ᠭᠠᠷᠤᠢ ᠬᠤᠪᠢ ᠨᠢ ᠪᠡᠯᠴᠢᠭᠡᠷ ᠦᠨ ᠳᠣᠷᠣᠢᠢᠲᠠᠯ ᠳᠤ ᠥᠷᠲᠦᠭᠰᠡᠨ ᠡᠨᠡ ᠦᠶ᠎ᠡ ᠳᠥ ᠪᠠᠢᠢᠭᠠᠯᠢ ᠡᠺᠣᠯᠣᠭᠢ᠂ ᠢᠯᠠᠩ᠋ᠭᠤᠶ᠎ᠠ ᠴᠥᠯᠵᠢᠯᠲᠡ᠂ ᠰᠢᠷᠤᠢᠢᠨ ᠰᠢᠭᠤᠷᠭ᠎ᠠ ᠲᠠᠢ ᠲᠡᠮᠡᠴᠡᠬᠦ᠂ ᠭᠠᠮᠰᠢᠭ ᠠᠴᠠ ᠬᠠᠮᠠᠭᠠᠯᠠᠬᠤ ᠳᠤ ᠵᠡᠪᠰᠡᠭᠲᠦ ᠬᠦᠴᠦᠨ ᠬᠤᠪᠢ ᠨᠡᠮᠡᠷᠢ ᠪᠡᠨ ᠣᠷᠣᠭᠤᠯᠬᠤ ᠶᠣᠰᠣᠲᠠᠢ᠃ ᠪᠦᠷᠢᠨ ᠡᠷᠬᠡ ᠢᠢᠨ ᠢᠶᠡᠨ ᠬᠤᠭᠤᠴᠠᠭᠠᠨ ᠳᠤ ᠪᠤᠶᠤ ᠢᠷᠡᠬᠦ ᠵᠢᠷᠭᠤᠭᠠᠨ ᠵᠢᠯ ᠡᠭᠦᠨ ᠳᠥ ᠣᠨᠴᠤᠭᠤᠢ ᠠᠩᠬᠠᠷᠴᠤ᠂ ᠲᠣᠳᠣᠷᠬᠠᠢ ᠲᠥᠰᠥᠯ᠂ ᠬᠥᠲᠥᠯᠪᠦᠷᠢ ᠬᠡᠷᠡᠭᠵᠢᠭᠦᠯᠦᠨ᠎ᠡ》 ᠭᠡᠵᠦ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ ᠬᠡᠯᠡᠪᠡ᠃ ᠠᠷᠮᠢ ᠵᠢᠩᠬᠢᠨᠢ ᠡᠷ᠎ᠡ ᠬᠦᠮᠦᠨ ᠪᠣᠯᠭᠠᠳᠠᠭ᠂ ᠡᠷᠦᠬᠡ ᠢᠢᠨ ᠲᠡᠷᠢᠭᠦᠨ ᠪᠡᠯᠡᠳᠬᠡᠳᠡᠭ ᠰᠠᠯᠪᠤᠷᠢ ᠪᠠᠢᠢᠬᠤ ᠢᠢᠨ ᠲᠤᠯᠠᠳᠠ ᠠᠯᠪᠠ ᠬᠠᠭᠠᠭᠴᠢᠳ ᠢ ᠰᠣᠶᠣᠨ ᠭᠡᠭᠡᠷᠡᠭᠦᠯᠬᠦ ᠠᠵᠢᠯ ᠢ ᠲᠠᠰᠤᠷᠠᠯᠲᠠ ᠦᠭᠡᠢ ᠶᠠᠪᠤᠭᠤᠯᠬᠤ᠂ ᠪᠦᠬᠦ ᠱᠠᠲᠤᠨ ᠳᠤ ᠰᠠᠬᠢᠯᠭ᠎ᠠ ᠪᠠᠲᠤ᠂ ᠬᠠᠷᠢᠭᠤᠴᠠᠯᠭ᠎ᠠ ᠢᠢ ᠴᠢᠩ᠋ᠭᠠᠳᠬᠠᠬᠤ᠂ ᠴᠢᠨᠠᠭᠰᠢᠳᠠ ᠮᠡᠷᠭᠡᠵᠢᠯ ᠦᠨ ᠰᠤᠷᠭᠠᠯᠲᠠ᠂ ᠦᠢᠯᠡᠳᠪᠦᠷᠢᠯᠡᠯ ᠦᠨ ᠲᠥᠪ ᠦᠳ ᠲᠡᠢ ᠬᠠᠮᠲᠤᠷᠠᠨ ᠠᠵᠢᠯᠯᠠᠬᠤ ᠵᠡᠷᠭᠡ ᠢᠢ ᠴᠢᠭᠯᠡᠯ ᠪᠣᠯᠭᠠᠪᠠ᠃ ᠮᠥᠨ ᠰᠠᠯᠪᠤᠷᠢ ᠢᠢᠨ ᠬᠥᠷᠦᠩᠭᠡ ᠣᠷᠣᠭᠤᠯᠤᠯᠲᠠ ᠪᠣᠯᠤᠨ ᠪᠤᠰᠤᠳ ᠲᠤᠯᠭᠠᠮᠳᠠᠭᠰᠠᠨ ᠠᠰᠠᠭᠤᠳᠠᠯ ᠢ ᠦᠶ᠎ᠡ ᠱᠠᠲᠤ ᠲᠠᠢ ᠰᠢᠢᠳᠪᠦᠷᠢᠯᠡᠬᠦ ᠳᠥ ᠳᠡᠮᠵᠢᠯᠭᠡ ᠦᠵᠡᠭᠦᠯᠬᠦ ᠪᠡᠨ ᠬᠡᠯᠡᠯ᠎ᠡ᠃