Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠡᠴᠡ ᠠᠷᠠᠳ ᠤᠨ ᠬᠤᠪᠢᠰᠬᠠᠯ ᠤᠨ 100 ᠵᠢᠯ ᠦᠨ ᠣᠢ ᠳᠤ ᠵᠣᠷᠢᠭᠤᠯᠤᠭᠰᠠᠨ ᠮᠡᠨᠳᠦᠴᠢᠯᠡᠭᠡ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠡᠴᠡ ᠲᠤᠯᠭᠤᠷ ᠲᠥᠷᠥ ᠢᠢᠨ 2230 ᠵᠢᠯ᠂ ᠶᠡᠬᠡ ᠮᠣᠩ᠋ᠭᠣᠯ ᠤᠯᠤᠰ ᠪᠠᠢᠢᠭᠤᠯᠤᠭᠳᠠᠰᠤᠨ ᠤ 815 ᠵᠢᠯ᠂ ᠦᠨᠳᠦᠰᠦᠨ ᠦ ᠡᠷᠬᠡ ᠴᠢᠯᠦᠭᠡ᠂ ᠲᠤᠰᠠᠭᠠᠷ ᠲᠣᠭᠲᠠᠨᠢᠯ ᠢᠶᠠᠨ ᠰᠡᠷᠭᠦᠭᠡᠨ ᠮᠠᠨᠳᠤᠭᠤᠯᠤᠭᠰᠠᠨ ᠤ 110 ᠵᠢᠯ᠂ ᠠᠷᠠᠳ ᠤᠨ ᠬᠤᠪᠢᠰᠬᠠᠯ ᠤᠨ 100 ᠵᠢᠯ ᠦᠨ ᠣᠢ ᠳᠤ ᠵᠣᠷᠢᠭᠤᠯᠤᠨ ᠳᠡᠪᠰᠢᠭᠦᠯᠦᠭᠰᠡᠨ ᠮᠡᠨᠳᠦᠴᠢᠯᠡᠭᠡ ᠢᠢ ᠬᠦᠷᠭᠡᠵᠦ ᠪᠠᠢᠢᠨ᠎ᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠮᠡᠨᠳᠦᠴᠢᠯᠡᠭᠡᠨ ᠳᠥ᠄

《ᠲᠤᠰᠠᠭᠠᠷ ᠲᠣᠭᠲᠠᠨᠢᠭᠰᠠᠨ᠂ ᠪᠦᠷᠢᠨ ᠡᠷᠬᠡᠲᠦ᠂ ᠡᠷᠬᠡ ᠴᠢᠯᠦᠭᠡᠲᠦ ᠮᠣᠩ᠋ᠭᠣᠯ ᠤᠯᠤᠰ ᠤᠨ ᠡᠷᠬᠢᠮ ᠬᠦᠨᠳᠦᠳᠦ ᠠᠷᠠᠳ ᠢᠷᠭᠡᠳ ᠡ!
ᠡᠯᠢᠭᠡ ᠨᠢᠭᠡᠲᠦ ᠮᠢᠨᠦ ᠮᠣᠩ᠋ᠭᠣᠯ  ᠤᠨ ᠠᠬᠠᠨ ᠳᠡᠭᠦᠰ ᠡ!

ᠲᠠ ᠪᠦᠬᠦᠨ ᠳᠥ ᠪᠡᠨ ᠲᠤᠯᠭᠤᠷ ᠲᠥᠷᠥ ᠢᠢᠨ 2230᠂ ᠶᠡᠬᠡ ᠮᠣᠩ᠋ᠭᠣᠯ ᠤᠯᠤᠰ ᠤᠨ 815᠂ ᠦᠨᠳᠦᠰᠦᠨ ᠦ ᠡᠷᠬᠡ ᠴᠢᠯᠦᠭᠡ᠂ ᠲᠤᠰᠠᠭᠠᠷ ᠲᠣᠭᠲᠠᠨᠢᠯ ᠢᠶᠠᠨ ᠰᠡᠷᠭᠦᠭᠡᠨ ᠮᠠᠨᠳᠤᠭᠤᠯᠤᠭᠰᠠᠨ ᠤ 110᠂ ᠠᠷᠠᠳ ᠤᠨ ᠬᠤᠪᠢᠰᠬᠠᠯ ᠤᠨ 100 ᠵᠢᠯ᠂ ᠮᠣᠩ᠋ᠭᠣᠯ ᠤᠯᠤᠰ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠳᠥ ᠪᠦᠷᠢᠨ ᠡᠷᠬᠡᠲᠦ ᠭᠡᠰᠢᠭᠦᠨ ᠢᠶᠡᠷ ᠡᠯᠰᠡᠭᠰᠡᠨ ᠦ ᠲᠡᠦᠬᠡᠲᠦ 60 ᠵᠢᠯ ᠦᠨ ᠣᠢ ᠢᠢᠨ ᠪᠠᠶᠠᠷ ᠤᠨ ᠮᠡᠨᠳᠦ ᠢᠢ ᠡᠷᠭᠦᠨ ᠳᠡᠪᠰᠢᠭᠦᠯᠦᠶ᠎ᠡ!

ᠲᠥᠪ ᠠᠽᠢᠶ᠎ᠠ ᠢᠢᠨ ᠴᠡᠭᠡᠵᠢᠨ ᠳᠥ ᠪᠠᠢᠢᠭᠤᠯᠤᠭᠳᠠᠭᠰᠠᠨ ᠮᠣᠩ᠋ᠭᠣᠯ ᠬᠡᠮᠡᠬᠦ ᠤᠯᠤᠰ ᠢ ᠶᠢᠷᠲᠢᠨᠴᠦ ᠢᠢᠨ ᠴᠢᠬᠢᠨ᠎ᠡ ᠳᠠᠭᠤᠷᠢᠰᠬᠠᠵᠤ᠂ ᠲᠡᠮᠡᠴᠡᠯ ᠢᠯᠠᠯᠲᠠ ᠢᠢᠨ ᠭᠠᠢᠢᠬᠠᠮᠰᠢᠭᠲᠤ ᠶᠡᠬᠡ ᠲᠡᠦᠬᠡ ᠢᠢ ᠪᠦᠲᠦᠭᠡᠵᠦ᠂ ᠤᠯᠤᠰ ᠣᠷᠣᠨ ᠤ ᠪᠠᠨ ᠲᠤᠰᠠᠭᠠᠷ ᠲᠣᠭᠲᠠᠨᠢᠯ᠂ ᠠᠶᠤᠯ ᠦᠭᠡᠢ ᠪᠠᠢᠢᠳᠠᠯ ᠤᠨ ᠲᠥᠯᠥᠭᠡ ᠠᠯᠲᠠᠨ ᠠᠮᠢ᠂ ᠪᠦᠯᠢᠶᠡᠨ ᠴᠢᠰᠤ ᠪᠠᠨ ᠡᠷᠭᠦᠨ ᠲᠡᠮᠡᠴᠡᠭᠰᠡᠨ ᠡᠪᠦᠭᠡ ᠳᠡᠭᠡᠳᠦᠰ᠂ ᠡᠬᠡ ᠣᠷᠣᠨᠴᠢᠳ᠂ ᠤᠯᠤᠰ ᠣᠷᠣᠨ ᠤ ᠪᠠᠨ ᠬᠥᠭ᠍ᠵᠢᠯ ᠳᠡᠪᠰᠢᠯ᠂ ᠪᠦᠲᠦᠭᠡᠨ ᠪᠠᠢᠢᠭᠤᠯᠤᠯᠲᠠ ᠢᠢᠨ ᠲᠥᠯᠥᠭᠡ ᠪᠦᠬᠦᠢ ᠯᠠ ᠠᠮᠢᠳᠤᠷᠠᠯ᠂ ᠰᠡᠳᠬᠢᠯ ᠵᠢᠷᠦᠬᠡ᠂ ᠬᠥᠯᠦᠰᠦ ᠬᠦᠴᠦ ᠪᠡᠨ ᠵᠣᠷᠢᠭᠤᠯᠤᠭᠰᠠᠨ ᠠᠬᠠᠮᠠᠳ ᠦᠶ᠎ᠡ ᠢᠢᠨ ᠢᠶᠡᠨ ᠠᠯᠳᠠᠷ ᠭᠠᠪᠢᠶ᠎ᠠ ᠢᠢ ᠪᠠᠬᠠᠷᠬᠠᠨ ᠳᠤᠷᠠᠰᠴᠤ᠂ ᠲᠡᠦᠬᠡᠲᠦ ᠣᠢ ᠢᠢᠨ ᠪᠠᠶᠠᠷ ᠤᠨ ᠡᠨᠡ ᠡᠳᠦᠷ ᠭᠦᠨ ᠬᠦᠨᠳᠦᠳᠬᠡᠯ ᠢᠯᠡᠷᠬᠡᠢᠢᠯᠡᠨ ᠮᠡᠬᠦᠢᠢᠨ ᠶᠣᠰᠣᠯᠠᠶ᠎ᠠ᠃

ᠬᠥᠬᠡ ᠮᠣᠩ᠋ᠭᠣᠯ  ᠤᠨ ᠪᠤᠭᠤᠷᠤᠯ ᠲᠡᠦᠬᠡ ᠢᠢᠨ ᠣᠯᠠᠨ ᠦᠢᠯᠡ ᠶᠠᠪᠤᠳᠠᠯ ᠤᠨ ᠲᠡᠭᠰᠢ ᠣᠢ ᠲᠣᠬᠢᠶᠠᠭᠰᠠᠨ ᠡᠨᠡ ᠦᠶ᠎ᠡ ᠳᠥ ᠮᠣᠩ᠋ᠭᠣᠯᠴᠤᠳ ᠪᠢᠳᠡ ᠥᠩᠭᠡᠷᠡᠭᠰᠡᠨ ᠲᠡᠦᠬᠡ ᠪᠡᠨ ᠳ᠋ᠦᠩᠨᠡᠵᠦ᠂ ᠢᠷᠡᠭᠡᠳᠦᠢ ᠢᠢᠨ ᠵᠣᠷᠢᠯᠲᠠ ᠪᠠᠨ ᠵᠥᠪ ᠲᠣᠳᠣᠷᠬᠠᠢᠢᠯᠠᠵᠤ᠂ ᠭᠤᠷᠪᠠᠨ ᠴᠠᠭ ᠤᠨ ᠠᠯᠲᠠᠨ ᠬᠡᠯᠬᠢᠶᠡᠨ ᠦ ᠤᠴᠢᠷ ᠬᠣᠯᠪᠣᠭᠳᠠᠯ ᠢ ᠡᠳᠦᠭᠡ ᠪᠠ ᠬᠣᠢᠢᠴᠢ ᠦᠶ᠎ᠡ ᠢᠢᠨ ᠬᠢᠨ ᠳᠥ ᠪᠡᠨ ᠰᠠᠨᠠᠭᠤᠯᠤᠨ ᠲᠠᠨᠢᠭᠤᠯᠬᠤ ᠤᠴᠢᠷᠲᠠᠢ᠃

ᠲᠡᠭᠡᠪᠡᠯ᠂ 100 ᠵᠢᠯ ᠦᠨ ᠬᠤᠭᠤᠴᠠᠭᠠᠨ ᠳᠤ ᠮᠣᠩ᠋ᠭᠣᠯ ᠤᠯᠤᠰ ᠬᠡᠷᠬᠢᠨ ᠥᠭᠡᠷᠡᠴᠢᠯᠡᠭᠳᠡᠭᠰᠡᠨ ᠢ ᠲᠣᠪᠴᠢᠬᠠᠨ ᠳᠤᠷᠠᠳᠤᠶ᠎ᠠ᠃

1948 ᠣᠨ ᠠᠴᠠ ᠡᠬᠢᠯᠡᠨ ᠤᠯᠤᠰ ᠠᠷᠠᠳ ᠤᠨ ᠠᠵᠤ ᠠᠬᠤᠢ ᠢᠢ 8 ᠤᠳᠠᠭ᠎ᠠ ᠲᠠᠪᠤᠨ ᠵᠢᠯ ᠦᠨ ᠲᠥᠯᠥᠪᠯᠡᠭᠡ ᠲᠡᠢ ᠬᠥᠭ᠍ᠵᠢᠭᠦᠯᠵᠦ ᠳᠠᠩ ᠭᠠᠭᠴᠠ ᠮᠠᠯ ᠠᠵᠤ ᠠᠬᠤᠢ ᠢᠢᠨ ᠣᠷᠣᠨ ᠠᠴᠠ ᠦᠢᠯᠡᠳᠪᠦᠷᠢ ᠬᠥᠳᠡᠭᠡ ᠠᠵᠤ ᠠᠬᠤᠢ ᠢᠢᠨ ᠣᠷᠣᠨ ᠪᠣᠯᠭᠠᠬᠤ ᠵᠣᠷᠢᠯᠲᠠ ᠢᠢ ᠠᠮᠵᠢᠯᠲᠠᠲᠠᠢ ᠬᠡᠷᠡᠭᠵᠢᠭᠦᠯᠦᠭᠰᠡᠨ ᠶᠤᠮ᠃

ᠠᠵᠤ ᠦᠢᠯᠡᠳᠪᠦᠷᠢ᠂ ᠨᠡᠢᠢᠭᠡᠮ᠂ ᠰᠤᠶᠤᠯ ᠤᠨ ᠲᠣᠮᠣᠬᠠᠨ ᠲᠥᠪ ᠪᠣᠯᠬᠤ ᠳᠠᠷᠬᠠᠨ᠂ ᠡᠷᠳᠡᠨᠢᠲᠦ᠂ ᠴᠣᠢᠢᠪᠠᠯᠰᠠᠩ᠂ ᠪᠠᠭᠠᠨᠠᠭᠤᠷ᠂ ᠬᠥᠲᠥᠯ᠂ ᠪᠣᠷᠣ-ᠥᠨᠳᠥᠷ ᠵᠡᠷᠭᠡ ᠬᠣᠲᠠ ᠰᠠᠭᠤᠷᠢᠨ ᠭᠠᠵᠠᠷ ᠤᠳ ᠰᠦᠨᠳᠡᠷᠯᠡᠨ ᠪᠣᠰᠴᠤ᠂ ᠬᠥᠩᠭᠡᠨ᠂ ᠬᠦᠨᠡᠰᠦᠨ ᠦ ᠪᠣᠯᠤᠨ ᠲᠡᠭᠡᠭᠡᠪᠦᠷᠢ᠂ ᠬᠣᠯᠪᠣᠭ᠎ᠠ᠂ ᠪᠠᠷᠢᠯᠭ᠎ᠠ᠂ ᠡᠷᠴᠢᠮ ᠬᠦᠴᠦ᠂ ᠠᠭᠤᠯᠠ ᠠᠭᠤᠷᠬᠠᠢ ᠢᠢᠨ ᠵᠡᠷᠭᠡ ᠣᠯᠠᠨ ᠰᠠᠯᠪᠤᠷᠢ ᠬᠤᠷᠳᠤᠴᠠ ᠲᠠᠢ ᠬᠥᠭ᠍ᠵᠢᠭᠰᠡᠨ ᠪᠢᠯᠡ᠃

ᠮᠥᠨ ᠠᠲᠠᠷ ᠭᠠᠵᠠᠷ ᠢ ᠡᠵᠡᠮᠰᠢᠭᠰᠡᠨ ᠢᠶᠡᠷ ᠭᠠᠵᠠᠷ ᠲᠠᠷᠢᠶᠠᠯᠠᠩ᠂ ᠬᠥᠳᠡᠭᠡ ᠠᠵᠤ ᠠᠬᠤᠢ ᠢᠢᠨ ᠪᠡᠶ᠎ᠡ ᠳᠠᠭᠠᠭᠰᠠᠨ ᠰᠠᠯᠪᠤᠷᠢ ᠪᠣᠯᠵᠤ ᠥᠨᠥᠳᠥᠷ ᠮᠠᠨ ᠤ ᠤᠯᠤᠰ ᠦᠷ᠎ᠡ ᠲᠠᠷᠢᠶ᠎ᠠ᠂ ᠭᠤᠯᠢᠷ᠂ ᠲᠥᠮᠥᠰᠥ᠂ ᠬᠦᠨᠡᠰᠦᠨ ᠦ ᠨᠣᠭᠣᠭ᠎ᠠ᠂ ᠮᠠᠯ ᠤᠨ ᠲᠡᠵᠢᠭᠡᠯ ᠢᠶᠡᠷ ᠳᠣᠲᠣᠭᠠᠳᠤ ᠢᠢᠨ ᠢᠶᠠᠨ ᠬᠡᠷᠡᠭᠴᠡᠭᠡ ᠢᠢ ᠪᠦᠷᠢᠨ ᠬᠠᠩ᠋ᠭᠠᠬᠤ ᠪᠣᠯᠤᠮᠵᠢ ᠪᠥᠷᠢᠳᠦᠭᠡᠳ ᠪᠠᠢᠢᠨ᠎ᠠ᠃

ᠰᠡᠭᠦᠯ ᠦᠨ 30 ᠍ ᠊ᠭᠠᠳ ᠵᠢᠯ ᠳᠥ ᠠᠢᠢᠮᠠᠭ ᠤᠨ ᠲᠥᠪ ᠦᠳ ᠢ ᠤᠯᠤᠰ ᠤᠨ ᠨᠡᠢᠢᠰᠯᠡᠯ ᠲᠡᠢ ᠠᠦ᠋ᠲ᠋ᠣ᠋ ᠵᠠᠮ ᠢᠶᠠᠷ ᠬᠤᠯᠪᠤᠬᠤ᠂ ᠪᠦᠬᠦ ᠰᠤᠮᠤ ᠢᠢ ᠡᠷᠴᠢᠮ ᠬᠦᠴᠦᠨ ᠦ ᠨᠢᠭᠡᠳᠦᠭᠰᠡᠨ ᠰᠦᠯᠵᠢᠶᠡᠨ ᠳᠥ ᠬᠤᠯᠪᠤᠬᠤ᠂ 《ᠮᠢᠩ᠋ᠭᠠᠨ ᠤ ᠵᠠᠮ》 ᠍ ᠢ ᠲᠠᠯᠪᠢᠬᠤ᠂ ᠣᠭ᠍ᠶᠤ ᠲᠣᠯᠣᠭᠠᠢ᠂ ᠲᠠᠪᠤᠨ ᠲᠣᠯᠣᠭᠠᠢ᠂ ᠰᠠᠯᠬᠢᠳᠤ ᠵᠡᠷᠭᠡ ᠣᠷᠳᠣ ᠭᠠᠵᠠᠷ ᠤᠳ ᠢ ᠡᠳ᠋ ᠍ ᠦᠨ ᠵᠠᠰᠠᠭ ᠤᠨ ᠡᠷᠭᠢᠯᠲᠡ ᠳᠥ ᠤᠷᠤᠭᠤᠯᠬᠤ ᠲᠥᠰᠥᠯ ᠬᠥᠲᠥᠯᠪᠦᠷᠢ ᠨᠦᠭᠦᠳ ᠢ ᠬᠡᠷᠡᠭᠵᠢᠭᠦᠯᠵᠦ ᠡᠬᠢᠯᠡᠭᠡᠳ ᠪᠠᠢᠢᠨ᠎ᠠ᠃

ᠮᠥᠨ ᠭᠠᠵᠠᠷ ᠤᠨ ᠲᠣᠰᠤᠨ ᠤ ᠦᠢᠯᠡᠳᠪᠦᠷᠢ᠂ ᠭᠠᠩ ᠤᠨ ᠦᠢᠯᠡᠳᠪᠦᠷᠢ᠂ ᠪᠠᠢᠢᠭᠠᠯᠢ ᠢᠢᠨ ᠬᠡᠢ ᠢᠢᠨ ᠬᠣᠭᠣᠯᠠᠢ᠂ ᠴᠡᠪᠡᠷᠯᠡᠬᠦ ᠪᠠᠢᠢᠭᠤᠯᠤᠮᠵᠢ᠂ ᠰᠠᠷᠠᠯ ᠤᠰᠤᠨ ᠤ ᠦᠢᠯᠡᠳᠪᠦᠷᠢ᠂ ᠰᠠᠢᠢᠵᠢᠷᠠᠭᠤᠯᠤᠭᠰᠠᠨ ᠲᠦᠯᠡᠰᠢᠨ ᠦ ᠦᠢᠯᠡᠳᠪᠦᠷᠢ᠂ ᠰᠢᠨ᠎ᠡ ᠨᠢᠰᠬᠦ ᠣᠩ᠋ᠭᠣᠴᠠᠨ ᠤ ᠪᠠᠭᠤᠳᠠᠯ᠂ ᠡᠷᠴᠢᠮ ᠬᠦᠴᠦ᠂ ᠳᠡᠳ᠋ ᠪᠦᠲᠦᠴᠡ᠂ ᠠᠦ᠋ᠲ᠋ᠣ᠋ ᠵᠠᠮ᠂ ᠲᠡᠮᠦᠷ ᠵᠠᠮ ᠤᠨ ᠰᠠᠯᠪᠤᠷᠢ ᠳᠤ ᠬᠢᠭ᠍ᠳᠡᠭᠰᠡᠨ ᠲᠣᠮᠣᠬᠠᠨ ᠪᠦᠲᠦᠭᠡᠨ ᠪᠠᠢᠢᠭᠤᠯᠤᠯᠲᠠ ᠨᠤᠭᠤᠳ᠂ ᠬᠠᠷᠢᠯᠴᠠᠭ᠎ᠠ ᠬᠣᠯᠪᠣᠭ᠎ᠠ᠂ ᠮᠡᠳᠡᠭᠡᠯᠡᠯ ᠲᠧᠭᠨᠣᠯᠣᠭᠢ ᠢᠢᠨ ᠰᠢᠨᠡᠴᠢᠯᠡᠯ᠂ ᠬᠥᠳᠡᠭᠡ ᠠᠵᠤ ᠠᠬᠤᠢ᠂ ᠭᠠᠵᠠᠷ ᠲᠠᠷᠢᠶᠠᠯᠠᠩ᠂ ᠠᠶᠠᠯᠠᠯ ᠵᠢᠭᠤᠯᠴᠢᠯᠠᠯ᠂ ᠰᠤᠶᠤᠯ᠂ ᠪᠣᠯᠪᠠᠰᠤᠷᠠᠯ᠂ ᠡᠷᠡᠭᠦᠯ ᠮᠡᠨᠳᠦ᠂ ᠰᠫᠣᠷᠲ ᠤᠨ ᠰᠠᠯᠪᠤᠷᠢ ᠳᠤ ᠬᠢᠭ᠍ᠰᠡᠨ ᠲᠣᠮᠣᠬᠠᠨ ᠲᠥᠰᠥᠯ ᠬᠥᠲᠥᠯᠪᠦᠷᠢ ᠨᠦᠭᠦᠳ ᠠᠮᠵᠢᠯᠲᠠᠲᠠᠢ ᠬᠡᠷᠡᠭᠵᠢᠵᠦ ᠪᠠᠢᠢᠨ᠎ᠠ᠃

ᠢᠩᠭᠢᠵᠦ ᠤᠯᠤᠰ ᠡᠬᠡ ᠣᠷᠣᠨ ᠤ ᠪᠠᠨ ᠬᠥᠭ᠍ᠵᠢᠯ ᠳᠡᠪᠰᠢᠯ ᠦᠨ ᠲᠥᠯᠥᠭᠡ ᠬᠠᠯᠠᠭᠤᠨ ᠳᠤ ᠬᠠᠯᠠᠵᠤ᠂ ᠬᠦᠢᠲᠡᠨ ᠳᠥ ᠬᠥᠷᠦᠵᠦ᠂ ᠥᠪᠡᠷ ᠢ ᠪᠡᠨ ᠭᠡᠬᠦ ᠡᠴᠡ ᠥᠷᠥᠭᠡᠯ ᠢ ᠪᠣᠳᠣᠵᠤ᠂ ᠥᠨᠥᠳᠥᠷ ᠢ ᠭᠡᠬᠦ ᠡᠴᠡ ᠮᠠᠷᠭᠠᠰᠢ ᠢᠢ ᠬᠠᠷᠠᠵᠤ ᠴᠤᠴᠠᠯᠲᠠ ᠦᠭᠡᠢ ᠲᠡᠮᠡᠴᠡᠵᠦ᠂ ᠪᠦᠲᠦᠭᠡᠵᠦ᠂ ᠪᠣᠰᠬᠠᠵᠤ ᠢᠷᠡᠭᠰᠡᠨ ᠠᠷᠠᠳ ᠢᠷᠭᠡᠳ᠂ ᠠᠯᠳᠠᠷ ᠭᠠᠪᠢᠶᠠᠲᠠᠨ ᠨᠤᠭᠤᠳ᠂ ᠦᠢᠯᠡᠳᠪᠦᠷᠢᠯᠡᠯ᠂ ᠦᠢᠯᠡᠴᠢᠯᠡᠭᠡᠨ ᠦ ᠰᠠᠯᠪᠤᠷᠢ ᠳᠤ ᠠᠵᠢᠯᠯᠠᠵᠤ ᠪᠠᠢᠢᠭ᠎ᠠ ᠨᠡᠢᠢᠲᠡ ᠪᠠᠶᠠᠯᠢᠭ ᠪᠦᠲᠦᠭᠡᠭ᠍ᠴᠢ᠂ ᠪᠢᠽᠢᠨ᠋᠋ᠧᠰ ᠡᠷᠡᠬᠯᠡᠭᠴᠢᠳ ᠲᠥ ᠪᠡᠨ ᠪᠠᠶᠠᠷ ᠤᠨ ᠡᠨᠡ ᠡᠳᠦᠷ ᠭᠦᠨ ᠲᠠᠯᠠᠷᠬᠠᠯ ᠢᠯᠡᠷᠬᠡᠢᠢᠯᠡᠶ᠎ᠡ᠃

ᠡᠷᠬᠢᠮ ᠬᠦᠨᠳᠦᠳᠦ ᠠᠷᠠᠳ ᠢᠷᠭᠡᠳ ᠡ!

ᠮᠣᠩ᠋ᠭᠣᠯ  ᠤᠨ ᠠᠷᠠᠳ ᠲᠦᠮᠡᠨ ᠦ ᠦᠨᠳᠦᠰᠦᠨ ᠦ ᠶᠡᠬᠡ ᠪᠠᠶᠠᠷ ᠨᠠᠭᠠᠳᠤᠮ ᠭᠡᠳᠡᠭ ᠪᠣᠯ ᠮᠣᠩ᠋ᠭᠣᠯ ᠤᠯᠤᠰ᠂ ᠮᠣᠩ᠋ᠭᠣᠯ ᠦᠨᠳᠦᠰᠦᠲᠡᠨ᠂ ᠮᠣᠩ᠋ᠭᠣᠯ ᠬᠦᠮᠦᠨ ᠦ ᠬᠤᠪᠢ ᠳᠤ ᠲᠥᠷᠥ ᠳᠥ ᠶᠣᠰᠣ᠂ ᠲᠤᠰᠠᠭᠠᠷ ᠲᠣᠭᠲᠠᠨᠢᠯ᠂ ᠲᠡᠦᠬᠡ ᠰᠤᠶᠤᠯ᠂ ᠡᠪ ᠨᠢᠭᠡᠳᠦᠯ᠂ ᠮᠠᠨᠳᠤᠨ ᠪᠠᠳᠠᠷᠠᠬᠤ ᠢᠢᠨ ᠪᠡᠯᠭᠡᠳᠡᠯ᠂ ᠮᠣᠩ᠋ᠭᠣᠯ ᠦᠨᠳᠦᠰᠦᠲᠡᠨ ᠦ ᠣᠶᠤᠨ ᠰᠠᠨᠠᠭᠠᠨ ᠤ ᠳᠠᠷᠬᠠᠯᠠᠭ᠎ᠠ᠂ ᠨᠡᠭᠦᠳᠡᠯᠴᠢᠨ ᠰᠤᠶᠤᠯ ᠢᠷᠭᠡᠨᠰᠢᠯ᠂ ᠵᠠᠩ ᠵᠠᠩᠰᠢᠯ ᠤᠨ ᠲᠡᠦᠬᠡᠨ ᠤᠯᠠᠮᠵᠢᠯᠠᠯ ᠪᠥᠭᠡᠳ ᠦᠶ᠎ᠡ ᠢᠢᠨ ᠦᠶ᠎ᠡ ᠳᠥ ᠮᠥᠩᠬᠡᠯᠡᠨ ᠲᠡᠮᠳᠡᠭᠯᠡᠵᠦ ᠪᠠᠢᠢᠬᠤ ᠶᠣᠰᠣᠲᠠᠢ ᠦᠨᠡᠲᠦ ᠵᠦᠢᠯ ᠶᠤᠮ᠃

ᠭᠡᠪᠡᠴᠦ ᠡᠨᠡ ᠤᠳᠠᠭ᠎ᠠ ᠳᠡᠯᠡᠬᠡᠢ ᠨᠡᠢᠢᠲᠡ ᠳᠥ ᠲᠦᠭᠡᠭᠡᠳ ᠪᠠᠢᠢᠭ᠎ᠠ 《ᠺᠣᠸᠢᠳ᠋-19》 ᠴᠠᠷ᠎ ᠲᠠᠬᠤᠯ ᠤᠨ ᠬᠣᠣᠷ ᠬᠣᠬᠢᠷᠠᠯ ᠢ ᠲᠣᠭᠠᠴᠠᠨ ᠮᠠᠨ ᠤ ᠤᠯᠤᠰ ᠤᠨ ᠡᠷᠳᠡᠮᠲᠡᠨ ᠰᠤᠳᠤᠯᠤᠭᠠᠴᠢᠳ᠂ ᠮᠡᠷᠭᠡᠵᠢᠯ ᠦᠨ ᠪᠠᠢᠢᠭᠤᠯᠤᠯᠭ᠎ᠠ ᠨᠤᠭᠤᠳ ᠤᠨ ᠥᠭᠴᠦ ᠪᠤᠢ ᠵᠥᠪᠯᠡᠭᠡ᠂ ᠰᠢᠢᠳᠪᠦᠷᠢ ᠢᠢ ᠦᠨᠳᠦᠰᠦᠯᠡᠨ ᠮᠣᠩ᠋ᠭᠣᠯ ᠤᠯᠤᠰ ᠤᠨ ᠵᠠᠰᠠᠭ ᠤᠨ ᠭᠠᠵᠠᠷ ᠠᠴᠠ ᠦᠨᠳᠦᠰᠦᠨ ᠦ ᠶᠡᠬᠡ ᠪᠠᠶᠠᠷ ᠨᠠᠭᠠᠳᠤᠮ ᠢ ᠡᠩᠬᠡ ᠲᠤᠩᠬ᠎ᠠ ᠰᠠᠢᠢᠨ ᠴᠠᠭ ᠢᠷᠡᠬᠦ ᠳᠥ ᠲᠡᠮᠳᠡᠭᠯᠡᠬᠦ ᠪᠡᠷ ᠬᠣᠢᠢᠰᠢᠯᠠᠭᠤᠯᠤᠭᠠᠳ ᠪᠠᠢᠢᠨ᠎ᠠ᠃

ᠡᠨᠡ ᠰᠢᠢᠳᠪᠦᠷᠢ ᠨᠢ ᠮᠠᠨ ᠤ ᠤᠯᠤᠰ ᠲᠤ ᠲᠣᠬᠢᠶᠠᠯᠳᠤᠵᠤ ᠪᠣᠯᠵᠣᠰᠢ ᠦᠭᠡᠢ ᠠᠶᠤᠯᠲᠤ ᠡᠷᠦᠰᠳᠡᠯ ᠡᠴᠡ ᠦᠷ᠎ᠡ ᠬᠡᠦᠬᠡᠳ᠂ ᠠᠷᠠᠳ ᠢᠷᠭᠡᠳ ᠦᠨ ᠢᠶᠡᠨ ᠠᠮᠢ ᠨᠠᠰᠤ᠂ ᠡᠷᠡᠭᠦᠯ ᠮᠡᠨᠳᠦ ᠢᠢ ᠬᠠᠮᠠᠭᠠᠯᠠᠭᠰᠠᠨ᠂ ᠠᠵᠤ ᠠᠮᠢᠳᠤᠷᠠᠯ᠂ ᠰᠡᠳᠬᠢᠯ ᠰᠠᠨᠠᠭᠠᠨ ᠤ ᠬᠤᠪᠢ ᠳᠤ ᠨᠥᠬᠥᠵᠦ ᠪᠠᠷᠠᠰᠢ ᠦᠭᠡᠢ ᠬᠣᠬᠢᠷᠠᠯ ᠠᠮᠰᠠᠭᠠᠳ ᠪᠠᠢᠢᠭ᠎ᠠ ᠢᠷᠭᠡᠳ ᠲᠥ ᠪᠡᠨ ᠬᠦᠮᠦᠨ ᠶᠣᠰᠣᠨ ᠤ ᠬᠤᠪᠢ ᠳᠤ ᠴᠤ᠂ ᠶᠣᠰᠣ ᠰᠤᠷᠲᠠᠬᠤᠨ ᠤ ᠬᠤᠪᠢ ᠳᠤ ᠴᠤ ᠬᠦᠨᠳᠦᠳᠬᠡᠯᠲᠡᠢ ᠬᠠᠨᠳᠤᠭᠰᠠᠨ ᠬᠦᠮᠦᠯᠢᠭ ᠰᠢᠢᠳᠪᠦᠷᠢ ᠭᠡᠳᠡᠭ ᠢ ᠮᠠᠨ ᠤ ᠠᠷᠠᠳ ᠲᠦᠮᠡᠨ ᠠᠭᠤᠵᠢᠮ ᠰᠠᠷᠠᠭᠤᠯ ᠤᠬᠠᠭᠠᠨ ᠳᠤ ᠪᠠᠨ ᠲᠤᠩ᠋ᠭᠠᠨ ᠣᠢᠢᠯᠠᠭᠠᠵᠤ ᠪᠠᠢᠢᠭ᠎ᠠ ᠭᠡᠳᠡᠭ ᠲᠥ ᠢᠲᠡᠭᠡᠯ ᠲᠡᠢ ᠪᠠᠢᠢᠨ᠎ᠠ᠃

ᠬᠦᠮᠦᠨ ᠲᠥᠷᠥᠯᠬᠢᠲᠡᠨ ᠦ ᠡᠪ ᠨᠢᠭᠡᠳᠦᠯ ᠦᠨ ᠢᠯᠡᠷᠬᠡᠢᠢᠯᠡᠯ ᠪᠣᠯᠤᠭᠰᠠᠨ ᠰᠫᠣᠷᠲ ᠤᠨ ᠶᠡᠬᠡ ᠪᠠᠶᠠᠷ ᠣᠯᠢᠮᠫ ᠴᠤ ᠪᠠᠰᠠ ᠬᠣᠢᠢᠰᠢᠯᠠᠵᠤ ᠪᠠᠢᠢᠭᠰᠠᠨ ᠢ ᠲᠠ ᠪᠢᠳᠡ ᠰᠠᠨᠠᠵᠤ ᠪᠠᠢᠢᠭ᠎ᠠ᠃

ᠴᠠᠷ ᠲᠠᠬᠤᠯ ᠤᠨ ᠡᠰᠡᠷᠬᠦ ᠴᠠᠭ ᠨᠠᠷᠠ ᠦᠭᠡᠢ᠂ ᠡᠳᠦᠷ ᠱᠥᠨᠢ ᠦᠭᠡᠢ ᠬᠢᠴᠢᠶᠡᠨ ᠵᠢᠳᠬᠦᠵᠦ ᠪᠤᠢ ᠡᠮᠴᠢ᠂ ᠰᠤᠪᠢᠯᠠᠭᠴᠢ᠂ ᠡᠮᠨᠡᠯᠭᠡ ᠢᠢᠨ ᠠᠵᠢᠯᠲᠠᠨ ᠨᠤᠭᠤᠳ᠂ ᠣᠨᠴᠤᠭᠤᠢ ᠪᠠᠢᠢᠳᠠᠯ᠂ ᠴᠠᠭᠳᠠᠭ᠎ᠠ᠂ ᠮᠡᠷᠭᠡᠵᠢᠯ ᠦᠨ ᠬᠢᠨᠠᠯᠲᠠ ᠵᠡᠷᠭᠡ ᠲᠠᠩ᠋ᠭᠠᠷᠢᠭ ᠡᠷᠭᠦᠭ᠍ᠰᠡᠨ ᠲᠥᠷᠥ ᠢᠢᠨ ᠠᠯᠪᠠᠨ ᠬᠠᠭᠠᠭᠴᠢᠳ ᠪᠣᠯᠤᠨ ᠬᠠᠯᠳᠠᠪᠤᠷᠢ ᠬᠠᠮᠠᠭᠠᠯᠠᠯ᠂ ᠥᠨᠳᠦᠷᠵᠢᠭᠦᠯᠦᠭᠰᠡᠨ ᠪᠡᠯᠡᠨ ᠪᠠᠢᠢᠳᠠᠯ ᠤᠨ ᠨᠠᠷᠢᠨ ᠳᠢᠭᠯᠢᠮ ᠢ ᠰᠠᠬᠢᠵᠤ᠂ ᠲᠥᠷᠥ ᠵᠠᠰᠠᠭ ᠲᠠᠢ ᠪᠠᠨ ᠬᠠᠮᠲᠤᠷᠠᠨ ᠠᠵᠢᠯᠯᠠᠵᠤ ᠪᠠᠢᠢᠭ᠎ᠠ ᠨᠡᠢᠢᠲᠡ ᠠᠷᠠᠳ ᠢᠷᠭᠡᠳ ᠲᠥ ᠪᠡᠨ ᠭᠦᠨ ᠲᠠᠯᠠᠷᠬᠠᠯ ᠢᠯᠡᠷᠬᠡᠢᠢᠯᠡᠶ᠎ᠡ᠃

ᠮᠠᠨ ᠤ ᠤᠯᠤᠰ ᠤᠨ ᠠᠷᠠᠳ ᠢᠷᠭᠡᠳ ᠡ!

ᠬᠡᠳᠦᠢ ᠪᠡᠷ ᠡᠨᠡ ᠵᠢᠯ ᠣᠨᠴᠤᠭᠤᠢ ᠨᠥᠬᠥᠴᠡᠯ ᠪᠠᠢᠢᠳᠠᠯ ᠤᠨ ᠤᠯᠠᠮ ᠠᠴᠠ ᠦᠨᠳᠦᠰᠦᠨ ᠦ ᠶᠡᠬᠡ ᠪᠠᠶᠠᠷ ᠨᠠᠭᠠᠳᠤᠮ ᠢᠶᠠᠨ ᠬᠣᠢᠢᠰᠢᠯᠠᠭᠤᠯᠵᠤ ᠪᠠᠢᠢᠭ᠎ᠠ ᠪᠣᠯᠪᠠᠴᠤ ᠬᠦᠮᠦᠨ ᠪᠣᠯᠭᠠᠨ ᠵᠢᠷᠦᠬᠡ ᠰᠡᠳᠬᠢᠯ ᠳᠥ ᠪᠡᠨ ᠥᠪ ᠰᠤᠶᠤᠯ᠂ ᠡᠦᠬᠡ ᠲᠡᠦᠬᠡ ᠪᠡᠨ ᠡᠷᠬᠢᠮᠯᠡᠨ ᠳᠡᠭᠡᠳᠦᠯᠡᠵᠦ᠂ ᠦᠷ᠎ᠡ ᠬᠡᠦᠬᠡᠳ ᠲᠥ ᠪᠡᠨ ᠰᠤᠷᠲᠠᠯᠴᠢᠯᠠᠨ ᠲᠠᠨᠢᠭᠤᠯᠵᠤ᠂ ᠰᠡᠳᠬᠢᠯ ᠣᠶᠤᠨ ᠳᠤ ᠪᠠᠨ ᠬᠦᠨᠳᠦᠳᠬᠡᠨ ᠪᠣᠳᠣᠵᠤ ᠵᠥᠪᠬᠡᠨ ᠭᠡᠷ ᠪᠦᠯᠢ ᠳᠣᠲᠣᠷ᠎ᠠ ᠪᠠᠨ ᠶᠣᠰᠣᠯᠠᠨ ᠲᠡᠮᠳᠡᠭᠯᠡᠬᠦ ᠢᠢ ᠬᠦᠰᠡᠶ᠎ᠡ᠃

ᠮᠠᠨ ᠤ ᠶᠡᠬᠡ ᠵᠣᠬᠢᠶᠠᠯᠴᠢ ᠳᠠᠰᠢᠳᠣᠷᠵᠢ ᠢᠢᠨ ᠨᠠᠴᠤᠭᠳᠣᠷᠵᠢ ᠲᠡᠷᠲᠡᠭᠡ 1935 ᠣᠨ ᠳᠤ 《ᠡᠷᠡᠭᠦᠯ ᠶᠠᠪᠤᠪᠠᠯ ᠤᠯᠤᠰ ᠤᠨ ᠨᠠᠭᠠᠳᠤᠮ ᠢ ᠦᠵᠡᠨ᠎ᠡ》 ᠬᠡᠮᠡᠬᠦ ᠰᠢᠯᠦᠭ ᠪᠢᠴᠢᠵᠦ ᠦᠯᠡᠳᠡᠭᠡᠭ᠍ᠰᠡᠨ ᠨᠢ ᠥᠨᠥ ᠢᠢᠨ ᠪᠢᠳᠡᠨ ᠳᠥ ᠬᠠᠨᠳᠤᠨ ᠬᠡᠯᠡᠭᠰᠡᠨ ᠵᠠᠬᠢᠶᠠᠰᠤ ᠮᠡᠲᠦ ᠰᠠᠨᠠᠭᠳᠠᠵᠤ ᠪᠠᠢᠢᠨ᠎ᠠ᠃ ᠶᠡᠬᠡ ᠵᠣᠬᠢᠶᠠᠯᠴᠢ ᠢᠢᠨ ᠮᠠᠨᠢ ᠪᠢᠴᠢᠭᠰᠡᠨᠴᠢᠯᠡᠨ᠄

《ᠣᠯᠠᠨ ᠲᠦᠮᠡᠨ ᠮᠢᠨᠢ ᠡᠷᠡᠭᠦᠯ ᠪᠠᠢᠢᠵᠤ ᠣᠯᠠᠨ᠂ ᠣᠯᠠᠨ 《ᠤᠯᠤᠰ ᠤᠨ ᠨᠠᠭᠠᠳᠤᠮ》 ᠍ ᠢ ᠦᠵᠡᠬᠦ ᠪᠣᠯᠲᠤᠭᠠᠢ!》

ᠠᠢᠢᠯ ᠡᠷᠦᠬᠡ ᠪᠦᠷᠢ ᠢᠢᠨ ᠬᠣᠢᠢᠮᠣᠷ ᠲᠤ ᠠᠵᠠ ᠵᠢᠷᠭᠠᠯ᠂ ᠢᠨᠢᠶᠡᠳᠦ ᠪᠠᠶᠠᠰᠤᠯ ᠴᠠᠯᠭᠢᠵᠤ᠂ ᠬᠦᠮᠦᠨ ᠪᠦᠷᠢ ᠢᠢᠨ ᠵᠢᠷᠦᠬᠡ ᠰᠡᠳᠬᠢᠯ ᠳᠥ ᠡᠨᠡᠷᠢᠯ ᠨᠢᠭᠦᠯᠡᠰᠦᠯ ᠦᠨ ᠭᠡᠷᠡᠯ ᠭᠡᠭᠡ ᠮᠥᠩᠬᠡᠳᠡ ᠪᠠᠳᠮᠠᠯᠠᠵᠤ ᠪᠠᠢᠢᠬᠤ ᠪᠣᠯᠲᠤᠭᠠᠢ᠃

ᠮᠣᠷᠢᠨ ᠳᠡᠯ ᠳᠡᠭᠡᠷ᠎ᠡ ᠠᠰᠠᠭᠰᠠᠨ ᠮᠣᠩ᠋ᠭᠣᠯ ᠬᠦᠮᠦᠨ ᠦ ᠬᠡᠢᠢᠮᠣᠷᠢ ᠭᠠᠯ ᠤᠨ ᠳᠥᠯᠥ ᠰᠢᠭ᠌ ᠢᠶᠡᠨ ᠥᠭᠡᠳᠡ ᠪᠡᠨ ᠪᠠᠢᠢᠭ᠃

ᠮᠥᠩᠬᠡ ᠲᠩᠷᠢ ᠢᠢᠨ ᠬᠦᠴᠦᠨ ᠳᠣᠣᠷ᠎ᠠ ᠮᠣᠩ᠋ᠭᠣᠯ ᠤᠯᠤᠰ ᠮᠠᠨᠳᠤᠨ ᠪᠠᠳᠠᠷᠠᠬᠤ ᠪᠣᠯᠲᠤᠭᠠᠢ!》 ᠭᠡᠵᠡᠢ᠃