Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ ᠰᠢᠯᠢᠳᠡᠭ ᠣᠶᠤᠲᠠᠨ᠂ ᠰᠤᠷᠤᠭᠴᠢᠳ ᠲᠤ ᠨᠡᠷᠡᠮᠵᠢᠲᠦ ᠲᠡᠳᠬᠦᠯᠭᠡ ᠣᠯᠭᠣᠬᠤ᠂ ᠤᠷᠮᠠᠰᠢᠭᠤᠯᠵᠤ ᠪᠠᠢᠢᠬᠤ ᠲᠤᠬᠠᠢ ᠵᠠᠷᠯᠢᠭ ᠭᠠᠷᠭᠠᠯ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ ᠶᠡᠷᠦᠩᠬᠡᠢᠢᠯᠡᠭᠴᠢ ᠢᠢᠨ ᠨᠡᠷᠡᠮᠵᠢᠲᠦ ᠲᠡᠳᠬᠦᠯᠭᠡ ᠣᠯᠭᠣᠬᠤ ᠪᠣᠯᠤᠨ ᠣᠯᠠᠨ ᠤᠯᠤᠰ ᠤᠨ ᠣᠯᠢᠮᠫᠢᠶᠠᠳ᠋ ᠍ ᠲᠤ ᠠᠮᠵᠢᠯᠲᠠᠲᠠᠢ ᠣᠷᠣᠯᠴᠠᠬᠤ ᠢᠢ ᠳᠡᠮᠵᠢᠵᠦ᠂ ᠤᠷᠮᠠᠰᠢᠭᠤᠯᠵᠤ ᠪᠠᠢᠢᠬᠤ ᠵᠣᠷᠢᠯᠭ᠎ᠠ ᠪᠠᠷ 《ᠵᠠᠰᠠᠭ ᠤᠨ ᠭᠠᠵᠠᠷ ᠲᠤ ᠴᠢᠭᠯᠡᠯ ᠥᠭ᠍ᠬᠦ ᠲᠤᠬᠠᠢ》 ᠵᠠᠷᠯᠢᠭ ᠭᠠᠷᠭᠠᠯ᠎ᠠ᠃

ᠡᠭᠦᠨ ᠲᠡᠢ ᠬᠣᠯᠪᠣᠭᠳᠠᠭᠤᠯᠤᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠶᠠ᠊ ∙ ᠰᠣᠳᠤᠪᠠᠭᠠᠲᠤᠷ᠂ ᠪᠣᠯᠪᠠᠰᠤᠷᠠᠯ᠂ ᠰᠢᠨᠵᠢᠯᠡᠬᠦ ᠤᠬᠠᠭᠠᠨ ᠤ ᠰᠠᠢᠢᠳ ᠯ ∙ ᠡᠩᠬᠡ-ᠠᠮᠤᠭᠤᠯᠠᠩ᠂ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠪᠣᠯᠪᠠᠰᠤᠷᠠᠯ᠂ ᠰᠢᠨᠵᠢᠯᠡᠬᠦ ᠤᠬᠠᠭᠠᠨ᠂ ᠲᠧᠭᠨᠣᠯᠣᠭᠢ ᠢᠢᠨ ᠪᠣᠳᠣᠯᠭ᠎ᠠ ᠢᠢᠨ ᠵᠥᠪᠯᠡᠬᠦ ᠴ ∙ ᠯᠣᠳᠤᠢᠢᠷᠠᠪᠰᠠᠯ ᠨᠠᠷ ᠮᠡᠳᠡᠭᠡᠯᠡᠯ ᠬᠢᠪᠡ᠃

ᠶᠡᠷᠦᠩᠬᠡᠢᠢᠯᠡᠭᠴᠢ ᠢᠢᠨ ᠨᠡᠷᠡᠮᠵᠢᠲᠦ ᠲᠡᠳᠬᠦᠯᠭᠡ᠄

ᠳᠡᠯᠡᠬᠡᠢ ᠳᠥ ᠥᠷᠢᠰᠦᠯᠳᠡᠬᠦ ᠴᠢᠳᠠᠪᠤᠷᠢ ᠢᠢ ᠨᠡᠮᠡᠭᠳᠡᠭᠦᠯᠬᠦ᠂ ᠬᠡᠦᠬᠡᠳ ᠵᠠᠯᠠᠭᠤᠴᠤᠳ ᠤᠨ ᠰᠤᠷᠤᠯᠴᠠᠬᠤ ᠲᠡᠭᠰᠢ ᠪᠣᠯᠤᠮᠵᠢ ᠢᠢ ᠬᠠᠩ᠋ᠭᠠᠬᠤ᠂ ᠳᠡᠯᠡᠬᠡᠢ ᠢᠢᠨ ᠰᠢᠯᠢᠳᠡᠭ ᠶᠡᠬᠡ᠂ ᠳᠡᠭᠡᠳᠦ ᠰᠤᠷᠭᠠᠭᠤᠯᠢ ᠳᠤ ᠰᠤᠷᠤᠯᠴᠠᠬᠤ ᠳᠤ ᠳᠡᠮᠵᠢᠯᠭᠡ ᠦᠵᠡᠭᠦᠯᠬᠦ ᠵᠣᠷᠢᠯᠭ᠎ᠠ ᠲᠠᠢ ᠶᠤᠮ᠃

ᠲᠤᠬᠠᠢ ᠢᠢᠨ ᠵᠢᠯ ᠦᠨ ᠡᠯᠰᠡᠯᠲᠡ ᠢᠢᠨ ᠶᠡᠷᠦᠩᠬᠡᠢ ᠰᠢᠯᠭᠠᠯᠲᠠ ᠳᠤ ᠬᠠᠷᠢᠶᠠᠯᠠᠬᠤ ᠰᠤᠮᠤ᠂ ᠨᠡᠢᠢᠰᠯᠡᠯ ᠦᠨ ᠬᠣᠷᠢᠶᠨᠨ ᠳᠤ ᠪᠠᠨ ᠬᠠᠮᠤᠭ ᠤᠨ ᠥᠨᠳᠥᠷ ᠣᠨᠣᠭ᠎ᠠ ᠠᠪᠤᠭᠰᠠᠨ ᠲᠤᠰ ᠪᠦᠷᠢ ᠨᠢᠭᠡ ᠢᠷᠭᠡᠨ ᠢ ᠳᠡᠯᠡᠬᠡᠢ ᠢᠢᠨ ᠰᠢᠯᠢᠳᠡᠭ ᠶᠡᠬᠡ᠂ ᠳᠡᠭᠡᠳᠦ ᠰᠤᠷᠭᠠᠭᠤᠯᠢ ᠳᠤ ᠰᠤᠷᠤᠯᠴᠠᠭᠤᠯᠬᠤ ᠳᠤ ᠪᠡᠯᠡᠳᠬᠡᠬᠦ ᠳᠣᠲᠣᠭᠠᠳᠤ ᠢᠢᠨ ᠲᠥᠷᠥ ᠢᠢᠨ ᠥᠮᠴᠢ ᠢᠢᠨ ᠶᠡᠬᠡ ᠰᠤᠷᠭᠠᠭᠤᠯᠢ ᠢᠢᠨ ᠲᠡᠳᠬᠦᠯᠭᠡ ᠢᠢᠨ ᠪᠡᠯᠡᠳᠬᠡᠯ ᠬᠥᠲᠥᠯᠪᠦᠷᠢ ᠳᠥ ᠡᠯᠰᠡᠭᠦᠯᠬᠦ᠂ ᠡᠭᠦᠨ ᠢ ᠠᠮᠵᠢᠯᠲᠠ ᠲᠠᠢ ᠲᠡᠭᠦᠰᠴᠦ᠂ ᠳᠡᠯᠡᠬᠡᠢ ᠢᠢᠨ ᠰᠢᠯᠢᠳᠡᠭ ᠶᠡᠬᠡ᠂ ᠳᠡᠭᠡᠳᠦ ᠰᠤᠷᠭᠠᠭᠤᠯᠢ ᠢᠢᠨ ᠪᠠᠺᠠᠯᠠᠸᠷ ᠤᠨ ᠦᠨᠳᠦᠰᠦᠨ ᠬᠥᠲᠥᠯᠪᠦᠷᠢ ᠳᠥ ᠰᠤᠷᠤᠯᠴᠠᠬᠤ ᠡᠷᠬᠡ ᠠᠪᠤᠭᠰᠠᠨ ᠪᠣᠯ ᠰᠤᠷᠭᠠᠯᠲᠠ ᠢᠢᠨ ᠲᠡᠳᠬᠦᠯᠭᠡ ᠣᠯᠭᠤᠨ᠎ᠠ᠃

ᠮᠥᠨ ᠮᠣᠩ᠋ᠭᠣᠯ ᠤᠯᠤᠰ ᠲᠤ ᠪᠣᠯᠤᠨ ᠣᠯᠠᠨ ᠤᠯᠤᠰ ᠲᠤ ᠬᠦᠯᠢᠶᠡᠨ ᠵᠥᠪᠰᠢᠶᠡᠷᠡᠭᠳᠡᠭᠰᠡᠨ ᠣᠯᠢᠮᠫᠢᠶᠠᠳ᠋ ᠍ ᠲᠤ ᠮᠧᠳᠠᠯᠳᠤ ᠪᠠᠢᠢᠷᠢ ᠳᠤ ᠰᠢᠯᠭᠠᠷᠠᠭᠰᠠᠨ ᠰᠤᠷᠤᠭᠴᠢ ᠳᠡᠯᠡᠬᠡᠢ ᠢᠢᠨ ᠰᠢᠯᠢᠳᠡᠭ 100 ᠍ ᠳᠥ ᠪᠠᠭᠲᠤᠭᠰᠠᠨ ᠶᠡᠬᠡ᠂ ᠳᠡᠭᠡᠳᠦ ᠰᠤᠷᠭᠠᠭᠤᠯᠢ ᠢᠢᠨ ᠪᠠᠺᠠᠯᠠᠸᠷ ᠤᠨ ᠦᠨᠳᠦᠰᠦᠨ ᠬᠥᠲᠥᠯᠪᠦᠷᠢ ᠳᠥ ᠰᠤᠷᠤᠯᠴᠠᠬᠤ ᠡᠷᠬᠡ ᠠᠪᠤᠭᠰᠠᠨ ᠪᠣᠯ ᠰᠤᠷᠭᠠᠯᠲᠠ ᠢᠢᠨ ᠲᠡᠳᠬᠦᠯᠭᠡ ᠠᠪᠬᠤ ᠶᠤᠮ᠃

ᠨᠡᠷᠡᠮᠵᠢᠲᠦ ᠲᠡᠳᠬᠦᠯᠭᠡ ᠪᠡᠷ ᠰᠤᠷᠤᠯᠴᠠᠭᠤᠯᠬᠤ ᠮᠡᠷᠭᠡᠵᠢᠯ ᠦᠨ ᠬᠤᠪᠢᠶᠠᠷᠢᠯᠠᠯᠲᠠ ᠢᠢ ᠮᠣᠩ᠋ᠭᠣᠯ ᠤᠯᠤᠰ ᠤᠨ ᠬᠥᠭ᠍ᠵᠢᠯ ᠦᠨ ᠪᠣᠳᠣᠯᠭ᠎ᠠ᠂ ᠵᠠᠰᠠᠭ ᠤᠨ ᠭᠠᠵᠠᠷ ᠤᠨ ᠪᠠᠲᠤᠯᠠᠭᠰᠠᠨ ᠲᠡᠷᠢᠭᠦᠯᠡᠬᠦ ᠠᠴᠢ ᠬᠣᠯᠪᠣᠭᠳᠠᠯ ᠲᠠᠢ ᠮᠡᠷᠭᠡᠵᠢᠯ ᠦᠨ ᠴᠢᠭᠯᠡᠯ ᠲᠡᠢ ᠤᠶᠠᠯᠳᠤᠭᠤᠯᠤᠨ ᠲᠣᠭᠲᠠᠭᠠᠬᠤ ᠪᠥᠭᠡᠳ ᠲᠡᠳᠬᠦᠯᠭᠡ ᠪᠡᠷ ᠰᠤᠷᠤᠯᠴᠠᠵᠤ ᠲᠡᠭᠦᠰᠦᠭᠰᠡᠨ ᠢᠷᠭᠡᠨ ᠣᠷᠣᠨ ᠨᠤᠲᠤᠭ ᠲᠤ ᠪᠠᠨ ᠠᠵᠢᠯᠯᠠᠨ᠎ᠠ᠃ ᠠᠵᠢᠯ ᠤᠨ ᠪᠠᠢᠢᠷᠢ ᠪᠠᠷ ᠬᠠᠩ᠋ᠭᠠᠬᠤ ᠵᠡᠷᠭᠡ ᠲᠡᠢ ᠬᠣᠯᠪᠣᠭᠠᠲᠠᠢ ᠠᠰᠠᠭᠤᠳᠠᠯ ᠢ ᠬᠣᠯᠪᠣᠭᠳᠠᠬᠤ ᠬᠠᠤᠯᠢ ᠲᠣᠭᠲᠠᠭᠠᠮᠵᠢ ᠳᠤ ᠲᠤᠰᠬᠠᠬᠤ ᠲᠠᠯ᠎ᠠ ᠪᠠᠷ ᠰᠤᠳᠤᠯᠵᠤ᠂ ᠵᠣᠬᠢᠶᠠᠨ ᠪᠠᠢᠢᠭᠤᠯᠬᠤ ᠢᠢ ᠵᠠᠷᠯᠢᠭ ᠲᠤ ᠲᠤᠰᠬᠠᠵᠠᠢ᠃

ᠶᠡᠷᠦᠩᠬᠡᠢᠢᠯᠡᠭᠴᠢ ᠢᠢᠨ ᠲᠡᠳᠬᠦᠯᠭᠡ ᠪᠡᠷ ᠳᠡᠯᠡᠬᠡᠢ ᠢᠢᠨ ᠰᠢᠯᠢᠳᠡᠭ ᠶᠡᠬᠡ᠂ ᠳᠡᠭᠡᠳᠦ ᠰᠤᠷᠭᠠᠭᠤᠯᠢ ᠳᠤ ᠰᠤᠷᠤᠯᠴᠠᠭᠤᠯᠬᠤ ᠳᠤ ᠱᠠᠭᠠᠷᠳᠠᠭᠳᠠᠬᠤ ᠵᠠᠷᠤᠳᠠᠯ ᠢ ᠵᠢᠯ ᠪᠦᠷᠢ ᠢᠢᠨ ᠤᠯᠤᠰ ᠤᠨ ᠲᠥᠰᠥᠪ ᠲᠥ ᠲᠤᠰᠬᠠᠵᠤ᠂ ᠵᠢᠯ ᠪᠦᠷᠢ ᠢᠢᠨ ᠭᠤᠷᠪᠠᠳᠤᠭᠠᠷ ᠤᠯᠠᠷᠢᠯ ᠳᠤ ᠪᠠᠭᠲᠠᠭᠠᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠳᠥ ᠪᠣᠯᠤᠨ ᠣᠯᠠᠨ ᠨᠡᠢᠢᠲᠡ ᠳᠥ ᠮᠡᠳᠡᠭᠡᠯᠡᠨ᠎ᠡ᠃

ᠨᠡᠷᠡᠮᠵᠢᠲᠦ ᠰᠤᠷᠭᠠᠯᠲᠠ ᠢᠢᠨ ᠲᠡᠳᠬᠦᠯᠭᠡ ᠣᠯᠭᠣᠬᠤ ᠵᠢᠷᠤᠮ ᠢ ᠵᠠᠰᠠᠭ ᠤᠨ ᠭᠠᠵᠠᠷ ᠤᠨ ᠬᠤᠷᠠᠯᠳᠤᠭᠠᠨ ᠢᠶᠠᠷ ᠬᠡᠯᠡᠯᠴᠡᠵᠦ ᠪᠠᠲᠤᠯᠠᠬᠤ ᠶᠤᠮ᠃

ᠣᠯᠠᠨ ᠤᠯᠤᠰ ᠤᠨ ᠣᠯᠢᠮᠫᠢᠶᠠᠳ᠋ ᠍ ᠲᠤ ᠠᠮᠵᠢᠯᠲᠠᠲᠠᠢ ᠣᠷᠣᠯᠴᠠᠬᠤ ᠢᠢ ᠳᠡᠮᠵᠢᠬᠦ᠂ ᠤᠷᠮᠠᠰᠢᠭᠤᠯᠬᠤ᠄

ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠵᠠᠷᠯᠢᠭ ᠲᠤ ᠮᠣᠩ᠋ᠭᠣᠯ ᠤᠯᠤᠰ ᠲᠤ ᠪᠣᠯᠤᠨ ᠣᠯᠠᠨ ᠤᠯᠤᠰ ᠲᠤ ᠬᠦᠯᠢᠶᠡᠨ ᠵᠥᠪᠰᠢᠶᠡᠷᠡᠭᠳᠡᠭᠰᠡᠨ ᠣᠯᠢᠮᠫᠢᠶᠠᠳ᠋ ᠍ ᠲᠤ ᠮᠧᠳᠠᠯᠳᠤ ᠪᠠᠢᠢᠷᠢ ᠳᠤ ᠰᠢᠯᠭᠠᠷᠠᠭᠰᠠᠨ ᠰᠤᠷᠤᠭᠴᠢᠳ ᠲᠤ ᠨᠢᠭᠡ ᠤᠳᠠᠭ᠎ᠠ ᠢᠢᠨ ᠤᠷᠮᠠᠰᠢᠭᠤᠯᠤᠯ ᠣᠯᠭᠣᠬᠤ᠂ ᠤᠯᠤᠰ ᠤᠨ ᠣᠯᠢᠮᠫᠢᠶᠠᠳ᠋ ᠍ ᠤᠳ ᠤᠨ ᠱᠠᠲᠤᠯᠠᠯ᠂ ᠴᠠᠷ᠎ ᠬᠦᠷᠢᠢ᠎ᠡ ᠢᠢ ᠨᠡᠮᠡᠵᠦ ᠣᠯᠠᠨ ᠤᠯᠤᠰ ᠤᠨ ᠠᠩᠭᠢᠯᠠᠯ ᠲᠠᠢ ᠤᠶᠠᠯᠳᠤᠭᠤᠯᠤᠨ ᠵᠣᠬᠢᠶᠠᠨ ᠪᠠᠢᠢᠭᠤᠯᠬᠤ᠂ ᠬᠡᠦᠬᠡᠳ ᠪᠦᠷᠢ ᠤᠷᠤᠯᠴᠠᠬᠤ ᠲᠡᠭᠰᠢ ᠪᠣᠯᠤᠮᠵᠢ ᠢᠢ ᠪᠦᠷᠢᠳᠦᠭᠦᠯᠬᠦ᠂ ᠰᠤᠷᠤᠭᠴᠢᠳ ᠢ ᠪᠡᠯᠡᠳᠬᠡᠵᠦ ᠣᠷᠤᠯᠴᠠᠭᠤᠯᠬᠤ ᠪᠠᠭᠰᠢ ᠨᠠᠷ ᠢ ᠳᠡᠮᠵᠢᠬᠦ᠂ ᠱᠠᠭᠠᠷᠳᠠᠯᠭ᠎ᠠ ᠲᠠᠢ ᠪᠠᠭᠠᠵᠢ ᠲᠥᠬᠥᠭᠡᠷᠦᠮᠵᠢ ᠪᠡᠷ ᠬᠠᠩ᠋ᠭᠠᠬᠤ᠂ ᠣᠯᠢᠮᠫᠢᠶᠠᠳ᠋ ᠍ ᠢ ᠵᠣᠬᠢᠶᠠᠨ ᠪᠠᠢᠢᠭᠤᠯᠬᠤ ᠬᠣᠷᠢᠶᠠᠨ ᠤ ᠲᠣᠭᠲᠠᠪᠤᠷᠢᠲᠠᠢ ᠦᠢᠯᠡ ᠠᠵᠢᠯᠯᠠᠭ᠎ᠠ ᠢᠢ ᠳᠡᠮᠵᠢᠬᠦ ᠵᠡᠷᠭᠡ ᠢᠢ ᠲᠤᠰᠬᠠᠵᠠᠢ᠃

ᠡᠨᠡ ᠨᠢ ᠮᠣᠩ᠋ᠭᠣᠯ ᠬᠦᠮᠦᠨ ᠦ ᠣᠶᠤᠨ ᠤᠬᠠᠭᠠᠨ ᠤ ᠦᠨᠡᠯᠡᠮᠵᠢ ᠢᠢ ᠳᠡᠭᠡᠭ᠍ᠰᠢᠯᠡᠭᠦᠯᠬᠦ᠂ ᠣᠯᠠᠨ ᠤᠯᠤᠰ ᠤᠨ ᠲᠦᠪᠰᠢᠨ ᠳᠥ ᠰᠢᠨᠵᠢᠯᠡᠬᠦ ᠤᠬᠠᠭᠠᠨ ᠤ ᠮᠡᠳᠡᠯᠭᠡ ᠪᠡᠷ ᠥᠷᠢᠰᠥᠯᠳᠥᠬᠦ ᠴᠢᠳᠠᠪᠤᠷᠢ ᠢᠢ ᠬᠥᠬᠢᠭᠦᠯᠦᠨ ᠳᠡᠮᠵᠢᠬᠦ᠂ ᠰᠤᠷᠤᠭᠴᠢᠳ ᠢ ᠣᠯᠢᠮᠫᠢᠶᠠᠳ᠋ ᠍ ᠲᠤ ᠤᠷᠤᠯᠴᠠᠬᠤ ᠨᠥᠬᠥᠴᠡᠯ ᠢ ᠪᠦᠷᠢᠳᠦᠭᠦᠯᠬᠦ᠂ ᠤᠷᠮᠠᠰᠢᠭᠤᠯᠬᠤ ᠵᠣᠷᠢᠯᠭ᠎ᠠ ᠲᠠᠢ ᠶᠤᠮ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ 2021 ᠣᠨ ᠤ 08 ᠳ᠋ᠤᠭᠠᠷ ᠰᠠᠷ᠎ᠠ ᠢᠢᠨ 03 ᠍ ᠤ ᠡᠳᠦᠷ ᠣᠯᠠᠨ ᠤᠯᠤᠰ ᠤᠨ ᠮᠠᠲ᠋ᠧᠮᠠᠲ᠋ᠢᠭ᠂ ᠹᠢᠽᠢᠺ᠂ ᠮᠡᠳᠡᠭᠡᠯᠡᠯ ᠵᠦᠢ᠂ ᠬᠢᠮᠢ᠂ ᠪᠢᠣᠯᠣᠭᠢ ᠢᠢᠨ ᠣᠯᠢᠮᠫᠢᠶᠠᠳ᠋ ᠍ ᠠᠴᠠ ᠮᠧᠳᠠᠯ ᠬᠦᠷᠲᠡᠭᠰᠡᠨ ᠮᠣᠩ᠋ᠭᠣᠯ  ᠤᠨ ᠪᠠᠭ ᠤᠨ ᠲᠥᠯᠥᠭᠡᠯᠡᠯ ᠢ ᠬᠦᠯᠢᠶᠡᠨ ᠠᠪᠴᠤ ᠠᠭᠤᠯᠵᠠᠵᠤ᠂ ᠪᠠᠶᠠᠷ ᠬᠦᠷᠭᠡᠭ᠍ᠰᠡᠨ᠃ ᠡᠨᠡ ᠦᠶ᠎ᠡ ᠪᠡᠷ 《ᠣᠶᠤᠨ ᠤᠬᠠᠭᠠᠨ ᠤ ᠣᠯᠢᠮᠫ ᠭᠡᠭ᠍ᠳᠡᠳᠡᠭ ᠣᠯᠢᠮᠫᠢᠶᠠᠳ᠋ ᠍ ᠲᠤ ᠣᠷᠣᠯᠴᠠᠵᠤ ᠠᠮᠵᠢᠯᠲᠠ ᠭᠠᠷᠭᠠᠭᠰᠠᠨ ᠬᠡᠦᠬᠡᠳ ᠦᠳ ᠢ ᠲᠥᠷᠥ᠂ ᠵᠠᠰᠠᠭ ᠵᠦᠢ ᠶᠣᠰᠣᠭᠠᠷ ᠦᠨᠡᠯᠡᠳᠡᠭ ᠪᠣᠯᠬᠤ ᠶᠣᠰᠣᠲᠠᠢ᠃ ᠲᠡᠢᠢᠮᠦ ᠴᠠᠭ ᠢᠷᠡᠭᠰᠡᠨ᠃ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠬᠤᠪᠢ ᠳᠤ ᠵᠠᠷᠯᠢᠭ ᠭᠠᠷᠭᠠᠨ᠎ᠠ》 ᠭᠡᠳᠡᠭ ᠢᠶᠡᠨ ᠬᠡᠯᠡᠵᠦ ᠪᠠᠢᠢᠭᠰᠠᠨ᠃

ᠮᠣᠩ᠋ᠭᠣᠯ ᠤᠯᠤᠰ ᠤᠨ ᠪᠠᠭ ᠰᠡᠭᠦᠯ ᠦᠨ ᠲᠠᠪᠤᠨ ᠵᠢᠯ ᠳᠥ ᠣᠯᠠᠨ ᠤᠯᠤᠰ ᠤᠨ ᠮᠠᠲ᠋ᠧᠮᠠᠲ᠋ᠢᠭ᠂ ᠹᠢᠽᠢᠺ᠂ ᠮᠡᠳᠡᠭᠡᠯᠡᠯ ᠵᠦᠢ᠂ ᠬᠢᠮᠢ᠂ ᠪᠢᠣᠯᠣᠭᠢ ᠢᠢᠨ ᠣᠯᠢᠮᠫᠢᠶᠠᠳ᠋ ᠍ ᠠᠴᠠ 52 ᠮᠧᠳᠠᠯ ᠠᠪᠤᠭᠰᠠᠨ ᠪᠠᠢᠢᠨ᠎ᠠ᠃ 2021 ᠣᠨ ᠳᠤ ᠭᠡᠬᠦ ᠳᠥ ᠯᠠ ᠮᠠᠲ᠋ᠧᠮᠠᠲ᠋ᠢᠭ ᠤᠨ ᠣᠯᠢᠮᠫᠢᠶᠠᠳ᠋ ᠍ ᠠᠴᠠ ᠬᠣᠶᠠᠷ ᠠᠯᠲᠠ᠂ ᠬᠣᠶᠠᠷ ᠮᠥᠩᠭᠥ᠂ ᠬᠣᠶᠠᠷ ᠬᠦᠷᠡᠯ᠂ ᠹᠢᠽᠢᠺ ᠦᠨ ᠣᠯᠢᠮᠫᠢᠶᠠᠳ᠋ ᠍ ᠠᠴᠠ ᠬᠣᠶᠠᠷ ᠬᠦᠷᠡᠯ᠂ ᠮᠡᠳᠡᠭᠡᠯᠡᠯ ᠵᠦᠢ ᠢᠢᠨ ᠣᠯᠢᠮᠫᠢᠶᠠᠳ᠋ ᠍ ᠠᠴᠠ ᠨᠢᠭᠡ ᠮᠥᠩᠭᠥ᠂ ᠬᠢᠮᠢ ᠢᠢᠨ ᠣᠯᠢᠮᠫᠢᠶᠠᠳ᠋ ᠍ ᠠᠴᠠ ᠬᠣᠶᠠᠷ ᠮᠥᠩᠭᠥ᠂ ᠨᠢᠭᠡ ᠬᠦᠷᠡᠯ᠂ ᠪᠢᠣᠯᠣᠭᠢ ᠢᠢᠨ ᠣᠯᠢᠮᠫᠢᠶᠠᠳ᠋ ᠍ ᠠᠴᠠ ᠨᠢᠭᠡ ᠮᠥᠩᠭᠥ᠂ ᠬᠣᠶᠠᠷ ᠬᠦᠷᠡᠯ᠂ ᠨᠡᠢᠢᠲᠡ 15 ᠮᠧᠳᠠᠯ ᠪᠤᠶᠤ ᠲᠡᠦᠬᠡᠨ ᠳᠥ ᠪᠡᠨ ᠬᠠᠮᠤᠭ ᠤᠨ ᠣᠯᠠᠨ ᠮᠧᠳᠠᠯ ᠬᠦᠷᠲᠡᠵᠡᠢ᠃

ᠪᠠᠭ ᠤᠨ ᠠᠮᠵᠢᠯᠲᠠ ᠲᠣᠭᠲᠠᠪᠤᠷᠢᠲᠠᠢ ᠥᠰᠴᠦ᠂ ᠳᠡᠯᠡᠬᠡᠢ ᠢᠢᠨ 107 ᠣᠷᠣᠨ ᠠᠴᠠ 11  ᠳᠦᠭᠡᠷ ᠪᠠᠢᠢᠷᠢᠨ ᠳᠤ ᠣᠷᠣᠭᠰᠠᠨ ᠨᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠪᠣᠯᠤᠨ ᠵᠠᠰᠠᠭ ᠤᠨ ᠭᠠᠵᠠᠷ ᠠᠴᠠ ᠪᠣᠳᠣᠯᠭ᠎ᠠ ᠪᠠᠷ ᠳᠡᠮᠵᠢᠬᠦ᠂ ᠤᠷᠮᠠᠰᠢᠭᠤᠯᠬᠤ᠂ ᠬᠦᠷᠲᠡᠭᠡᠮᠵᠢ᠂ ᠲᠡᠭᠰᠢ ᠪᠣᠯᠤᠮᠵᠢ ᠢᠢ ᠬᠠᠩ᠋ᠭᠠᠬᠤ ᠨᠢ ᠵᠦᠢᠲᠡᠢ ᠭᠡᠵᠦ ᠦᠵᠡᠵᠡᠢ᠃