Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠶᠢᠯᠡᠭᠴᠢ ᠤ᠊ ∙ ᠬᠦᠷᠡᠯᠦᠰᠦ᠋ᠬᠡ ᠳᠥ ᠠᠽᠢᠶ᠎ᠠ ᠶᠢᠨ ᠬᠥᠭ᠍ᠵᠢᠯ ᠦᠨ ᠪᠠᠩᠬᠢᠨ ᠤ ᠲᠥᠯᠥᠭᠡᠯᠡᠭᠴᠢᠳ ᠪᠠᠷᠠᠭᠠᠯᠬᠠᠪᠠ

ᠠᠽᠢᠶ᠎ᠠ ᠢᠢᠨ ᠬᠥᠭ᠍ᠵᠢᠯ ᠦᠨ ᠪᠠᠩᠬᠢᠨ ᠤ ᠰᠠᠭᠤᠷᠢᠨ ᠲᠥᠯᠦᠭᠡᠯᠡᠭᠴᠢ ᠫᠠᠸᠢᠲ ᠷᠠᠮᠠᠴᠠᠨ᠋ᠳ᠋ᠷᠠᠨ ᠲᠡᠷᠢᠭᠦᠲᠡᠢ ᠲᠥᠯᠦᠭᠡᠯᠡᠭᠴᠢᠳ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ ᠳᠥ ᠪᠠᠷᠠᠭᠠᠯᠬᠠᠯ᠎ᠠ᠃ ᠮᠣᠩ᠋ᠭᠣᠯ ᠤᠯᠤᠰ ᠤᠨ ᠶᠡᠷᠦᠩᠬᠡᠢᠢᠯᠡᠭᠴᠢ ᠪᠡᠷ ᠰᠣᠩ᠋ᠭᠣᠭᠳᠠᠭᠰᠠᠨ ᠳᠤ ᠨᠢ ᠰᠠᠭᠤᠷᠢᠨ ᠲᠥᠯᠥᠭᠡᠯᠡᠭᠴᠢ ᠪᠠᠶᠠᠷ ᠬᠦᠷᠭᠡᠭᠡᠳ᠂ ᠲᠥᠷᠥ ᠢᠢᠨ ᠪᠣᠳᠣᠯᠭ᠎ᠠ ᠢᠢᠨ ᠵᠠᠯᠭᠠᠮᠵᠢ ᠴᠢᠨᠠᠷ ᠦᠷᠭᠦᠯᠵᠢᠯᠡᠬᠦ ᠢᠢᠨ ᠵᠡᠷᠭᠡᠴᠡᠭᠡ ᠮᠣᠩ᠋ᠭᠣᠯ ᠤᠯᠤᠰ ᠤᠨ ᠬᠥᠭ᠍ᠵᠢᠯ ᠦᠨ ᠢᠷᠡᠭᠡᠳᠦᠢ ᠢᠢ ᠥᠭᠡᠳᠡᠷᠡᠭ ᠢᠶᠡᠷ ᠬᠠᠷᠠᠵᠤ ᠪᠠᠢᠢᠭ᠎ᠠ ᠪᠠᠨ ᠢᠯᠡᠷᠬᠡᠢᠢᠯᠡᠪᠡ᠃

ᠮᠣᠩ᠋ᠭᠣᠯ ᠤᠯᠤᠰ ᠪᠣᠯᠤᠨ ᠠᠽᠢᠶ᠎ᠠ ᠢᠢᠨ ᠬᠥᠭ᠍ᠵᠢᠯ ᠦᠨ ᠪᠠᠩᠬᠢ ᠬᠠᠮᠲᠤᠷᠠᠵᠤ ᠠᠵᠢᠯᠯᠠᠭᠰᠠᠨ ᠤ 30 ᠵᠢᠯ ᠦᠨ ᠣᠢ ᠡᠨᠡ ᠣᠨ ᠳᠤ ᠲᠣᠬᠢᠶᠠᠵᠤ ᠪᠠᠢᠢᠭ᠎ᠠ ᠪᠥᠭᠡᠳ ᠡᠨᠡ ᠬᠤᠭᠤᠴᠠᠭᠠᠨ ᠳᠤ ᠠᠽᠢᠶ᠎ᠠ ᠢᠢᠨ ᠬᠥᠭ᠍ᠵᠢᠯ ᠦᠨ ᠪᠠᠩᠬᠢ ᠰᠠᠩᠬᠦᠦ᠂ ᠳᠡᠳ᠋ ᠪᠦᠲᠦᠴᠡ᠂ ᠬᠣᠲᠠ ᠲᠥᠯᠥᠪᠯᠡᠯᠲᠡ ᠭᠡᠳ ᠣᠯᠠᠨ ᠰᠠᠯᠪᠤᠷᠢ ᠳᠤ ᠨᠡᠢᠢᠲᠡ ᠭᠤᠷᠪᠠᠨ ᠲᠡᠷᠪᠤᠮ ᠭᠠᠷᠤᠢ ᠠᠮ‍᠂ᠳ᠋ᠣᠯᠯᠠᠷ ᠤᠨ ᠲᠥᠰᠥᠯ᠂ ᠬᠥᠲᠥᠯᠪᠦᠷᠢ ᠬᠡᠷᠡᠭᠵᠢᠭᠦᠯᠦᠭᠰᠡᠨ ᠳᠥ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ ᠲᠠᠯᠠᠷᠬᠠᠯ ᠢᠯᠡᠷᠬᠡᠢᠢᠯᠡᠯ᠎ᠡ᠃ ᠵᠥᠪᠬᠡᠨ ᠴᠠᠷ ᠲᠠᠬᠤᠯ ᠲᠠᠢ ᠲᠡᠮᠡᠴᠡᠬᠦ ᠳᠥ ᠵᠣᠷᠢᠭᠤᠯᠵᠤ 360 ᠰᠠᠶ᠎ᠠ ᠠᠮ‍᠂ᠳ᠋ᠣᠯᠯᠠᠷ ᠤᠨ ᠰᠠᠩᠬᠦᠦ ᠢᠢᠨ ᠳᠡᠮᠵᠢᠯᠭᠡ ᠦᠵᠡᠭᠦᠯᠵᠦ ᠪᠠᠢᠢᠭ᠎ᠠ ᠨᠢ ᠡᠨᠡ ᠠᠮᠠᠷ ᠦᠭᠡᠢ ᠦᠶ᠎ᠡ ᠳᠥ ᠴᠢᠬᠤᠯᠠ ᠳᠡᠮᠵᠢᠯᠭᠡ ᠪᠣᠯᠵᠤ ᠪᠠᠢᠢᠭ᠎ᠠ ᠢᠢ ᠲᠡᠮᠳᠡᠭᠯᠡᠪᠡ᠃

ᠴᠢᠨᠠᠭᠰᠢᠳᠠ ᠨᠣᠭᠣᠭᠠᠨ᠂ ᠬᠦᠷᠲᠡᠭᠡᠮᠵᠢᠲᠡᠢ ᠨᠡᠢᠢᠭᠡᠮ᠂ ᠡᠳ᠋ ᠍ ᠦᠨ ᠵᠠᠰᠠᠭ ᠤᠨ ᠬᠥᠭ᠍ᠵᠢᠯ ᠢ ᠴᠣᠭᠴᠠᠯᠠᠭᠠᠬᠤ᠂ ᠲᠡᠭᠦᠨ ᠳᠣᠲᠣᠷ᠎ᠠ ᠪᠠᠨ ᠳᠡᠳ᠋ ᠪᠦᠲᠦᠴᠡ᠂ ᠬᠥᠷᠥᠩᠭᠡ ᠣᠷᠣᠭᠤᠯᠤᠯᠲᠠ᠂ ᠪᠠᠢᠢᠭᠠᠯᠢ ᠣᠷᠴᠢᠨ ᠤ ᠳᠣᠷᠣᠢᠢᠲᠠᠯ᠂ ᠠᠭᠤᠷ ᠠᠮᠢᠰᠬᠤᠯ ᠤᠨ ᠥᠭᠡᠷᠡᠴᠢᠯᠡᠯᠲᠡ ᠵᠡᠷᠭᠡ ᠣᠯᠠᠨ ᠴᠢᠭᠯᠡᠯ ᠢᠶᠡᠷ ᠬᠠᠮᠲᠤᠷᠠᠨ ᠠᠵᠢᠯᠯᠠᠬᠤ ᠳᠤ ᠪᠡᠯᠡᠨ ᠪᠠᠢᠢᠭ᠎ᠠ ᠪᠠᠨ ᠲᠠᠯ᠎ᠠ ᠨᠤᠭᠤᠳ ᠬᠠᠷᠢᠯᠴᠠᠨ ᠢᠯᠡᠷᠬᠡᠢᠢᠯᠡᠯ᠎ᠡ᠃

ᠮᠣᠩ᠋ᠭᠣᠯ ᠤᠯᠤᠰ ᠢᠷᠡᠬᠦ ᠵᠢᠯ ᠦᠳ ᠲᠥ ᠬᠠᠯᠠᠮᠵᠢ ᠠᠴᠠ ᠬᠥᠳᠡᠯᠮᠦᠷᠢ ᠳᠥ᠂ ᠣᠯᠪᠤᠷᠢᠯᠠᠯᠲᠠ ᠠᠴᠠ ᠪᠣᠯᠪᠠᠰᠤᠷᠠᠭᠤᠯᠤᠯᠲᠠ ᠳᠤ᠂ ᠢᠮᠫᠣᠷᠲ ᠠᠴᠠ ᠡᠺᠰᠫᠣᠷᠲ ᠲᠤ ᠰᠢᠯᠵᠢᠬᠦ ᠵᠡᠷᠭᠡ ᠨᠡᠢᠢᠭᠡᠮ᠂ ᠡᠳ᠋ ᠍ ᠦᠨ ᠵᠠᠰᠠᠭ ᠤᠨ ᠰᠠᠭᠤᠷᠢ ᠰᠢᠨᠡᠴᠢᠯᠡᠯ ᠦᠳ ᠢ ᠬᠡᠷᠡᠭᠵᠢᠭᠦᠯᠬᠦ ᠳᠥ ᠠᠽᠢᠶ᠎ᠠ ᠢᠢᠨ ᠬᠥᠭ᠍ᠵᠢᠯ ᠦᠨ ᠪᠠᠩᠬᠢ ᠳᠡᠮᠵᠢᠯᠭᠡ ᠦᠵᠡᠭᠦᠯᠵᠦ᠂ ᠬᠠᠮᠲᠤᠷᠠᠨ ᠠᠵᠢᠯᠯᠠᠨ᠎ᠠ᠃ ᠠᠽᠢᠶ᠎ᠠ ᠢᠢᠨ ᠬᠥᠭ᠍ᠵᠢᠯ ᠦᠨ ᠪᠠᠩᠬᠢᠨ ᠤ ᠵᠠᠬᠢᠷᠤᠯ ᠤᠳ ᠤᠨ ᠵᠥᠪᠯᠡᠯ ᠢᠶᠡᠷ ᠬᠡᠯᠡᠯᠴᠡᠨ ᠪᠠᠲᠤᠯᠠᠬᠤ 2021-2024 ᠣᠨ ᠳᠤ ᠮᠣᠩ᠋ᠭᠣᠯ ᠤᠯᠤᠰ ᠲᠠᠢ ᠬᠠᠮᠲᠤᠷᠠᠨ ᠠᠵᠢᠯᠯᠠᠬᠤ ᠪᠣᠳᠣᠯᠭ᠎ᠠ ᠢᠢᠨ ᠲᠡᠷᠢᠭᠦᠯᠡᠬᠦ ᠴᠢᠭᠯᠡᠯ ᠦᠳ (ᠲᠦᠩᠰᠢᠯᠡᠯ ᠦᠨ ᠰᠲ᠋ᠷᠠᠲ᠋ᠧᠭᠢ) ᠍ ᠲᠡᠢ ᠶᠡᠷᠦᠩᠬᠡᠢᠢᠯᠡᠭᠴᠢ ᠢᠢᠨ ᠳᠤᠷᠠᠳᠤᠭᠰᠠᠨ ᠰᠢᠨᠡᠴᠢᠯᠡᠯ ᠦᠳ ᠤᠶᠠᠯᠳᠤᠵᠤ ᠪᠠᠢᠢᠭ᠎ᠠ ᠢᠢ ᠣᠨᠴᠠᠯᠠᠯ᠎ᠠ᠃

ᠠᠭᠤᠯᠵᠠᠯᠲᠠ ᠢᠢᠨ ᠦᠶ᠎ᠡ ᠪᠡᠷ ᠪᠥᠰᠡ ᠨᠤᠲᠤᠭ ᠤᠨ ᠬᠠᠮᠲᠤ ᠢᠢᠨ ᠠᠵᠢᠯᠯᠠᠭ᠎ᠠ᠂ ᠲᠡᠮᠦᠷ ᠵᠠᠮ᠂ ᠭᠠᠵᠠᠷ ᠤᠨ ᠲᠣᠰᠣ ᠪᠣᠯᠪᠠᠰᠤᠷᠠᠭᠤᠯᠬᠤ ᠦᠢᠯᠡᠳᠪᠦᠷᠢ᠂ ᠤᠰᠤᠨ ᠴᠠᠬᠢᠯᠭᠠᠨ ᠰᠲ᠋ᠠᠨ᠋ᠼ᠂ ᠪᠠᠢᠢᠭᠠᠯᠢ ᠢᠢᠨ ᠬᠡᠢ ᠢᠢᠨ ᠬᠣᠭᠣᠯᠠᠢ ᠭᠡᠳ ᠤᠯᠤᠰ ᠣᠷᠣᠨ ᠤ ᠲᠡᠷᠢᠭᠦᠯᠡᠬᠦ ᠲᠥᠰᠥᠯ᠂ ᠬᠥᠲᠥᠯᠪᠦᠷᠢ ᠢᠢᠨ ᠬᠡᠷᠡᠭᠵᠢᠯᠲᠡ᠂ ᠡᠷᠡᠭᠦᠯ ᠮᠡᠨᠳᠦ᠂ ᠪᠣᠯᠪᠠᠰᠤᠷᠠᠯ ᠵᠡᠷᠭᠡ ᠰᠠᠯᠪᠤᠷᠢ ᠢᠢᠨ ᠴᠢᠨᠠᠷ᠂ ᠬᠦᠷᠲᠡᠭᠡᠮᠵᠢ ᠢᠢ ᠰᠠᠢᠢᠵᠢᠷᠠᠭᠤᠯᠬᠤ᠂ ᠦᠨᠳᠦᠰᠦᠲᠡᠨ ᠳᠠᠮᠨᠠᠭᠰᠠᠨ ᠺᠣᠮᠫᠠᠨᠢ ᠨᠤᠭᠤᠳ ᠢ ᠮᠣᠩ᠋ᠭᠣᠯ ᠤᠯᠤᠰ ᠲᠤ ᠲᠠᠲᠠᠬᠤ᠂ ᠬᠥᠷᠥᠩᠭᠡ ᠣᠷᠣᠭᠤᠯᠤᠯᠲᠠ ᠢᠢ ᠡᠷᠡᠰ ᠨᠡᠮᠡᠭᠳᠡᠭᠦᠯᠬᠦ᠂ ᠮᠡᠳᠡᠯᠭᠡ᠂ ᠴᠢᠳᠠᠪᠤᠷᠢ ᠲᠠᠢ ᠠᠵᠢᠯᠯᠠᠬᠤ ᠬᠦᠴᠦᠨ ᠢᠶᠡᠨ ᠪᠦᠷᠢᠨ ᠳᠦᠭᠦᠷᠡᠩ ᠠᠰᠢᠭᠯᠠᠬᠤ᠂ ᠠᠵᠢᠯ ᠤᠨ ᠪᠠᠢᠢᠷᠢ ᠣᠯᠠᠨ ᠢᠶᠠᠷ ᠪᠤᠢ ᠪᠣᠯᠭᠠᠬᠤ᠂ ᠭᠠᠳᠠᠭᠠᠳᠤ ᠳᠤ ᠰᠠᠭᠤᠭ᠎ᠠ ᠪᠣᠯᠪᠠᠰᠤᠨ ᠬᠦᠴᠦᠨ ᠢ ᠡᠬᠡ ᠣᠷᠣᠨ ᠳᠤ ᠪᠠᠨ ᠠᠵᠢᠯᠯᠠᠬᠤ ᠨᠥᠬᠥᠴᠡᠯ᠂ ᠪᠣᠯᠤᠮᠵᠢ ᠢᠢ ᠪᠦᠷᠢᠳᠦᠭᠦᠯᠬᠦ ᠲᠠᠯ᠎ᠠ ᠪᠠᠷ ᠰᠠᠨᠠᠯ ᠰᠤᠯᠢᠯᠴᠠᠪᠠ᠃

ᠠᠽᠢᠶ᠎ᠠ ᠢᠢᠨ ᠬᠥᠭ᠍ᠵᠢᠯ ᠦᠨ ᠪᠠᠩᠬᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠲᠡᠢ ᠰᠠᠨᠠᠯ ᠨᠢᠭᠡ ᠪᠠᠢᠢᠭ᠎ᠠ ᠪᠠᠨ ᠰᠠᠭᠤᠷᠢᠨ ᠲᠥᠯᠦᠭᠡᠯᠡᠭᠴᠢ ᠫᠠᠸᠢᠲ ᠷᠠᠮᠠᠴᠠᠨ᠋ᠳ᠋ᠷᠠᠨ ᠢᠯᠡᠷᠬᠡᠢᠢᠯᠡᠵᠦ᠂ ᠨᠣᠭᠣᠭᠠᠨ ᠬᠥᠭ᠍ᠵᠢᠯ᠂ ᠪᠠᠢᠢᠭᠠᠯᠢ ᠣᠷᠴᠢᠨ ᠢᠶᠠᠨ ᠬᠠᠮᠠᠭᠠᠯᠠᠬᠤ᠂ ᠳᠡᠳ᠋ ᠪᠦᠲᠦᠴᠡ ᠢᠢᠨ ᠲᠣᠮᠣᠬᠠᠨ ᠲᠥᠰᠦᠯ᠂ ᠬᠥᠲᠦᠯᠪᠦᠷᠢ ᠬᠡᠷᠡᠭᠵᠢᠭᠦᠯᠬᠦ ᠴᠢᠭᠯᠡᠯ ᠢᠶᠡᠷ ᠬᠠᠮᠲᠤᠷᠠᠨ ᠠᠵᠢᠯᠯᠠᠬᠤ ᠪᠣᠯᠤᠮᠵᠢ ᠲᠠᠢ ᠪᠠᠨ ᠬᠡᠯᠡᠯ᠎ᠡ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ ᠶᠡᠷᠦᠩᠬᠡᠢ ᠰᠠᠢᠢᠳ ᠢᠶᠠᠷ ᠠᠵᠢᠯᠯᠠᠵᠤ ᠪᠠᠢᠢᠬᠤ ᠳᠤ ᠪᠠᠨ ᠲᠦᠭᠦᠬᠡᠢ ᠨᠡᠭᠦᠷᠡᠰᠦ ᠬᠡᠷᠡᠭᠯᠡᠬᠦ ᠦᠭᠡᠢ ᠪᠠᠢᠢᠬᠤ ᠰᠢᠢᠳᠪᠦᠷᠢ ᠭᠠᠷᠭᠠᠭᠰᠠᠨ ᠨᠢ ᠪᠠᠢᠢᠭᠠᠯᠢ ᠣᠷᠴᠢᠨ ᠢ ᠬᠠᠮᠠᠭᠠᠯᠠᠬᠤ ᠠᠵᠢᠯ ᠳᠤ ᠡᠷᠡᠰ ᠥᠭᠡᠷᠡᠴᠢᠯᠡᠯᠲᠡ ᠠᠪᠴᠢᠷᠠᠭᠰᠠᠨ ᠢ ᠠᠽᠢᠶ᠎ᠠ ᠢᠢᠨ ᠬᠥᠭ᠍ᠵᠢᠯ ᠦᠨ ᠪᠠᠩᠬᠢᠨ ᠤ ᠰᠠᠭᠤᠷᠢᠨ ᠲᠥᠯᠥᠭᠡᠯᠡᠭᠴᠢ ᠲᠡᠮᠳᠡᠭᠯᠡᠯ᠎ᠡ᠃