Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ ᠪᠦᠭᠦᠳᠡ ᠨᠠᠢᠢᠷᠠᠮᠳᠠᠬᠤ ᠡᠨᠡᠳᠬᠡᠭ ᠤᠯᠤᠰ ᠤᠨ ᠡᠯᠴᠢᠨ ᠰᠠᠢᠢᠳ ᠢ ᠬᠦᠯᠢᠶᠡᠨ ᠠᠪᠴᠤ ᠠᠭᠤᠯᠵᠠᠯ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠠᠴᠠ ᠮᠣᠩ᠋ᠭᠣᠯ ᠤᠯᠤᠰ ᠲᠤ ᠰᠠᠭᠤᠭ᠎ᠠ ᠡᠯᠴᠢᠨ ᠰᠠᠢᠢᠳ ᠮ ∙ ᠫ ∙ ᠰᠢᠩᠾ ᠢ ᠬᠦᠯᠢᠶᠡᠨ ᠠᠪᠴᠤ ᠠᠭᠤᠯᠵᠠᠪᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠪᠡᠷ ᠰᠣᠩ᠋ᠭᠣᠭᠳᠠᠭᠰᠠᠨ ᠳᠤ ᠨᠢ ᠡᠯᠴᠢᠨ ᠰᠠᠢᠢᠳ ᠪᠠᠶᠠᠷ ᠬᠦᠷᠭᠡᠵᠦ᠂ ᠮᠣᠩ᠋ᠭᠣᠯ ᠤᠯᠤᠰ ᠲᠤ ᠤᠯᠤᠰ ᠲᠥᠷᠦ ᠢᠢᠨ ᠲᠣᠭᠲᠠᠪᠤᠷᠢᠲᠠᠢ ᠪᠠᠢᠢᠳᠠᠯ ᠰᠡᠷᠭᠦᠨ ᠪᠡᠬᠢᠵᠢᠵᠦ ᠪᠠᠢᠢᠭ᠎ᠠ ᠳᠤ ᠪᠠᠶᠠᠷᠲᠠᠢ ᠪᠠᠢᠢᠭ᠎ᠠ ᠪᠠᠨ ᠢᠯᠡᠷᠬᠡᠢᠢᠯᠡᠪᠡ᠃

ᠶᠡᠷᠦᠩᠬᠡᠢᠢᠯᠡᠭᠴᠢ ᠤ᠊ ∙ ᠬᠦᠷᠡᠯᠰᠦ᠋ᠬᠡ ᠶᠡᠷᠦᠩᠬᠡᠢ ᠰᠠᠢᠢᠳ ᠢᠶᠠᠷ ᠠᠵᠢᠯᠯᠠᠵᠤ ᠪᠠᠢᠢᠬᠤ ᠦᠶ᠎ᠡ ᠳᠡᠭᠡᠨ ᠴᠤ ᠬᠣᠶᠠᠷ ᠤᠯᠤᠰ ᠤᠨ ᠬᠠᠷᠢᠯᠴᠠᠭ᠎ᠠ᠂ ᠬᠠᠮᠲᠤ ᠢᠢᠨ ᠠᠵᠢᠯᠯᠠᠭᠠᠨ ᠳᠤ ᠣᠨᠴᠣᠭᠣᠢ ᠠᠴᠢ ᠬᠣᠯᠪᠣᠭᠳᠠᠯ ᠥᠭᠴᠦ ᠢᠷᠡᠭᠰᠡᠨ ᠢᠶᠡᠨ ᠳᠤᠷᠠᠳᠴᠤ᠂ ᠴᠢᠨᠠᠭᠰᠢᠳᠠ ᠶᠡᠷᠦᠩᠬᠡᠢᠢᠯᠡᠭᠴᠢ ᠢᠢᠨ ᠬᠤᠪᠢ ᠪᠠᠷ ᠰᠲ᠋ᠷᠠᠲ᠋ᠧᠭᠢ ᠢᠢᠨ ᠲᠦᠩᠰᠢᠯᠡᠯ ᠢ ᠪᠡᠬᠢᠵᠢᠭᠦᠯᠬᠦ᠂ ᠬᠠᠮᠲᠤᠷᠠᠭᠰᠠᠨ ᠲᠣᠮᠣᠬᠠᠨ ᠲᠥᠰᠦᠯ ᠦᠳ ᠢ ᠠᠮᠵᠢᠯᠲᠠᠲᠠᠢ ᠬᠡᠷᠡᠭᠵᠢᠭᠦᠯᠬᠦ ᠳᠥ ᠪᠦᠬᠦ ᠲᠠᠯ᠎ᠠ ᠢᠢᠨ ᠳᠡᠮᠵᠢᠯᠭᠡ ᠦᠵᠡᠭᠦᠯᠬᠦ ᠪᠡᠨ ᠢᠯᠡᠷᠬᠡᠢᠢᠯᠡᠪᠡ᠃

ᠬᠣᠶᠠᠷ ᠤᠯᠤᠰ ᠴᠠᠷ᠎ ᠲᠠᠬᠤᠯ ᠤᠨ ᠦᠶ᠎ᠡ ᠳᠥ ᠴᠤ ᠢᠳᠡᠪᠬᠢᠲᠡᠢ ᠬᠠᠮᠲᠤᠷᠠᠨ ᠠᠵᠢᠯᠯᠠᠵᠤ᠂ ᠪᠡᠶ᠎ᠡ ᠪᠡᠶ᠎ᠡ ᠪᠠᠨ ᠬᠠᠷᠢᠯᠴᠠᠨ ᠳᠡᠮᠵᠢᠵᠦ ᠢᠷᠡᠭᠰᠡᠨ ᠢ ᠲᠠᠯ᠎ᠠ ᠨᠤᠭᠤᠳ ᠣᠨᠴᠠᠯᠠᠪᠠ᠃ ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠠᠴᠠ ᠴᠠᠷ᠎ ᠲᠠᠬᠤᠯ ᠤᠨ ᠡᠮᠴᠢᠯᠡᠭᠡᠨ ᠳᠥ ᠠᠰᠢᠭᠯᠠᠬᠤ ᠷᠧᠮᠳᠧᠰᠢᠸᠢᠷ ᠡᠮ ᠦᠨ 100 ᠮᠢᠩ᠋ᠭᠠᠨ ᠲᠤᠩ ᠲᠠᠷᠢᠯᠭ᠎ᠠ ᠢᠢ 2021 ᠣᠨ ᠤ 08 ᠳ᠋ᠤᠭᠠᠷ ᠰᠠᠷ᠎ᠠ ᠢᠢᠨ 30 ᠍ ᠤ ᠡᠳᠦᠷ ᠮᠣᠩ᠋ᠭᠣᠯ ᠤᠯᠤᠰ ᠬᠦᠯᠢᠶᠡᠨ ᠠᠪᠤᠭᠰᠠᠨ ᠨᠢ ᠢᠷᠭᠡᠳ ᠦᠨ ᠡᠷᠡᠭᠦᠯ ᠮᠡᠨᠳᠦ ᠢᠢ ᠬᠠᠮᠠᠭᠠᠯᠠᠬᠤ ᠳᠤ ᠴᠢᠬᠤᠯᠠ ᠬᠤᠪᠢ ᠨᠡᠮᠡᠷᠢ ᠲᠡᠢ ᠢᠢ ᠲᠡᠮᠳᠡᠭᠯᠡᠯ᠎ᠡ᠃

ᠬᠣᠶᠠᠷ ᠤᠯᠤᠰ ᠤᠨ ᠰᠲ᠋ᠷᠠᠲ᠋ᠧᠭᠢ ᠢᠢᠨ ᠲᠦᠩᠰᠢᠯᠡᠯ ᠦᠨ ᠪᠡᠯᠭᠡ ᠲᠡᠮᠳᠡᠭ ᠪᠣᠯᠤᠭᠰᠠᠨ ᠭᠠᠵᠠᠷ ᠤᠨ ᠲᠣᠰᠣ ᠪᠣᠯᠪᠠᠰᠤᠷᠠᠭᠤᠯᠬᠤ ᠦᠢᠯᠡᠳᠪᠦᠷᠢ ᠪᠠᠢᠢᠭᠤᠯᠬᠤ ᠲᠥᠰᠥᠯ ᠢ ᠴᠠᠭ ᠬᠤᠭᠤᠴᠠᠭᠠᠨ ᠳᠤ ᠨᠢ ᠠᠮᠵᠢᠯᠲᠠᠲᠠᠢ ᠬᠡᠷᠡᠭᠵᠢᠭᠦᠯᠬᠦ ᠴᠢᠭᠯᠡᠯ ᠢᠶᠡᠷ ᠦᠷᠭᠦᠯᠵᠢᠯᠡᠭᠦᠯᠦᠨ ᠢᠳᠡᠪᠬᠢ ᠴᠢᠷᠮᠠᠢᠢᠯᠲᠠᠲᠠᠢ ᠠᠵᠢᠯᠯᠠᠬᠤ ᠨᠢ ᠵᠦᠢᠲᠡᠢ ᠭᠡᠳᠡᠭ ᠲᠥ ᠰᠠᠨᠠᠯ ᠨᠢᠭᠡᠳᠪᠡ᠃

ᠠᠭᠤᠯᠵᠠᠯᠲᠠ ᠢᠢᠨ ᠦᠶ᠎ᠡ ᠪᠡᠷ ᠬᠣᠶᠠᠷ ᠤᠯᠤᠰ ᠤᠨ ᠬᠣᠭᠣᠷᠣᠨᠳᠣ ᠬᠤᠳᠠᠯᠳᠤᠭᠠᠨ ᠤ ᠡᠷᠭᠢᠯᠲᠡ ᠢᠢ ᠨᠡᠮᠡᠭᠳᠡᠭᠦᠯᠬᠦ᠂ ᠡᠨᠡ ᠬᠦᠷᠢᠶᠡᠨ ᠳᠥ ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠲᠤ ᠺᠣᠺᠰᠵᠢᠬᠤ ᠨᠡᠭᠦᠷᠡᠰᠦ ᠡᠺᠰᠫᠣᠷᠲ᠋ᠯᠠᠬᠤ ᠲᠤᠷᠰᠢᠯᠲᠠ ᠢᠢᠨ ᠲᠡᠭᠡᠭᠡᠪᠦᠷᠢᠯᠡᠯᠲᠡ ᠢᠢ ᠡᠬᠢᠯᠡᠭᠦᠯᠬᠦ ᠠᠵᠢᠯ ᠢ ᠡᠷᠴᠢᠮᠵᠢᠭᠦᠯᠬᠦ ᠲᠠᠯ᠎ᠠ ᠪᠠᠷ ᠰᠠᠨᠠᠯ ᠰᠣᠯᠢᠯᠴᠠᠯ᠎ᠠ᠃
ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠤᠨ ᠵᠠᠰᠠᠭ ᠤᠨ ᠭᠠᠵᠠᠷ ᠤᠨ ᠬᠥᠩᠭᠡᠯᠡᠯᠲᠡ ᠲᠡᠢ ᠵᠡᠭᠡᠯᠢ ᠢᠢᠨ ᠬᠦᠷᠢᠶᠡᠨ ᠳᠥ ᠠ᠊ ∙ ᠪ ∙ ᠸᠠᠵᠫᠠᠢ ᠢᠢᠨ ᠨᠡᠷᠡᠮᠵᠢᠲᠦ ᠮᠡᠳᠡᠭᠡᠯᠡᠯ ᠦᠨ ᠲᠧᠭᠨᠣᠯᠣᠭᠢ᠂ ᠬᠣᠯᠪᠣᠭ᠎ᠠ᠂ ᠠᠦ᠋ᠲ᠋ᠣᠰᠣᠷᠰᠢᠩ ᠦᠨ ᠲᠥᠪ ᠪᠣᠯᠤᠨ ᠮᠣᠩ᠋ᠭᠣᠯ ᠂ ᠡᠨᠡᠳᠬᠡᠭ᠌  ᠦᠨ ᠬᠠᠮᠲᠤᠷᠠᠭᠰᠠᠨ ᠨᠠᠢᠢᠷᠠᠮᠳᠠᠯᠲᠤ ᠳᠤᠮᠳᠠᠳᠤ ᠰᠤᠷᠭᠠᠭᠤᠯᠢ ᠪᠠᠢᠢᠭᠤᠯᠬᠤ ᠵᠡᠷᠭᠡ ᠬᠠᠮᠲᠤᠷᠠᠭᠰᠠᠨ ᠲᠥᠰᠥᠯ ᠬᠡᠷᠡᠭᠵᠢᠵᠦ ᠡᠬᠢᠯᠡᠭᠰᠡᠨ ᠳᠥ ᠲᠠᠯ᠎ᠠ ᠨᠤᠭᠤᠳ ᠰᠡᠳᠬᠢᠯ ᠬᠠᠩ᠋ᠭᠠᠯᠤᠭᠤᠨ ᠪᠠᠢᠢᠭ᠎ᠠ ᠪᠠᠨ ᠬᠠᠷᠢᠯᠴᠠᠨ ᠢᠯᠡᠷᠬᠡᠢᠢᠯᠡᠯ᠎ᠡ᠃