ᠣᠷᠣᠰ ᠬᠣᠯᠪᠣᠭᠠᠨ ᠤ ᠤᠯᠤᠰ ᠤᠨ ᠶᠡᠷᠦᠩᠬᠡᠢᠢᠯᠡᠭᠴᠢ ᠸᠯᠠᠳᠢᠮᠢᠷ ᠸᠯᠠᠳᠢᠮᠢᠷᠣᠸᠢᠴ ᠫᠦᠲ᠋ᠢᠨ ᠮᠣᠩᠭᠣᠯ ᠤᠯᠤᠰ ᠤᠨ ᠶᠡᠷᠦᠩᠬᠡᠢᠢᠯᠡᠭᠴᠢ ᠬᠠ᠂ᠪᠠᠲᠤᠲᠤᠯᠭ᠎ᠠ ᠢᠢᠨ 55 ᠨᠠᠰᠤᠨ ᠤ ᠣᠢ ᠢᠢ ᠲᠣᠬᠢᠶᠠᠯᠳᠤᠭᠤᠯᠤᠨ ᠡᠨᠡ ᠰᠠᠷ᠎ᠠ ᠢᠢᠨ 3 ᠍ ᠤ ᠡᠳᠦᠷ ᠮᠡᠨᠳᠦᠴᠢᠯᠡᠭᠡ ᠳᠡᠪᠰᠢᠭᠦᠯᠦᠭᠰᠡᠨ ᠶᠤᠮ᠃
ᠣᠷᠣᠰ ᠬᠣᠯᠪᠣᠭᠠᠨ ᠤ ᠤᠯᠤᠰ ᠤᠨ ᠶᠡᠷᠦᠩᠬᠡᠢᠢᠯᠡᠭᠴᠢ ᠸ ∙ ᠫᠦᠲ᠋ᠢᠨ ᠮᠡᠨᠳᠦᠴᠢᠯᠡᠭᠡ ᠳᠡᠪᠰᠢᠭᠦᠯᠦᠭᠰᠡᠨ ᠵᠠᠬᠢᠳᠠᠯ ᠳᠤ ᠪᠠᠨ᠂
《ᠡᠷᠬᠢᠮ ᠬᠦᠨᠳᠦᠳᠤ ᠶᠡᠷᠦᠩᠬᠡᠢᠢᠯᠡᠭᠴᠢ ᠡ᠃
ᠲᠠᠨ ᠤ 55 ᠨᠠᠰᠤᠨ ᠤ ᠣᠢ ᠢᠢ ᠲᠣᠬᠢᠶᠠᠯᠳᠤᠭᠤᠯᠤᠨ ᠴᠢᠩ ᠰᠡᠳᠬᠢᠯ ᠦᠨ ᠪᠠᠶᠠᠷ ᠬᠦᠷᠭᠡᠵᠦ ᠪᠤᠢ ᠢᠢ ᠮᠢᠨᠢ ᠬᠦᠯᠢᠶᠡᠨ ᠠᠪᠤᠨ᠎ᠠ ᠤᠤ᠃
ᠶᠡᠷᠦᠩᠬᠡᠢᠢᠯᠡᠭᠴᠢ ᠢᠢᠨ ᠬᠤᠪᠢ ᠳᠤ ᠪᠣᠯᠤᠨ ᠡᠮᠦᠨ᠎ᠡ ᠨᠢ ᠲᠥᠷᠥ ᠢᠢᠨ ᠬᠠᠷᠢᠭᠤᠴᠠᠯᠭᠠᠳᠠᠢ ᠠᠯᠪᠠᠨ ᠲᠤᠰᠢᠶᠠᠯ ᠬᠠᠰᠢᠵᠤ ᠪᠠᠢᠢᠬᠤ ᠳᠤ ᠪᠠᠨ ᠲᠠ ᠡᠯᠢᠭᠡ ᠨᠢᠭᠡᠲᠡᠨ ᠨᠦᠭᠦᠳ ᠲᠡᠭᠡᠨ ᠬᠦᠨᠳᠦᠯᠡᠭᠳᠡᠵᠦ᠂ ᠮᠥᠨ ᠣᠯᠠᠨ ᠤᠯᠤᠰ ᠲᠤ ᠬᠦᠯᠢᠶᠡᠨ ᠵᠥᠪᠰᠢᠶᠡᠷᠡᠭᠳᠡᠭᠰᠡᠨ ᠶᠡᠬᠡᠬᠡᠨ ᠨᠡᠷ᠎ᠡ ᠬᠦᠨᠳᠦ ᠢᠢ ᠣᠯᠤᠭᠰᠠᠨ ᠪᠢᠯᠡ᠃
ᠥᠩᠭᠡᠷᠡᠭᠰᠡᠨ ᠵᠢᠯ ᠪᠤᠲᠠᠫᠧᠱᠲ ᠪᠣᠯᠤᠨ ᠸᠯᠠᠳᠢᠸᠤᠰᠲ᠋ᠣᠺ ᠬᠣᠲᠠᠨ᠎ᠠ ᠲᠠ ᠪᠢᠳᠡᠨ ᠦ ᠬᠢᠭ᠍ᠰᠡᠨ ᠠᠵᠢᠯ ᠬᠡᠷᠡᠭᠴᠢ᠂ ᠠᠭᠤᠯᠭ᠎ᠠ ᠪᠠᠷ ᠪᠠᠶᠠᠯᠢᠭ ᠠᠭᠤᠯᠵᠠᠯᠲᠠ ᠨᠤᠭᠤᠳ ᠢ ᠡᠷᠭᠢᠨ ᠰᠠᠨᠠᠬᠤ ᠳᠤ ᠲᠠᠭᠠᠲᠠᠢ ᠪᠠᠢᠢᠨ᠎ᠠ᠃ ᠣᠷᠣᠰ᠂ ᠮᠣᠩᠭᠣᠯ ᠤᠨ ᠨᠠᠢᠢᠷᠠᠮᠳᠠᠯᠳᠤ ᠠᠷᠠᠳ ᠲᠦᠮᠡᠨ ᠦ ᠰᠠᠢᠢᠨ ᠰᠠᠢᠢᠬᠠᠨ ᠤ ᠲᠥᠯᠥᠭᠡ ᠬᠣᠶᠠᠷ ᠲᠠᠯ᠎ᠠ ᠢᠢᠨ ᠴᠠᠭ ᠦᠶ᠎ᠡ ᠢᠢᠨ ᠠᠰᠠᠭᠤᠳᠠᠯ ᠢᠶᠠᠷ ᠲᠠᠨ ᠲᠠᠢ ᠶᠠᠷᠢᠶ᠎ᠠ ᠬᠡᠯᠡᠯᠴᠡᠭᠡ ᠪᠡᠨ ᠦᠷᠭᠦᠯᠵᠢᠯᠡᠭᠦᠯᠵᠦ᠂ ᠨᠢᠭ᠌ᠲᠠ ᠬᠠᠮᠲᠤᠷᠠᠨ ᠠᠵᠢᠯᠯᠠᠨ᠎ᠠ ᠭᠡᠳᠡᠭ ᠲᠥ ᠨᠠᠢᠢᠳᠠᠵᠤ ᠪᠠᠢᠢᠨ᠎ᠠ᠃
ᠲᠠᠨ ᠳᠤ ᠪᠥᠬᠡ ᠬᠦᠮᠦᠨ ᠦ ᠡᠷᠡᠭᠦᠯ ᠴᠢᠭᠢᠷᠠᠭ ᠪᠡᠶ᠎ᠡ᠂ ᠠᠵᠠ ᠵᠢᠷᠭᠠᠯ᠂ ᠰᠠᠢᠢᠨ ᠰᠠᠢᠢᠬᠠᠨ᠂ ᠠᠵᠢᠯ ᠤᠨ ᠠᠮᠵᠢᠯᠲᠠ ᠢᠢ ᠴᠢᠩ ᠰᠡᠳᠬᠢᠯ ᠡᠴᠡ ᠪᠡᠨ ᠬᠦᠰᠡᠨ ᠢᠷᠦᠭᠡᠶ᠎ᠡ᠃
ᠬᠦᠨᠳᠦᠳᠬᠡᠭ᠍ᠰᠡᠨ᠂ ᠸ ∙ ᠫᠦᠲ᠋ᠢᠨ》 ᠭᠡᠵᠡᠢ᠃