Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠰᠠᠭᠤᠷᠢᠨ ᠵᠣᠬᠢᠴᠠᠭᠤᠯᠤᠭᠴᠢ ᠲᠠᠫᠠᠨ ᠮᠢᠱᠷᠠ ᠢᠢ ᠬᠦᠯᠢᠶᠡᠨ ᠠᠪᠴᠤ ᠠᠭᠤᠯᠵᠠᠪᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ ᠥᠨᠥᠳᠥᠷ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠰᠠᠭᠤᠷᠢᠨ ᠵᠣᠬᠢᠴᠠᠭᠤᠯᠤᠭᠴᠢ ᠲᠠᠫᠠᠨ ᠮᠢᠱᠷᠠ ᠢᠢ ᠬᠦᠯᠢᠶᠡᠨ ᠠᠪᠴᠤ ᠠᠭᠤᠯᠵᠠᠪᠠ᠃

ᠶᠡᠷᠦᠩᠬᠡᠢᠢᠯᠡᠭᠴᠢ ᠤ᠊ ∙ ᠬᠦᠷᠡᠯᠰᠦ᠋ᠬᠡ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠨᠢ ᠮᠠᠨ ᠤ ᠤᠯᠤᠰ ᠤᠨ ᠨᠡᠢᠢᠭᠡᠮ᠂ ᠡᠳ᠋ ᠍ ᠦᠨ ᠵᠠᠰᠠᠭ᠂ ᠬᠥᠭ᠍ᠵᠢᠯ ᠦᠨ ᠵᠣᠷᠢᠯᠲᠠ ᠨᠤᠭᠤᠳ ᠢ ᠲᠤᠭᠤᠰᠢᠲᠠᠢ ᠳᠡᠮᠵᠢᠵᠦ ᠢᠷᠡᠭᠰᠡᠨ ᠴᠢᠬᠤᠯᠠ ᠲᠦᠩᠰᠢ ᠪᠣᠯᠬᠤ ᠢᠢ ᠲᠡᠮᠳᠡᠭᠯᠡᠭᠡᠳ ᠮᠣᠩ᠋ᠭᠣᠯ ᠤᠯᠤᠰ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠲᠠᠢ ᠬᠥᠭ᠍ᠵᠢᠭᠦᠯᠵᠦ ᠢᠷᠡᠭᠰᠡᠨ ᠬᠠᠷᠢᠯᠴᠠᠭ᠎ᠠ᠂ ᠬᠠᠮᠲᠤ ᠢᠢᠨ ᠠᠵᠢᠯᠯᠠᠭᠠᠨ ᠳᠤ ᠪᠠᠨ ᠥᠨᠳᠥᠷ ᠠᠴᠢ ᠬᠣᠯᠪᠣᠭᠳᠠᠯ ᠥᠭᠳᠡᠭ ᠢ ᠨᠣᠲᠠᠯᠠᠨ ᠢᠯᠡᠷᠬᠡᠢᠢᠯᠡᠪᠡ᠃ ᠮᠥᠨ ᠳᠡᠯᠡᠬᠡᠢ  ᠳᠠᠬᠢᠨ᠎ᠠ ᠲᠤᠯᠭᠠᠮᠳᠠᠭᠠᠳ ᠪᠤᠢ ᠺᠣᠸᠢᠳ᠋ -19 ᠴᠠᠷ᠎ ᠲᠠᠬᠤᠯ ᠲᠠᠢ ᠲᠡᠮᠡᠴᠡᠬᠦ᠂ ᠤᠷᠢᠳᠴᠢᠯᠠᠨ ᠰᠡᠷᠭᠡᠢᠢᠯᠡᠬᠦ ᠴᠢᠭᠯᠡᠯ ᠢᠶᠡᠷ ᠳᠡᠮᠵᠢᠯᠭᠡ ᠦᠵᠡᠭᠦᠯᠦᠨ ᠬᠠᠮᠲᠤᠷᠠᠨ ᠠᠵᠢᠯᠯᠠᠵᠤ ᠢᠷᠡᠭᠰᠡᠨ ᠳᠥ ᠲᠠᠯᠠᠷᠬᠠᠯ ᠢᠯᠡᠷᠬᠡᠢᠢᠯᠡᠭᠡ᠃

ᠴᠢᠨᠠᠭᠰᠢᠳᠠ ᠠᠭᠤᠷ ᠠᠮᠢᠰᠬᠤᠯ ᠤᠨ ᠥᠭᠡᠷᠡᠴᠢᠯᠡᠯᠲᠡ᠂ ᠪᠠᠢᠢᠭᠠᠯᠢ ᠣᠷᠴᠢᠨ ᠤ ᠳᠣᠷᠣᠢᠢᠲᠠᠯ᠂ ᠴᠥᠯᠵᠢᠯᠲᠡ᠂ ᠰᠢᠷ᠎ᠠ ᠰᠢᠷᠤᠢᠢᠨ ᠰᠢᠭᠤᠷᠭ᠎ᠠ ᠲᠠᠢ ᠲᠡᠮᠡᠴᠡᠬᠦ᠂ ᠵᠠᠯᠠᠭᠤᠴᠤᠳ ᠤᠨ ᠡᠷᠡᠭᠦᠯ ᠮᠡᠨᠳᠦ᠂ ᠪᠣᠯᠪᠠᠰᠤᠷᠠᠯ ᠤᠨ ᠠᠰᠠᠭᠤᠳᠠᠯ ᠢᠶᠠᠷ ᠬᠠᠮᠲᠤᠷᠠᠨ ᠠᠵᠢᠯᠯᠠᠬᠤ ᠪᠣᠯᠤᠮᠵᠢ ᠲᠠᠢ ᠢᠢ ᠲᠡᠮᠳᠡᠭᠯᠡᠯ᠎ᠡ᠃

ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠰᠠᠭᠤᠷᠢᠨ ᠵᠣᠬᠢᠴᠠᠭᠤᠯᠤᠭᠴᠢ ᠲᠠᠫᠠᠨ ᠮᠢᠱᠷᠠ ᠮᠣᠩ᠋ᠭᠣᠯ ᠤᠯᠤᠰ ᠤᠨ ᠶᠡᠷᠦᠩᠬᠡᠢᠢᠯᠡᠭᠴᠢ ᠪᠡᠷ ᠰᠣᠩ᠋ᠭᠣᠭᠳᠠᠭᠰᠠᠨ ᠳᠤ ᠨᠢ ᠪᠠᠶᠠᠷ ᠬᠦᠷᠭᠡᠭᠡᠳ᠂ ᠶᠡᠷᠦᠩᠬᠡᠢ ᠰᠠᠢᠢᠳ ᠢᠶᠠᠷ ᠠᠵᠢᠯᠯᠠᠬᠤ ᠬᠤᠭᠤᠴᠠᠭᠠᠨ ᠳᠤ ᠪᠠᠨ ᠲᠣᠭᠲᠠᠪᠤᠷᠢᠲᠠᠢ ᠬᠥᠭ᠍ᠵᠢᠯ ᠦᠨ ᠵᠣᠷᠢᠯᠲᠠ ᠨᠤᠭᠤᠳ ᠢ ᠨᠤᠲᠤᠭᠰᠢᠭᠤᠯᠬᠤ ᠴᠢᠭᠯᠡᠯ ᠢᠶᠡᠷ ᠦᠷ᠎ᠡ ᠳ᠋ᠦᠩ ᠲᠡᠢ ᠬᠠᠮᠲᠤᠷᠠᠨ ᠠᠵᠢᠯᠯᠠᠭᠰᠠᠨ ᠳᠤ ᠲᠠᠯᠠᠷᠬᠠᠯ ᠢᠯᠡᠷᠬᠡᠢᠢᠯᠡᠪᠡ᠃ ᠮᠥᠨ ᠦᠨᠳᠦᠰᠦᠲᠡᠨ ᠦ ᠤᠷᠲᠤ ᠬᠤᠭᠤᠴᠠᠭᠠᠨ ᠤ ᠪᠣᠳᠣᠯᠭ᠎ᠠ᠂ ᠲᠡᠷᠢᠭᠦᠯᠡᠬᠦ ᠴᠢᠭᠯᠡᠯ ᠲᠡᠢ ᠬᠣᠯᠪᠣᠭᠳᠠᠭᠤᠯᠤᠨ ᠲᠣᠭᠲᠠᠪᠤᠷᠢᠲᠠᠢ ᠬᠥᠭ᠍ᠵᠢᠯ᠂ ᠡᠺᠣᠰᠢᠰᠲ᠋ᠧᠮ ᠪᠣᠯᠤᠨ ᠬᠦᠷᠢᠶᠡᠯᠡᠩ ᠪᠤᠢ ᠣᠷᠴᠢᠨ᠂ ᠬᠡᠦᠬᠡᠳ ᠵᠠᠯᠠᠭᠤᠴᠤᠳ ᠢ ᠳᠡᠮᠵᠢᠬᠦ ᠵᠡᠷᠭᠡ ᠪᠡᠷ ᠬᠠᠮᠲᠤᠷᠠᠨ ᠠᠵᠢᠯᠯᠠᠬᠤ ᠪᠠᠨ ᠨᠣᠲᠠᠯᠠᠪᠠ᠃

ᠮᠣᠩ᠋ᠭᠣᠯ ᠤᠯᠤᠰ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠲᠤ ᠡᠯᠰᠡᠭᠰᠡᠨ ᠦ 60 ᠵᠢᠯ ᠦᠨ ᠣᠢ 2021 ᠣᠨ ᠳᠤ ᠲᠣᠬᠢᠶᠠᠵᠤ ᠪᠤᠢ ᠲᠠᠢ ᠬᠣᠯᠪᠣᠭᠳᠠᠭᠤᠯᠤᠨ ᠮᠣᠩ᠋ᠭᠣᠯ ᠤᠯᠤᠰ ᠤᠨ ᠵᠠᠰᠠᠭ ᠤᠨ ᠭᠠᠵᠠᠷ᠂ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠰᠠᠭᠤᠷᠢᠨ ᠵᠣᠬᠢᠴᠠᠭᠤᠯᠤᠭᠴᠢ ᠢᠢᠨ ᠭᠠᠵᠠᠷ ᠬᠠᠮᠲᠤᠷᠠᠨ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠭᠡᠰᠢᠭᠦᠨ ᠪᠣᠯᠤᠭᠰᠠᠨ ᠤ ᠲᠡᠦᠬᠡᠨ ᠠᠴᠢ ᠬᠣᠯᠪᠣᠭᠳᠠᠯ ᠢ ᠣᠯᠠᠨ ᠨᠡᠢᠢᠲᠡ᠂ ᠲᠡᠷᠡ ᠳᠤᠮᠳᠠ ᠪᠠᠨ ᠬᠡᠦᠬᠡᠳ᠂ ᠵᠠᠯᠠᠭᠤᠴᠤᠳ ᠲᠤ ᠲᠠᠨᠢᠭᠤᠯᠬᠤ ᠴᠢᠭᠯᠡᠯ ᠢᠶᠡᠷ ᠣᠯᠠᠨ ᠠᠷᠭ᠎ᠠ ᠬᠡᠮᠵᠢᠶ᠎ᠡ ᠬᠡᠷᠡᠭᠵᠢᠭᠦᠯᠵᠦ ᠪᠠᠢᠢᠨ᠎ᠠ᠃