Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ ᠪᠦᠭᠦᠳᠡ ᠨᠠᠢᠢᠷᠠᠮᠳᠠᠬᠤ ᠰᠣᠯᠣᠩ᠋ᠭᠣᠰ ᠤᠯᠤᠰ ᠤᠨ ᠶᠡᠷᠦᠩᠬᠡᠢᠢᠯᠡᠭᠴᠢ ᠮᠦᠨ ᠵᠧ ᠢᠨ ᠲᠡᠢ ᠴᠠᠬᠢᠮ ᠠᠭᠤᠯᠵᠠᠯᠲᠠ ᠬᠢᠨ᠎ᠡ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ 2021 ᠣᠨ ᠤ 9  ᠳ᠋ᠦᠭᠡᠷ ᠰᠠᠷ᠎ᠠ ᠢᠢᠨ 10 ᠍ ᠤ ᠡᠳᠦᠷ ᠪᠦᠭᠦᠳᠡ ᠨᠠᠢᠢᠷᠠᠮᠳᠠᠬᠤ ᠰᠣᠯᠣᠩ᠋ᠭᠣᠰ ᠤᠯᠤᠰ ᠤᠨ ᠶᠡᠷᠦᠩᠬᠡᠢᠢᠯᠡᠭᠴᠢ ᠮᠦᠨ ᠵᠧ ᠢᠨ ᠲᠡᠢ ᠳᠡᠭᠡᠳᠦ ᠲᠦᠪᠰᠢᠨ ᠦ ᠴᠠᠬᠢᠮ ᠠᠭᠤᠯᠵᠠᠯᠲᠠ ᠬᠢᠨ᠎ᠡ᠃ ᠡᠨᠡ ᠨᠢ ᠬᠣᠶᠠᠷ ᠤᠯᠤᠰ ᠤᠨ ᠲᠥᠷᠥ ᠢᠢᠨ ᠲᠡᠷᠢᠭᠦᠨ ᠨᠠᠷ ᠤᠨ ᠲᠦᠪᠰᠢᠨ ᠳᠥ ᠰᠡᠭᠦᠯ ᠦᠨ ᠳᠥᠷᠪᠡᠨ ᠵᠢᠯ ᠳᠥ ᠬᠢᠭ᠍ᠳᠡᠵᠦ ᠪᠤᠢ ᠠᠩ᠋ᠬᠠᠨ ᠤ ᠠᠭᠤᠯᠵᠠᠯᠲᠠ ᠶᠤᠮ᠃

ᠮᠣᠩ᠋ᠭᠣᠯ ᠤᠯᠤᠰ᠂ ᠪᠦᠭᠦᠳᠡ ᠨᠠᠢᠢᠷᠠᠮᠳᠠᠬᠤ ᠰᠣᠯᠣᠩ᠋ᠭᠣᠰ ᠤᠯᠤᠰ ᠢᠢᠨ ᠬᠣᠭᠣᠷᠣᠨᠳᠣ 1990 ᠣᠨ ᠳᠤ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠠᠴᠠ ᠬᠣᠢᠢᠰᠢ ᠬᠣᠶᠠᠷ ᠤᠯᠤᠰ ᠤᠨ ᠬᠠᠷᠢᠯᠴᠠᠭ᠎ᠠ ᠪᠦᠬᠦᠢ ᠯᠠ ᠰᠠᠯᠪᠤᠷᠢ ᠳᠤ ᠥᠷᠭᠡᠵᠢᠨ ᠬᠥᠭ᠍ᠵᠢᠵᠦ ᠢᠷᠡᠭᠰᠡᠨ ᠪᠥᠭᠡᠳ ᠡᠳᠦᠭᠡ ᠪᠦᠭᠦᠳᠡ ᠨᠠᠢᠢᠷᠠᠮᠳᠠᠬᠤ ᠰᠣᠯᠣᠩ᠋ᠭᠣᠰ ᠤᠯᠤᠰ ᠨᠢ ᠮᠠᠨ ᠤ ᠬᠤᠳᠠᠯᠳᠤᠭ᠎ᠠ᠂ ᠬᠥᠷᠦᠩᠭᠡ ᠣᠷᠣᠭᠤᠯᠤᠯᠲᠠ ᠢᠢᠨ ᠴᠢᠬᠤᠯᠠ ᠲᠦᠩᠰᠢ ᠣᠷᠣᠨ ᠪᠣᠯᠵᠤ᠂ ᠬᠣᠶᠠᠷ ᠤᠯᠤᠰ ᠤᠨ ᠬᠠᠷᠢᠯᠴᠠᠭ᠎ᠠ 2011 ᠣᠨ ᠠᠴᠠ 《ᠢᠵᠢ ᠪᠥᠷᠢᠨ ᠲᠦᠩᠰᠢᠯᠡᠯ》 ᠍ ᠤᠨ ᠲᠦᠪᠰᠢᠨ ᠳᠥ ᠡᠷᠴᠢᠮᠲᠡᠢ ᠬᠥᠭ᠍ᠵᠢᠵᠦ ᠪᠠᠢᠢᠨ᠎ᠠ᠃ ᠡᠨᠡ ᠤᠳᠠᠭ᠎ᠠ ᠢᠢᠨ ᠴᠠᠬᠢᠮ ᠠᠭᠤᠯᠵᠠᠯᠲᠠ ᠪᠠᠷ ᠬᠣᠶᠠᠷ ᠤᠯᠤᠰ ᠤᠨ ᠲᠥᠷᠥ ᠢᠢᠨ ᠲᠡᠷᠢᠭᠦᠨ ᠮᠣᠩ᠋ᠭᠣᠯ ᠤᠯᠤᠰ᠂ ᠪᠦᠭᠦᠳᠡ ᠨᠠᠢᠢᠷᠠᠮᠳᠠᠬᠤ ᠰᠣᠯᠣᠩ᠋ᠭᠣᠰ ᠤᠯᠤᠰ ᠤᠨ ᠬᠠᠷᠢᠯᠴᠠᠭ᠎ᠠ ᠢᠢ 《ᠰᠲ᠋ᠷᠠᠲ᠋ᠧᠭᠢ ᠢᠢᠨ ᠲᠦᠩᠰᠢᠯᠡᠯ》 ᠍ ᠦᠨ ᠲᠦᠪᠰᠢᠨ ᠳᠥ ᠳᠡᠪᠰᠢᠭᠦᠯᠦᠨ ᠬᠥᠭ᠍ᠵᠢᠭᠦᠯᠬᠦ ᠲᠠᠯ᠎ᠠ ᠪᠠᠷ ᠲᠣᠬᠢᠷᠠᠯᠴᠠᠨ᠎ᠠ᠃

ᠴᠠᠬᠢᠮ ᠠᠭᠤᠯᠵᠠᠯᠲᠠ ᠢᠢᠨ ᠦᠶ᠎ᠡ ᠪᠡᠷ ᠲᠠᠯ᠎ᠠ ᠨᠤᠭᠤᠳ ᠮᠣᠩ᠋ᠭᠣᠯ ᠤᠯᠤᠰ᠂ ᠪᠦᠭᠦᠳᠡ ᠨᠠᠢᠢᠷᠠᠮᠳᠠᠬᠤ ᠰᠣᠯᠣᠩ᠋ᠭᠣᠰ ᠤᠯᠤᠰ ᠤᠨ ᠤᠯᠤᠰ ᠲᠥᠷᠥ᠂ ᠡᠳ᠋ ᠍ ᠦᠨ ᠵᠠᠰᠠᠭ᠂ ᠬᠤᠳᠠᠯᠳᠤᠭ᠎ᠠ᠂ ᠬᠥᠷᠥᠩᠭᠡ ᠣᠷᠣᠭᠤᠯᠤᠯᠲᠠ᠂ ᠰᠤᠶᠤᠯ᠂ ᠪᠣᠯᠪᠠᠰᠤᠷᠠᠯ᠂ ᠬᠦᠮᠦᠨᠯᠢᠭ ᠦᠨ ᠬᠠᠷᠢᠯᠴᠠᠭᠠᠨ ᠤ ᠥᠨᠥ ᠢᠢᠨ ᠪᠠᠢᠢᠳᠠᠯ ᠢ ᠳ᠋ᠦᠩᠨᠡᠵᠦ᠂ ᠴᠢᠨᠠᠭᠰᠢᠳᠠ ᠢᠢᠨ ᠴᠢᠭᠯᠡᠯ ᠦᠳ ᠢ ᠲᠣᠳᠣᠷᠬᠠᠢᠢᠯᠠᠨ᠎ᠠ᠃ ᠮᠥᠨ ᠬᠥᠩᠭᠡᠯᠡᠯᠲᠡᠲᠡᠢ ᠵᠡᠭᠡᠯᠢ᠂ ᠪᠤᠴᠠᠯᠲᠠ ᠦᠭᠡᠢ ᠲᠤᠰᠠᠯᠠᠮᠵᠢ ᠪᠠᠷ ᠬᠡᠷᠡᠭᠵᠢᠭᠦᠯᠵᠦ ᠪᠤᠢ ᠲᠥᠰᠥᠯ᠂ ᠬᠥᠲᠥᠯᠪᠦᠷᠢ ᠢᠢᠨ ᠬᠡᠷᠡᠭᠵᠢᠯᠲᠡ ᠢᠢ ᠡᠷᠴᠢᠮᠵᠢᠭᠦᠯᠬᠦ ᠪᠣᠯᠤᠨ ᠢᠷᠭᠡᠳ ᠦᠨ ᠰᠣᠯᠢᠯᠴᠠᠭ᠎ᠠ ᠢᠢ ᠳᠡᠮᠵᠢᠬᠦ᠂ ᠣᠯᠠᠨ ᠤᠯᠤᠰ᠂ ᠪᠥᠰᠡ ᠨᠤᠲᠤᠭ ᠤᠨ ᠬᠠᠷᠢᠯᠴᠠᠨ ᠰᠣᠨᠢᠷᠬᠠᠭᠰᠠᠨ ᠠᠰᠠᠭᠤᠳᠠᠯ ᠤᠳ ᠢᠶᠠᠷ ᠰᠠᠨᠠᠯ ᠰᠣᠯᠢᠯᠴᠠᠬᠤ ᠪᠠᠷ ᠲᠥᠯᠥᠪᠯᠡᠵᠦ ᠪᠠᠢᠢᠨ᠎ᠠ᠃