Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬᠢᠯᠢ ᠢᠢᠨ ᠴᠢᠨᠠᠳᠤ ᠳ᠋ᠠᠬᠢ ᠮᠣᠩ᠋ᠭᠣᠯᠴᠤᠳ ᠤᠨ ᠵᠥᠪᠯᠡᠯ ᠦᠨ ᠲᠥᠯᠦᠭᠡᠯᠡᠯ ᠢ ᠬᠦᠯᠢᠶᠡᠨ ᠠᠪᠴᠤ ᠠᠭᠤᠯᠵᠠᠪᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ ᠬᠢᠯᠢ ᠢᠢᠨ ᠴᠢᠨᠠᠳᠤ  ᠳᠠᠬᠢ ᠮᠣᠩ᠋ᠭᠣᠯᠴᠤᠳ ᠤᠨ ᠵᠥᠪᠯᠡᠯ ᠦᠨ ᠶᠡᠷᠦᠩᠬᠡᠢ ᠨᠠᠷᠢᠨ ᠪᠢᠴᠢᠭ᠌ ᠦᠨ ᠳᠠᠷᠤᠭ᠎ᠠ ᠪ ∙ ᠮᠥᠩᠬᠡᠳᠡᠯᠭᠡᠷ᠂ ᠰᠫᠣᠷᠲ ᠬᠥᠭ᠍ᠵᠢᠯ ᠦᠨ ᠬᠣᠷᠢᠶᠠᠨ ᠤ ᠳᠠᠷᠤᠭ᠎ᠠ ᠲ ∙ ᠠᠮᠤᠷᠪᠠᠶᠠᠰᠬᠤᠯᠠᠩ ᠨᠠᠷ ᠢ ᠬᠦᠯᠢᠶᠡᠨ ᠠᠪᠴᠤ ᠠᠭᠤᠯᠵᠠᠪᠠ᠃

ᠭᠠᠳᠠᠭᠠᠳᠤ ᠣᠷᠣᠨ ᠳᠤ ᠠᠮᠢᠳᠤᠷᠠᠵᠤ᠂ ᠠᠵᠢᠯᠯᠠᠵᠤ ᠪᠠᠢᠢᠭ᠎ᠠ ᠮᠣᠩ᠋ᠭᠣᠯ ᠢᠷᠭᠡᠳ ᠦᠨ ᠡᠷᠬᠡ ᠠᠰᠢᠭ ᠢ ᠬᠠᠮᠠᠭᠠᠯᠠᠬᠤ᠂ ᠲᠡᠦᠬᠡ᠂ ᠰᠤᠶᠤᠯ᠂ ᠵᠠᠩ ᠵᠠᠩᠰᠢᠯ ᠢᠶᠠᠨ ᠲᠦᠭᠡᠭᠡᠨ ᠳᠡᠯᠭᠡᠷᠡᠭᠦᠯᠬᠦ᠂ ᠲᠥᠷᠥ ᠢᠢᠨ ᠠᠴᠢᠶ᠎ᠠ ᠢᠢ ᠲᠣᠳᠣᠷᠬᠠᠢ ᠬᠡᠮᠵᠢᠶ᠎ᠡ ᠪᠡᠷ ᠡᠭᠦᠷᠴᠦ ᠪᠠᠢᠢᠭ᠎ᠠ ᠬᠢᠯᠢ ᠢᠢᠨ ᠴᠢᠨᠠᠳᠤ  ᠳᠡᠬᠢ ᠮᠣᠩ᠋ᠭᠣᠯᠴᠤᠳ ᠤᠨ ᠵᠥᠪᠯᠡᠯ ᠦᠨ ᠬᠠᠮᠲᠤ ᠣᠯᠠᠨ ᠳᠤ ᠮᠣᠩ᠋ᠭᠣᠯ ᠤᠯᠤᠰ ᠤᠨ ᠶᠡᠷᠦᠩᠬᠡᠢᠢᠯᠡᠭᠴᠢ ᠲᠠᠯᠠᠷᠬᠠᠯ ᠢᠯᠡᠷᠬᠡᠢᠢᠯᠡᠯ᠎ᠡ᠃

ᠬᠡᠦᠬᠡᠳ ᠪᠠᠭᠠᠴᠤᠳ ᠲᠤ ᠡᠬᠡ ᠬᠡᠯᠡ᠂ ᠮᠣᠩ᠋ᠭᠣᠯ ᠠᠮᠢᠳᠤᠷᠠᠯ᠂ ᠲᠡᠦᠬᠡ᠂ ᠰᠤᠶᠤᠯ ᠢᠶᠠᠨ ᠲᠠᠨᠢᠭᠤᠯᠬᠤ ᠳᠤ ᠴᠢᠬᠤᠯᠠ ᠨᠥᠯᠥᠭᠡ ᠦᠵᠡᠭᠦᠯᠬᠦ 《ᠨᠡᠭᠦᠳᠡᠯ ᠦᠨ ᠰᠤᠶᠤᠯ ᠤᠨ ᠪᠣᠯᠪᠠᠰᠤᠷᠠᠯ》 ᠪᠣᠯᠤᠨ ᠬᠢᠯᠢ ᠢᠢᠨ ᠴᠢᠨᠠᠳᠤ ᠳᠤ ᠰᠠᠭᠤᠭ᠎ᠠ ᠮᠣᠩ᠋ᠭᠣᠯᠴᠤᠳ ᠲᠤ ᠵᠣᠷᠢᠭᠤᠯᠤᠭᠰᠠᠨ ᠪᠤᠰᠤᠳ ᠲᠥᠰᠥᠯ᠂ ᠬᠥᠲᠥᠯᠪᠦᠷᠢ ᠢᠢ ᠪᠣᠳᠣᠯᠭ᠎ᠠ ᠪᠠᠷ ᠳᠡᠮᠵᠢᠵᠦ᠂ ᠱᠠᠭᠠᠷᠳᠠᠯᠭ᠎ᠠ ᠲᠠᠢ ᠪᠣᠯ ᠵᠠᠰᠠᠭ ᠤᠨ ᠭᠠᠵᠠᠷ ᠲᠤ ᠴᠢᠭᠯᠡᠯ ᠥᠭ᠍ᠬᠦ ᠪᠣᠯᠤᠮᠵᠢ ᠲᠠᠢ ᠢᠢ ᠬᠡᠯᠡᠪᠡ᠃

ᠵᠥᠪᠯᠡᠯ ᠦᠨ ᠬᠠᠮᠲᠤ ᠣᠯᠠᠨ ᠬᠢᠯᠢ ᠢᠢᠨ ᠴᠢᠨᠠᠳᠤ ᠳᠤ ᠪᠣᠯᠤᠨ ᠡᠬᠡ ᠣᠷᠣᠨ ᠳᠤ ᠪᠠᠨ ᠠᠮᠢᠳᠤᠷᠠᠵᠤ ᠪᠠᠢᠢᠭ᠎ᠠ ᠬᠡᠦᠬᠡᠳ ᠪᠠᠭᠠᠴᠤᠳ᠂ ᠭᠡᠷ ᠪᠦᠯᠢ᠂ ᠪᠠᠭᠰᠢ ᠨᠠᠷ ᠲᠤ ᠵᠣᠷᠢᠭᠤᠯᠵᠤ ᠨᠡᠭᠦᠳᠡᠯᠴᠢᠳ ᠦᠨ ᠠᠬᠤᠢ᠂ ᠥᠪ ᠰᠣᠶᠣᠯ᠂ ᠲᠡᠦᠬᠡ᠂ ᠡᠬᠡ ᠬᠡᠯᠡ ᠪᠢᠴᠢᠭ᠌ ᠢᠶᠡᠨ ᠲᠠᠨᠢᠨ ᠮᠡᠳᠡᠬᠦ᠂ ᠰᠤᠷᠤᠯᠴᠠᠬᠤ᠂ ᠲᠦᠭᠡᠭᠡᠨ ᠳᠡᠯᠭᠡᠷᠡᠭᠦᠯᠬᠦ ᠵᠤᠨ ᠤ ᠬᠥᠳᠡᠯᠮᠦᠷᠢ ᠵᠤᠰᠠᠯᠠᠩ ᠤᠨ ᠴᠣᠭᠴᠠᠯᠠᠪᠤᠷᠢ ᠪᠠᠢᠢᠭᠤᠯᠬᠤ 《ᠨᠡᠭᠦᠳᠡᠯ ᠦᠨ ᠰᠣᠶᠣᠯ ᠤᠨ ᠪᠣᠯᠪᠠᠰᠤᠷᠠᠯ》 ᠲᠥᠰᠦᠯ ᠬᠡᠷᠡᠭᠵᠢᠭᠦᠯᠵᠦ ᠪᠠᠢᠢᠨ᠎ᠠ᠃

ᠡᠬᠢᠨ ᠦ ᠱᠠᠲᠤ ᠢᠢ 2017-2019 ᠣᠨ ᠳᠤ ᠬᠡᠨᠲᠡᠢ ᠠᠢᠢᠮᠠᠭ ᠤᠨ ᠴᠡᠩᠬᠡᠷᠮᠠᠨᠳᠠᠯ ᠰᠤᠮᠤᠨ ᠳᠤ ᠬᠡᠷᠡᠭᠵᠢᠭᠦᠯᠦᠭᠰᠡᠨ ᠪᠣᠯ 2021-2022 ᠣᠨ ᠳᠤ ᠥᠪᠦᠷᠬᠠᠩ᠋ᠭᠠᠢ ᠠᠢᠢᠮᠠᠭ ᠤᠨ ᠶᠢᠰᠦᠨᠵᠦᠢᠯ ᠰᠤᠮᠤᠨ ᠳᠤ᠂ 2022-2026 ᠣᠨ ᠳᠤ ᠳᠤᠮᠳᠠᠭᠤᠪᠢ᠂ ᠤᠪᠰᠤ᠂ ᠬᠥᠪᠰᠥᠭᠥᠯ ᠠᠢᠢᠮᠠᠭ ᠲᠤ ᠬᠡᠷᠡᠭᠵᠢᠭᠦᠯᠬᠦ ᠪᠡᠷ ᠲᠥᠯᠥᠪᠯᠡᠵᠡᠢ᠃