Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ ᠪᠦᠭᠦᠳᠡ ᠨᠠᠢᠢᠷᠠᠮᠳᠠᠬᠤ ᠰᠣᠯᠣᠩ᠋ᠭᠣᠰ ᠤᠯᠤᠰ ᠤᠨ ᠶᠡᠷᠦᠩᠬᠡᠢᠢᠯᠡᠭᠴᠢ ᠮᠦᠨ ᠵᠧ ᠢᠨ ᠲᠡᠢ ᠳᠡᠭᠡᠳᠦ ᠲᠦᠪᠰᠢᠨ ᠦ ᠴᠠᠬᠢᠮ ᠠᠭᠤᠯᠵᠠᠯᠲᠠ ᠬᠢᠯ᠎ᠡ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ ᠪᠦᠭᠦᠳᠡ ᠨᠠᠢᠢᠷᠠᠮᠳᠠᠬᠤ ᠰᠣᠯᠣᠩ᠋ᠭᠣᠰ ᠤᠯᠤᠰ ᠤᠨ ᠶᠡᠷᠦᠩᠬᠡᠢᠢᠯᠡᠭᠴᠢ ᠮᠦᠨ ᠵᠧ ᠢᠨ ᠲᠡᠢ 2021 ᠣᠨ ᠤ 9  ᠳᠦᠭᠡᠷ ᠰᠠᠷ᠎ᠠ ᠢᠢᠨ 10 ᠍ ᠤ ᠡᠳᠦᠷ ᠳᠡᠭᠡᠳᠦ ᠲᠦᠪᠰᠢᠨ ᠦ ᠴᠠᠬᠢᠮ ᠠᠭᠤᠯᠵᠠᠯᠲᠠ ᠬᠢᠪᠡ᠃ ᠴᠠᠬᠢᠮ ᠠᠭᠤᠯᠵᠠᠯᠲᠠ ᠨᠠᠢᠢᠷᠰᠠᠭ᠂ ᠠᠵᠢᠯ ᠬᠡᠷᠡᠭᠴᠢ ᠠᠭᠤᠷ ᠠᠮᠢᠰᠬᠤᠯ ᠳᠤ ᠪᠣᠯᠪᠠ᠃ ᠡᠨᠡ ᠨᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ ᠶᠡᠷᠦᠩᠬᠡᠢ ᠰᠠᠢᠢᠳ ᠢᠶᠠᠷ ᠠᠵᠢᠯᠯᠠᠵᠤ ᠪᠠᠢᠢᠬᠤ ᠳᠤ ᠪᠠᠨ ᠪᠤᠶᠤ 2018 ᠣᠨ ᠤ 1  ᠳᠦᠭᠡᠷ ᠰᠠᠷ᠎ᠠ ᠳᠤ ᠪᠦᠭᠦᠳᠡ ᠨᠠᠢᠢᠷᠠᠮᠳᠠᠬᠤ ᠰᠣᠯᠣᠩ᠋ᠭᠣᠰ ᠤᠯᠤᠰ ᠲᠤ ᠠᠢᠢᠯᠴᠢᠯᠠᠭᠰᠠᠨ ᠠᠴᠠ ᠬᠣᠢᠢᠰᠢ ᠬᠢᠵᠦ ᠪᠤᠢ ᠬᠣᠶᠠᠷ  ᠳᠠᠬᠢ ᠠᠭᠤᠯᠵᠠᠯᠲᠠ ᠶᠤᠮ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ ᠂ ᠪᠦᠭᠦᠳᠡ ᠨᠠᠢᠢᠷᠠᠮᠳᠠᠬᠤ ᠰᠣᠯᠣᠩ᠋ᠭᠣᠰ ᠤᠯᠤᠰ ᠤᠨ ᠶᠡᠷᠦᠩᠬᠡᠢᠢᠯᠡᠭᠴᠢ ᠮᠦᠨ ᠵᠧ ᠢᠨ ᠨᠠᠷᠠ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠠᠴᠠ ᠬᠣᠢᠢᠰᠢᠬᠢ ᠥᠩᠭᠡᠷᠡᠭᠰᠡᠨ 30 ᠭᠠᠷᠤᠢ ᠵᠢᠯ ᠦᠨ ᠬᠤᠭᠤᠴᠠᠭᠠᠨ ᠳᠤ ᠮᠣᠩ᠋ᠭᠣᠯ ᠤᠯᠤᠰ᠂ ᠪᠦᠭᠦᠳᠡ ᠨᠠᠢᠢᠷᠠᠮᠳᠠᠬᠤ ᠰᠣᠯᠣᠩ᠋ᠭᠣᠰ ᠤᠯᠤᠰ ᠤᠨ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠡᠷᠴᠢᠮ ᠲᠡᠢ ᠤᠷᠤᠭᠰᠢᠯᠠᠨ ᠬᠥᠭ᠍ᠵᠢᠵᠦ ᠢᠷᠡᠭᠰᠡᠨ ᠢ ᠲᠡᠮᠳᠡᠭᠯᠡᠵᠦ᠂ ᠬᠣᠶᠠᠷ ᠤᠯᠤᠰ ᠤᠨ ᠬᠠᠷᠢᠯᠴᠠᠭ᠎ᠠ ᠢᠢ ᠭᠦᠨᠵᠡᠭᠡᠢᠢᠷᠡᠭᠦᠯᠦᠨ ᠬᠥᠭ᠍ᠵᠢᠭᠦᠯᠬᠦ ᠨᠢ ᠮᠠᠨ ᠤ ᠬᠣᠶᠠᠷ ᠤᠯᠤᠰ ᠲᠡᠳᠦᠢ ᠦᠭᠡᠢ ᠪᠥᠰᠡ ᠨᠤᠲᠤᠭ᠂ ᠣᠯᠠᠨ ᠤᠯᠤᠰ ᠤᠨ ᠡᠩᠬᠡ ᠲᠠᠢᠢᠪᠤᠩ ᠤᠨ ᠢ ᠪᠡᠬᠢᠵᠢᠭᠦᠯᠵᠦ᠂ ᠲᠣᠭᠲᠠᠪᠤᠷᠢᠲᠠᠢ ᠬᠥᠭ᠍ᠵᠢᠯ ᠢ ᠬᠠᠩ᠋ᠭᠠᠬᠤ ᠳᠤ ᠴᠢᠬᠤᠯᠠ ᠡᠭᠦᠷᠭᠡ ᠭᠦᠢᠴᠡᠳᠭᠡᠨ᠎ᠡ ᠭᠡᠳᠡᠭ ᠲᠥ ᠰᠠᠨᠠᠯ ᠨᠢᠭᠡᠳᠴᠦ᠂ ᠬᠣᠶᠠᠷ ᠤᠯᠤᠰ ᠤᠨ ᠬᠠᠷᠢᠯᠴᠠᠭ᠎ᠠ ᠢᠢ 《ᠰᠲ᠋ᠷᠠᠲ᠋ᠧᠭᠢ ᠢᠢᠨ ᠲᠦᠩᠰᠢᠯᠡᠯ》 ᠍ ᠦᠨ ᠲᠦᠪᠰᠢᠨ ᠳᠥ ᠳᠡᠪᠰᠢᠭᠦᠯᠦᠨ ᠬᠥᠭ᠍ᠵᠢᠭᠦᠯᠬᠦ ᠪᠡᠷ ᠲᠣᠬᠢᠷᠠᠯᠴᠠᠵᠤ᠂ ᠬᠠᠮᠲᠤᠷᠠᠭᠰᠠᠨ ᠲᠤᠩ᠋ᠬᠠᠭᠯᠠᠯ ᠭᠠᠷᠭᠠᠪᠠ᠃

ᠬᠠᠮᠲᠤᠷᠠᠭᠰᠠᠨ ᠲᠤᠩ᠋ᠬᠠᠭᠯᠠᠯ  ᠳᠤ ᠮᠣᠩ᠋ᠭᠣᠯ ᠤᠯᠤᠰ᠂ ᠪᠦᠭᠦᠳᠡ ᠨᠠᠢᠢᠷᠠᠮᠳᠠᠬᠤ ᠰᠣᠯᠣᠩ᠋ᠭᠣᠰ ᠤᠯᠤᠰ ᠤᠨ ᠰᠲ᠋ᠷᠠᠲ᠋ᠧᠭᠢ ᠢᠢᠨ ᠲᠦᠩᠰᠢᠯᠡᠯ ᠦᠨ ᠬᠠᠷᠢᠯᠴᠠᠭ᠎ᠠ ᠢᠢ 1. ᠤᠯᠤᠰ ᠲᠥᠷᠥ᠂ ᠠᠶᠤᠯ ᠦᠭᠡᠢ ᠪᠠᠢᠢᠳᠠᠯ 2. ᠬᠤᠳᠠᠯᠳᠤᠭ᠎ᠠ᠂ ᠬᠥᠷᠥᠩᠭᠡ ᠣᠷᠣᠭᠤᠯᠤᠯᠲᠠ᠂ ᠡᠳ᠋ ᠍ ᠦᠨ ᠵᠠᠰᠠᠭ᠂ 3. ᠪᠣᠯᠪᠠᠰᠤᠷᠠᠯ᠂ ᠰᠢᠨᠵᠢᠯᠡᠬᠦ ᠤᠬᠠᠭᠠᠨ ᠲᠧᠭᠨᠣᠯᠣᠭᠢ᠂ ᠪᠠᠢᠢᠭᠠᠯᠢ ᠣᠷᠴᠢᠨ᠂ ᠡᠷᠡᠭᠦᠯ ᠮᠡᠨᠳᠦ᠂ 4. ᠰᠤᠶᠤᠯ᠂ ᠠᠶᠠᠯᠠᠯ ᠵᠢᠭᠤᠯᠴᠢᠯᠠᠯ᠂ ᠢᠷᠭᠡᠳ ᠦᠨ ᠬᠠᠷᠢᠯᠴᠠᠭ᠎ᠠ᠂ 5. ᠪᠥᠰᠡ ᠨᠤᠲᠤᠭ᠂ ᠣᠯᠠᠨ ᠤᠯᠤᠰ ᠤᠨ ᠲᠠᠪᠴᠠᠩ  ᠳᠠᠬᠢ ᠬᠠᠮᠲᠤ ᠢᠢᠨ ᠠᠵᠢᠯᠯᠠᠭ᠎ᠠ ᠭᠡᠰᠡᠨ 5 ᠲᠤᠯᠭᠠᠭᠤᠷᠢ ᠴᠢᠭᠯᠡᠯ ᠳᠥ ᠥᠷᠭᠡᠵᠢᠭᠦᠯᠦᠨ ᠬᠥᠭ᠍ᠵᠢᠭᠦᠯᠬᠦ ᠪᠡᠷ ᠲᠣᠬᠢᠷᠠᠵᠤ᠂ ᠰᠠᠯᠪᠤᠷᠢ ᠲᠤᠰ ᠪᠦᠷᠢ ᠪᠡᠷ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠪᠡᠬᠢᠵᠢᠭᠦᠯᠦᠨ ᠬᠥᠭ᠍ᠵᠢᠭᠦᠯᠬᠦ ᠵᠣᠷᠢᠯᠲᠠ ᠢᠢ ᠲᠣᠳᠣᠷᠬᠠᠢᠢᠯᠠᠪᠠ᠃

ᠶᠡᠷᠦᠩᠬᠡᠢᠢᠯᠡᠭᠴᠢ ᠤ᠊ ∙ ᠬᠦᠷᠡᠯᠰᠦ᠋ᠬᠡ 《ᠮᠠᠨ ᠤ ᠬᠣᠶᠠᠷ ᠤᠯᠤᠰ ᠠᠷᠠᠳᠴᠢᠯᠠᠯ᠂ ᠬᠦᠮᠦᠨ ᠦ ᠡᠷᠬᠡ᠂ ᠡᠷᠬᠡ ᠴᠢᠯᠦᠭᠡ᠂ ᠵᠠᠬ᠎ᠠ ᠵᠡᠭᠡᠯᠢ ᠢᠢᠨ ᠡᠳ᠋ ᠍ ᠦᠨ ᠵᠠᠰᠠᠭ ᠵᠡᠷᠭᠡ ᠨᠡᠢᠢᠲᠡᠯᠢᠭ ᠦᠨᠡᠲᠦ ᠵᠦᠢᠯᠡᠰ ᠲᠥ ᠪᠡᠨ ᠲᠤᠯᠭᠠᠭᠤᠷᠢᠯᠠᠨ ᠥᠩᠭᠡᠷᠡᠭᠰᠡᠨ 30 ᠭᠠᠷᠤᠢ ᠵᠢᠯ ᠦᠨ ᠬᠤᠭᠤᠴᠠᠭᠠᠨ ᠳᠤ ᠬᠣᠶᠠᠷ ᠲᠠᠯ᠎ᠠ ᠢᠢᠨ ᠬᠠᠷᠢᠯᠴᠠᠭ᠎ᠠ ᠢᠢ ᠥᠨᠥ ᠢᠢᠨ ᠥᠨᠳᠥᠷ ᠲᠦᠪᠰᠢᠨ ᠳᠥ ᠬᠦᠷᠭᠡᠨ ᠬᠥᠭ᠍ᠵᠢᠭᠦᠯᠵᠦ ᠢᠷᠡᠭᠰᠡᠨ ᠢ ᠳᠤᠷᠠᠳᠤᠭᠠᠳ ᠭᠤᠷᠪᠠᠳᠠᠭᠴᠢ ᠬᠥᠷᠰᠢ ᠪᠦᠭᠦᠳᠡ ᠨᠠᠢᠢᠷᠠᠮᠳᠠᠬᠤ ᠰᠣᠯᠣᠩ᠋ᠭᠣᠰ ᠤᠯᠤᠰ ᠲᠠᠢ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠴᠢᠨᠠᠭᠰᠢᠳᠠ ᠤᠯᠠᠮ ᠪᠡᠬᠢᠵᠢᠭᠦᠯᠦᠨ ᠬᠥᠭ᠍ᠵᠢᠭᠦᠯᠬᠦ ᠢᠢᠨ ᠲᠥᠯᠥᠭᠡ ᠪᠠᠢᠢᠭ᠎ᠠ ᠪᠠᠨ ᠨᠣᠲᠠᠯᠠᠪᠠ᠃ ᠲᠡᠷᠡ ᠪᠡᠷ ᠮᠣᠩ᠋ᠭᠣᠯ ᠤᠯᠤᠰ ᠤᠨ ᠶᠡᠷᠦᠩᠬᠡᠢ ᠰᠠᠢᠢᠳ ᠤᠨ ᠬᠤᠪᠢ ᠪᠠᠷ 2018 ᠣᠨ ᠳᠤ ᠪᠦᠭᠦᠳᠡ ᠨᠠᠢᠢᠷᠠᠮᠳᠠᠬᠤ ᠰᠣᠯᠣᠩ᠋ᠭᠣᠰ ᠤᠯᠤᠰ ᠳᠥ ᠬᠢᠭ᠍ᠰᠡᠨ ᠠᠢᠢᠯᠴᠢᠯᠠᠯ ᠤᠨ ᠢᠶᠠᠨ ᠦᠶ᠎ᠡ ᠪᠡᠷ ᠶᠡᠷᠦᠩᠬᠡᠢᠢᠯᠡᠭᠴᠢ ᠮᠦᠨ ᠵᠧ ᠢᠨ ᠲᠡᠢ ᠰᠧᠦ᠋ᠯ ᠬᠣᠲᠠᠨ᠎ᠠ ᠠᠭᠤᠯᠵᠠᠵᠤ᠂ ᠬᠣᠶᠠᠷ ᠤᠯᠤᠰ ᠤᠨ 《ᠢᠵᠢ ᠪᠦᠷᠢᠨ ᠲᠦᠩᠰᠢᠯᠡᠯ》 ᠍ ᠦᠨ ᠬᠠᠷᠢᠯᠴᠠᠭ᠎ᠠ ᠢᠢ 《ᠰᠲ᠋ᠷᠠᠲ᠋ᠧᠭᠢ ᠢᠢᠨ ᠲᠦᠩᠰᠢᠯᠡᠯ》 ᠍ ᠦᠨ ᠲᠦᠪᠰᠢᠨ ᠳᠥ ᠳᠡᠪᠰᠢᠭᠦᠯᠦᠨ ᠬᠥᠭ᠍ᠵᠢᠭᠦᠯᠬᠦ ᠲᠠᠯ᠎ᠠ ᠪᠠᠷ ᠠᠩᠬ᠎ᠠ ᠶᠠᠷᠢᠯᠴᠠᠵᠤ ᠪᠠᠢᠢᠭᠰᠠᠨ ᠨᠢ ᠠᠵᠢᠯ ᠬᠡᠷᠡᠭ ᠪᠣᠯᠵᠤ ᠪᠠᠢᠢᠭ᠎ᠠ ᠳᠤ ᠰᠡᠳᠬᠢᠯ ᠬᠠᠩ᠋ᠭᠠᠯᠤᠭᠤᠨ ᠪᠠᠢᠢᠭ᠎ᠠ ᠪᠠᠨ ᠢᠯᠡᠷᠬᠡᠢᠢᠯᠡᠪᠡ᠃

ᠶᠡᠷᠦᠩᠬᠡᠢᠢᠯᠡᠭᠴᠢ ᠮᠦᠨ ᠵᠧ ᠢᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠳᠥ ᠰᠣᠩ᠋ᠭᠣᠭᠤᠯᠢ ᠳᠤ ᠢᠯᠠᠯᠲᠠ ᠪᠠᠢᠢᠭᠤᠯᠤᠭᠰᠠᠨ ᠳᠤ ᠨᠢ ᠪᠠᠶᠠᠷ ᠬᠦᠷᠭᠡᠭᠡᠳ ᠮᠣᠩ᠋ᠭᠣᠯ ᠤᠯᠤᠰ ᠤᠨ ᠰᠢᠨ᠎ᠡ ᠲᠥᠷᠥ ᠢᠢᠨ ᠲᠡᠷᠢᠭᠦᠨ ᠲᠡᠢ ᠳᠡᠭᠡᠳᠦ ᠲᠦᠪᠰᠢᠨ ᠦ ᠠᠭᠤᠯᠵᠠᠯᠲᠠ ᠬᠢᠵᠦ ᠪᠤᠢ ᠠᠩ᠋ᠬᠠᠨ ᠤ ᠭᠠᠳᠠᠭᠠᠳᠤ ᠤᠯᠤᠰ ᠤᠨ ᠶᠡᠷᠦᠩᠬᠡᠢᠢᠯᠡᠭᠴᠢ ᠪᠣᠯᠤᠭᠰᠠᠨ ᠳᠤ ᠪᠠᠨ ᠪᠠᠶᠠᠷᠲᠠᠢ ᠪᠠᠢᠢᠭ᠎ᠠ ᠪᠠᠨ ᠢᠯᠡᠷᠬᠡᠢᠢᠯᠡᠪᠡ᠃ ᠲᠡᠷᠡ ᠪᠡᠷ 《ᠰᠢᠨ᠎ᠡ ᠤᠮᠠᠷᠠᠳᠤ ᠢᠢᠨ ᠪᠣᠳᠣᠯᠭ᠎ᠠ》 ᠍ ᠢᠢᠨ ᠴᠢᠬᠤᠯᠠ ᠲᠦᠩᠰᠢ ᠤᠯᠤᠰ ᠪᠣᠯᠬᠤ ᠮᠣᠩ᠋ᠭᠣᠯ ᠤᠯᠤᠰ ᠲᠠᠢ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠪᠡᠬᠢᠵᠢᠭᠦᠯᠵᠦ᠂ 《ᠠᠯᠤᠰ ᠤᠨ ᠬᠠᠷᠠᠭ᠎ᠠ-2050》 ᠮᠣᠩ᠋ᠭᠣᠯ ᠤᠯᠤᠰ ᠤᠨ ᠤᠷᠲᠤ ᠬᠤᠭᠤᠴᠠᠭᠠᠨ ᠤ ᠬᠥᠭ᠍ᠵᠢᠯ ᠦᠨ ᠪᠣᠳᠣᠯᠭ᠎ᠠ ᠢᠢ ᠬᠡᠷᠡᠭᠵᠢᠭᠦᠯᠬᠦ ᠦᠢᠯᠡ ᠶᠠᠪᠤᠴᠠ ᠳᠤ ᠬᠠᠮᠲᠤᠷᠠᠨ ᠠᠵᠢᠯᠯᠠᠬᠤ ᠪᠠᠨ ᠢᠯᠡᠷᠬᠡᠢᠢᠯᠡᠪᠡ᠃

ᠲᠥᠷᠥ ᠢᠢᠨ ᠲᠡᠷᠢᠭᠦᠨ ᠨᠠᠷ ᠬᠠᠷᠢᠯᠴᠠᠭᠠᠨ ᠤ ᠡᠷᠬᠡ ᠵᠦᠢ ᠢᠢᠨ ᠣᠷᠴᠢᠨ ᠢ ᠪᠡᠬᠢᠵᠢᠭᠦᠯᠵᠦ᠂ ᠨᠠᠢᠢᠷᠠᠮᠳᠠᠯ ᠢ ᠪᠠᠲᠤᠳᠬᠠᠬᠤ ᠳᠤ ᠬᠣᠶᠠᠷ ᠤᠯᠤᠰ ᠤᠨ ᠬᠠᠤᠯᠢ ᠲᠣᠭᠲᠠᠭᠠᠬᠤ ᠳᠡᠭᠡᠳᠦ ᠪᠠᠢᠢᠭᠤᠯᠤᠯᠭ᠎ᠠ ᠬᠣᠭᠣᠷᠣᠨᠳᠣ ᠢᠢᠨ ᠬᠠᠮᠲᠤ ᠢᠢᠨ ᠠᠵᠢᠯᠯᠠᠭ᠎ᠠ ᠴᠢᠬᠤᠯᠠ ᠪᠣᠯᠬᠤ ᠢᠢ ᠲᠡᠮᠳᠡᠭᠯᠡᠬᠦ ᠢᠢᠨ ᠰᠠᠴᠠᠭᠤ ᠮᠣᠩ᠋ᠭᠣᠯ ᠂ ᠰᠣᠯᠣᠩ᠋ᠭᠣᠰ  ᠤᠨ ᠵᠠᠰᠠᠭ ᠤᠨ ᠭᠠᠵᠠᠷ ᠬᠣᠭᠣᠷᠣᠨᠳᠣ ᠢᠢᠨ ᠬᠠᠮᠲᠤᠷᠠᠭᠰᠠᠨ ᠬᠣᠷᠢᠶ᠎ᠠ᠂ ᠭᠠᠳᠠᠭᠠᠳᠤ ᠬᠠᠷᠢᠯᠴᠠᠭᠠᠨ ᠤ ᠶᠠᠮᠤᠨ ᠬᠣᠭᠣᠷᠣᠨᠳᠣ ᠢᠢᠨ ᠰᠲ᠋ᠷᠠᠲ᠋ᠧᠭᠢ ᠢᠢᠨ ᠵᠥᠪᠯᠡᠯᠳᠦᠬᠦ ᠠᠭᠤᠯᠵᠠᠯᠲᠠ ᠵᠡᠷᠭᠡ ᠶᠠᠷᠢᠶ᠎ᠠ ᠬᠡᠯᠡᠯᠴᠡᠭᠡᠨ ᠦ ᠮᠧᠬᠠᠨᠢᠰᠮ ᠤᠳ ᠢ ᠴᠢᠨᠠᠭᠰᠢᠳᠠ ᠤᠯᠠᠮ ᠪᠡᠬᠢᠵᠢᠭᠦᠯᠵᠦ᠂ ᠪᠣᠳᠠᠲᠤ ᠡᠳ᠋ ᠍ ᠦᠨ ᠵᠠᠰᠠᠭ ᠤᠨ ᠬᠠᠮᠲᠤ ᠢᠢᠨ ᠠᠵᠢᠯᠯᠠᠭ᠎ᠠ ᠢᠢ ᠳᠡᠮᠵᠢᠵᠦ ᠠᠵᠢᠯᠯᠠᠬᠤ ᠪᠠᠷ ᠲᠣᠭᠲᠠᠪᠠ᠃

ᠲᠠᠯ᠎ᠠ ᠨᠤᠭᠤᠳ ᠲᠡᠭᠡᠭᠡᠪᠦᠷᠢ᠂ ᠯᠣᠭᠢᠰᠲ᠋ᠢᠭ᠂ ᠡᠷᠴᠢᠮ ᠬᠦᠴᠦ᠂ ᠠᠭᠤᠯᠠ ᠠᠭᠤᠷᠬᠠᠢ᠂ ᠬᠥᠳᠡᠭᠡ ᠠᠵᠤ ᠠᠬᠤᠢ ᠵᠡᠷᠭᠡ ᠡᠳ᠋ ᠍ ᠦᠨ ᠵᠠᠰᠠᠭ ᠤᠨ ᠲᠡᠷᠢᠭᠦᠯᠡᠬᠦ ᠴᠢᠭᠯᠡᠯ ᠢ ᠬᠥᠭ᠍ᠵᠢᠭᠦᠯᠬᠦ ᠳᠥ ᠲᠦᠯᠬᠢᠭᠦᠦ ᠠᠩ᠋ᠬᠠᠷᠴᠤ ᠠᠵᠢᠯᠯᠠᠬᠤ ᠪᠠᠷ ᠶᠠᠷᠢᠯᠴᠠᠪᠠ᠃ ᠶᠡᠷᠦᠩᠬᠡᠢᠢᠯᠡᠭᠴᠢ ᠤ᠊ ∙ ᠬᠦᠷᠡᠯᠰᠦ᠋ᠬᠡ 《ᠴᠢᠩᠭᠢᠰ ᠬᠠᠭᠠᠨ》 ᠣᠯᠠᠨ ᠤᠯᠤᠰ ᠤᠨ ᠨᠢᠰᠬᠦ ᠣᠩ᠋ᠭᠣᠴᠠᠨ ᠤ ᠰᠢᠨ᠎ᠡ ᠪᠠᠭᠤᠳᠠᠯ ᠢ ᠲᠦᠰᠢᠭᠯᠡᠨ ᠴᠢᠨᠠᠭᠰᠢᠳᠠ ᠬᠥᠰᠢᠭᠡ ᠢᠢᠨ ᠬᠥᠨᠳᠡᠢ ᠣᠷᠴᠢᠮ ᠢ ᠡᠳ᠋ ᠍ ᠦᠨ ᠵᠠᠰᠠᠭ ᠤᠨ ᠴᠢᠯᠦᠭᠡᠲᠦ ᠪᠥᠰᠡ ᠪᠣᠯᠭᠠᠵᠤ᠂ ᠳᠠᠭᠠᠭᠤᠯᠢ ᠬᠣᠲᠠ ᠪᠠᠢᠢᠭᠤᠯᠬᠤ ᠠᠵᠢᠯ ᠢ ᠡᠬᠢᠯᠡᠭᠦᠯᠦᠭᠡᠳ ᠪᠠᠢᠢᠭ᠎ᠠ ᠢᠢ ᠲᠠᠨᠢᠯᠴᠠᠭᠤᠯᠪᠠ᠃ ᠡᠨᠡ ᠬᠦᠷᠢᠶᠡᠨ ᠳᠥ ᠢᠨ᠋ᠴᠣᠨ ᠤ ᠴᠢᠯᠦᠭᠡᠲᠦ ᠪᠥᠰᠡ ᠢᠢᠨ ᠪᠦᠲᠦᠭᠡᠨ ᠪᠠᠢᠢᠭᠤᠯᠤᠯᠲᠠ ᠵᠡᠷᠭᠡ ᠪᠦᠭᠦᠳᠡ ᠨᠠᠢᠢᠷᠠᠮᠳᠠᠬᠤ ᠰᠣᠯᠣᠩ᠋ᠭᠣᠰ ᠤᠯᠤᠰ ᠤᠨ ᠲᠤᠷᠰᠢᠯᠭ᠎ᠠ ᠠᠴᠠ ᠰᠤᠳᠤᠯᠬᠤ᠂ ᠬᠠᠮᠲᠤᠷᠠᠨ ᠠᠵᠢᠯᠯᠠᠬᠤ ᠰᠣᠨᠢᠷᠬᠠᠯ ᠲᠠᠢ ᠪᠠᠢᠢᠭ᠎ᠠ ᠪᠠᠨ ᠮᠣᠩ᠋ᠭᠣᠯ  ᠤᠨ ᠲᠠᠯ᠎ᠠ ᠢᠯᠡᠷᠬᠡᠢᠢᠯᠡᠬᠦ ᠳᠥ ᠶᠡᠷᠦᠩᠬᠡᠢᠢᠯᠡᠭᠴᠢ ᠮᠦᠨ ᠵᠧ ᠢᠨ ᠡᠨᠡ ᠴᠢᠭᠯᠡᠯ ᠳᠥ ᠬᠠᠮᠲᠤᠷᠠᠨ ᠠᠵᠢᠯᠯᠠᠬᠤ ᠳᠤ ᠪᠡᠯᠡᠨ ᠪᠠᠢᠢᠭ᠎ᠠ ᠪᠠᠨ ᠲᠡᠮᠳᠡᠭᠯᠡᠪᠡ᠃

ᠡᠺᠰᠫᠣᠷᠲ ᠢ ᠳᠡᠮᠵᠢᠬᠦ᠂ ᠬᠥᠷᠥᠩᠭᠡ ᠣᠷᠣᠭᠤᠯᠤᠯᠲᠠ ᠢᠢ ᠨᠡᠮᠡᠭᠳᠡᠭᠦᠯᠬᠦ᠂ ᠬᠤᠳᠠᠯᠳᠤᠭᠠᠨ ᠤ ᠰᠠᠭᠠᠳ ᠲᠣᠳᠣᠭᠣᠷ ᠢ ᠪᠠᠭᠤᠷᠠᠭᠤᠯᠬᠤ ᠴᠢᠭᠯᠡᠯ ᠳᠥ ᠡᠷᠬᠡ ᠵᠦᠢ ᠢᠢᠨ ᠣᠷᠴᠢᠨ ᠢ ᠤᠯᠠᠮ ᠪᠡᠬᠢᠵᠢᠭᠦᠯᠬᠦ ᠱᠠᠭᠠᠷᠳᠠᠯᠭ᠎ᠠ ᠪᠠᠢᠢᠭ᠎ᠠ ᠢᠢ ᠲᠠᠯ᠎ᠠ ᠨᠤᠭᠤᠳ ᠴᠣᠬᠣᠨ ᠲᠡᠮᠳᠡᠭᠯᠡᠪᠡ᠃ ᠮᠣᠩ᠋ᠭᠣᠯ ᠤᠯᠤᠰ 《ᠠᠽᠢᠶ᠎ᠠ᠂ ᠨᠣᠮᠣᠬᠠᠨ ᠳᠠᠯᠠᠢ ᠢᠢᠨ ᠬᠤᠳᠠᠯᠳᠤᠭᠠᠨ ᠤ ᠬᠡᠯᠡᠯᠴᠡᠭᠡᠷ》 ᠍ ᠳᠥ ᠨᠢᠭᠡᠳᠦᠨ ᠣᠷᠣᠭᠰᠠᠨ ᠢᠶᠠᠷ ᠬᠤᠳᠠᠯᠳᠤᠭᠠᠨ ᠤ ᠢᠯᠡᠭᠦᠦ ᠲᠠᠭᠠᠯᠠᠮᠵᠢᠲᠠᠢ ᠨᠥᠬᠥᠴᠡᠯ ᠪᠦᠷᠢᠳᠦᠭᠦᠯᠦᠭᠰᠡᠨ ᠢ ᠲᠠᠯ᠎ᠠ ᠨᠤᠭᠤᠳ ᠲᠡᠮᠳᠡᠭᠯᠡᠭᠡᠳ ᠴᠠᠭᠠᠰᠢᠳᠠ ᠬᠣᠶᠠᠷ ᠤᠯᠤᠰ ᠤᠨ ᠬᠠᠮᠲᠤᠷᠠᠭᠰᠠᠨ ᠰᠤᠳᠤᠯᠭᠠᠨ ᠤ ᠦᠷ᠎ᠡ ᠳ᠋ᠦᠩ ᠳᠥ ᠰᠠᠭᠤᠷᠢᠯᠠᠨ 《ᠡᠳ᠋ ᠍ ᠦᠨ ᠵᠠᠰᠠᠭ ᠤᠨ ᠲᠦᠩᠰᠢᠯᠡᠯ ᠦᠨ ᠬᠡᠯᠡᠯᠴᠡᠭᠡᠷ (EPA)》 ᠍ ᠦᠨ ᠶᠠᠷᠢᠶ᠎ᠠ ᠬᠡᠯᠡᠯᠴᠡᠭᠡ ᠢᠢ ᠡᠬᠢᠯᠡᠭᠦᠯᠬᠦ ᠳᠥ ᠴᠢᠭᠯᠡᠭᠰᠡᠨ ᠬᠦᠴᠦᠨ ᠴᠢᠷᠮᠠᠢᠢᠯᠲᠠ ᠢᠢ ᠦᠷᠭᠦᠯᠵᠢᠯᠡᠭᠦᠯᠬᠦ ᠪᠡᠷ ᠶᠠᠷᠢᠯᠴᠠᠪᠠ᠃

ᠶᠡᠷᠦᠩᠬᠡᠢᠢᠯᠡᠭᠴᠢ ᠤ᠊ ∙ ᠬᠦᠷᠡᠯᠰᠦ᠋ᠬᠡ ᠪᠦᠭᠦᠳᠡ ᠨᠠᠢᠢᠷᠠᠮᠳᠠᠬᠤ ᠰᠣᠯᠣᠩ᠋ᠭᠣᠰ ᠤᠯᠤᠰ ᠤᠨ ᠬᠥᠭ᠍ᠵᠢᠯ ᠦᠨ ᠠᠯᠪᠠᠨ ᠶᠣᠰᠣᠨ ᠤ ᠪᠤᠴᠠᠯᠲᠠ ᠦᠭᠡᠢ ᠲᠤᠰᠠᠯᠠᠮᠵᠢ᠂ ᠬᠥᠩᠭᠡᠯᠡᠯᠲᠡ ᠲᠡᠢ ᠵᠡᠭᠡᠯᠢ ᠮᠣᠩ᠋ᠭᠣᠯ ᠤᠯᠤᠰ ᠤᠨ ᠨᠡᠢᠢᠭᠡᠮ᠂ ᠡᠳ᠋ ᠍ ᠦᠨ ᠵᠠᠰᠠᠭ ᠤᠨ ᠬᠥᠭ᠍ᠵᠢᠯ ᠳᠥ ᠴᠢᠬᠤᠯᠠ ᠬᠤᠪᠢ ᠨᠡᠮᠡᠷᠢ ᠣᠷᠣᠭᠤᠯᠵᠤ ᠢᠷᠡᠭᠰᠡᠨ ᠢ ᠳᠤᠷᠠᠳᠴᠤ᠂ ᠤᠯᠠᠭᠠᠨᠪᠠᠭᠠᠲᠤᠷ ᠬᠣᠲᠠ ᠢᠢᠨ ᠠᠭᠠᠷ ᠤᠨ ᠪᠣᠬᠢᠷᠳᠠᠯ ᠢ ᠪᠠᠭᠤᠷᠠᠭᠤᠯᠬᠤ ᠵᠣᠷᠢᠯᠲᠠ ᠢᠢᠨ ᠬᠦᠷᠢᠶᠡᠨ ᠳᠥ ᠡᠬᠢᠯᠡᠭᠦᠯᠦᠭᠰᠡᠨ 《ᠰᠣᠯᠣᠩ᠋ᠭ᠎ᠠ 1᠂ 2 ᠬᠣᠷᠢᠶᠠᠯᠠᠯ》᠂ ᠪᠠᠶᠠᠩ᠋ᠭᠤᠤᠯ ᠤᠨ ᠠᠮᠠᠨ ᠳᠤ ᠲᠦᠷᠢᠶᠡᠰᠦ ᠢᠢᠨ ᠣᠷᠣᠨ ᠰᠠᠭᠤᠴᠠ ᠪᠠᠷᠢᠬᠤ ᠲᠥᠰᠥᠯ ᠦᠳ ᠪᠣᠯᠤᠨ 10 ᠠᠢᠢᠮᠠᠭ ᠤᠨ ᠲᠥᠪ ᠦᠨ ᠳᠤᠯᠠᠭᠠᠨ ᠤ ᠰᠲ᠋ᠠᠨ᠋ᠼ ᠪᠠᠢᠢᠭᠤᠯᠬᠤ ᠲᠥᠰᠥᠯ ᠦᠨ ᠬᠡᠷᠡᠭᠵᠢᠯᠲᠡ ᠳᠥ ᠦᠷᠭᠦᠯᠵᠢᠯᠡᠭᠦᠯᠦᠨ ᠠᠩ᠋ᠬᠠᠷᠴᠤ ᠠᠵᠢᠯᠯᠠᠬᠤ ᠪᠠᠷ ᠪᠣᠯᠪᠠ᠃

ᠲᠠᠯ᠎ᠠ ᠨᠤᠭᠤᠳ ᠪᠠᠢᠢᠭᠠᠯᠢ ᠣᠷᠴᠢᠨ᠂ ᠨᠣᠭᠣᠭᠠᠨ ᠬᠥᠭ᠍ᠵᠢᠯ᠂ ᠠᠶᠠᠯᠠᠯ ᠵᠢᠭᠤᠯᠴᠢᠯᠠᠯ᠂ ᠰᠤᠶᠤᠯ᠂ ᠤᠷᠠᠯᠢᠭ᠂ ᠰᠤᠶᠤᠯ ᠤᠨ ᠪᠦᠲᠦᠭᠡᠯᠴᠢ ᠦᠢᠯᠡᠳᠪᠦᠷᠢᠯᠡᠯ ᠵᠡᠷᠭᠡ ᠰᠠᠯᠪᠤᠷᠢ ᠢᠢᠨ ᠬᠠᠮᠲᠤ ᠢᠢᠨ ᠠᠵᠢᠯᠯᠠᠭ᠎ᠠ ᠢᠢ ᠪᠡᠬᠢᠵᠢᠭᠦᠯᠬᠦ ᠪᠡᠷ ᠲᠣᠭᠲᠠᠪᠠ᠃ ᠡᠨᠡ ᠬᠦᠷᠢᠶᠡᠨ ᠳᠥ ᠴᠥᠯᠵᠢᠯᠲᠡ ᠡᠴᠡ ᠰᠡᠷᠭᠡᠢᠢᠯᠡᠬᠦ᠂ ᠰᠢᠷ᠎ᠠ ᠰᠢᠷᠤᠢᠢᠨ ᠰᠢᠭᠤᠷᠭ᠎ᠠ ᠲᠠᠢ ᠲᠡᠮᠡᠴᠡᠬᠦ ᠳᠥ ᠮᠣᠩ᠋ᠭᠣᠯ ᠂ ᠰᠣᠯᠣᠩ᠋ᠭᠣᠰ  ᠤᠨ 《ᠨᠣᠭᠣᠭᠠᠨ ᠬᠡᠷᠡᠮ》 ᠲᠥᠰᠥᠯ ᠴᠢᠬᠤᠯᠠ ᠬᠤᠪᠢ ᠨᠡᠮᠡᠷᠢ ᠣᠷᠣᠭᠤᠯᠵᠤ ᠢᠷᠡᠭᠰᠡᠨ ᠢ ᠦᠨᠡᠯᠡᠵᠦ᠂ ᠭᠤᠷᠪᠠᠳᠤᠭᠠᠷ ᠱᠠᠲᠤᠨ ᠤ ᠲᠥᠰᠥᠯ ᠢ ᠬᠡᠷᠡᠭᠵᠢᠭᠦᠯᠬᠦ ᠪᠡᠷ ᠲᠣᠬᠢᠷᠠᠪᠠ᠃ ᠮᠥᠨ ᠲᠡᠳᠬᠦᠯᠭᠡᠳᠥ ᠬᠥᠲᠥᠯᠪᠦᠷᠢ ᠢᠢ ᠦᠷᠭᠦᠯᠵᠢᠯᠡᠭᠦᠯᠦᠨ ᠬᠡᠷᠡᠭᠵᠢᠭᠦᠯᠵᠦ᠂ ᠬᠡᠦᠬᠡᠳ᠂ ᠵᠠᠯᠠᠭᠤᠴᠤᠳ ᠤᠨ ᠰᠣᠯᠢᠯᠴᠠᠭ᠎ᠠ ᠢᠢ ᠳᠡᠮᠵᠢᠵᠦ᠂ ᠪᠡᠶ᠎ᠡ ᠢᠢᠨ ᠲᠠᠮᠢᠷ᠂ ᠰᠫᠣᠷᠲ᠂ ᠪᠣᠯᠪᠠᠰᠤᠷᠠᠯ᠂ ᠰᠢᠨᠵᠢᠯᠡᠬᠦ ᠤᠬᠠᠭᠠᠨ ᠲᠧᠭᠨᠣᠯᠣᠭᠢ᠂ ᠮᠡᠳᠡᠭᠡᠯᠡᠯ ᠦᠨ ᠲᠧᠭᠨᠣᠯᠣᠭᠢ᠂ ᠬᠦᠮᠦᠨ ᠦ ᠨᠥᠭᠡᠴᠡ ᠢᠢᠨ ᠬᠥᠭ᠍ᠵᠢᠯ ᠦᠨ ᠰᠠᠯᠪᠤᠷᠢ ᠢᠢᠨ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠵᠦ᠂ ᠪᠦᠭᠦᠳᠡ ᠨᠠᠢᠢᠷᠠᠮᠳᠠᠬᠤ ᠰᠣᠯᠣᠩ᠋ᠭᠣᠰ ᠤᠯᠤᠰ ᠳᠠᠬᠢ ᠮᠣᠩ᠋ᠭᠣᠯ ᠰᠤᠳᠤᠯᠤᠯ᠂ ᠮᠣᠩ᠋ᠭᠣᠯ ᠤᠯᠤᠰ ᠳᠠᠬᠢ ᠰᠣᠯᠣᠩ᠋ᠭᠣᠰ ᠰᠤᠳᠤᠯᠤᠯ ᠢ ᠬᠥᠭ᠍ᠵᠢᠭᠦᠯᠬᠦ ᠳᠥ ᠴᠢᠨᠠᠭᠰᠢᠳᠠ ᠴᠤ ᠨᠢᠭ᠌ᠲᠠ ᠬᠠᠮᠲᠤᠷᠠᠨ ᠠᠵᠢᠯᠯᠠᠬᠤ ᠪᠠᠷ ᠪᠣᠯᠪᠠ᠃

ᠬᠣᠶᠠᠷ ᠤᠯᠤᠰ ᠤᠨ ᠲᠥᠷᠥ ᠢᠢᠨ ᠲᠡᠷᠢᠭᠦᠨ ᠨᠠᠷ 《ᠺᠣᠸᠢᠳ᠋-19》 ᠴᠠᠷ᠎ ᠲᠠᠬᠤᠯ ᠤᠨ ᠨᠥᠬᠥᠴᠡᠯ ᠪᠠᠢᠢᠳᠠᠯ ᠳᠤ ᠴᠤ ᠬᠣᠶᠠᠷ ᠤᠯᠤᠰ ᠤᠨ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠲᠤᠭᠤᠰᠢᠲᠠᠢ ᠤᠷᠤᠭᠰᠢᠯᠠᠵᠤ ᠢᠷᠡᠭᠰᠡᠨ ᠢ ᠦᠨᠡᠯᠡᠵᠦ᠂ ᠴᠠᠷ᠎ ᠲᠠᠬᠤᠯ ᠤᠨ ᠬᠦᠨᠳᠦ ᠦᠶ᠎ᠡ ᠳᠥ ᠪᠦᠭᠦᠳᠡ ᠨᠠᠢᠢᠷᠠᠮᠳᠠᠬᠤ ᠰᠣᠯᠣᠩ᠋ᠭᠣᠰ ᠤᠯᠤᠰ ᠤᠨ ᠵᠠᠰᠠᠭ ᠤᠨ ᠭᠠᠵᠠᠷ ᠠᠴᠠ ᠮᠠᠨ ᠤ ᠤᠯᠤᠰ ᠲᠤ ᠪᠤᠴᠠᠯᠲᠠ ᠦᠭᠡᠢ ᠲᠤᠰᠠᠯᠠᠮᠵᠢ ᠦᠵᠡᠭᠦᠯᠵᠦ᠂ ᠴᠠᠷ᠎ ᠲᠠᠬᠤᠯ ᠤᠨ ᠤᠯᠠᠮ ᠠᠴᠠ ᠬᠢᠯᠢ ᠢᠢᠨ ᠴᠢᠨᠠᠳᠤ ᠠᠴᠠ ᠨᠤᠲᠤᠭ ᠪᠤᠴᠠᠬᠤ ᠬᠦᠰᠡᠯ ᠲᠡᠢ ᠢᠷᠭᠡᠳ ᠢ ᠲᠠᠲᠠᠨ ᠠᠪᠬᠤ ᠳᠤ ᠬᠠᠷᠢᠯᠴᠠᠨ ᠳᠡᠮᠵᠢᠯᠭᠡ ᠦᠵᠡᠭᠦᠯᠵᠦ ᠢᠷᠡᠭᠰᠡᠨ ᠳᠥ ᠲᠠᠯᠠᠷᠬᠠᠯ ᠢᠯᠡᠷᠬᠡᠢᠢᠯᠡᠪᠡ᠃ ᠮᠥᠨ ᠬᠣᠶᠠᠷ ᠤᠯᠤᠰ ᠤᠨ ᠠᠷᠠᠳ ᠲᠦᠮᠡᠨ ᠦ ᠨᠠᠢᠢᠷᠠᠮᠳᠠᠯ ᠢ ᠪᠡᠬᠢᠵᠢᠭᠦᠯᠵᠦ᠂ ᠬᠠᠷᠢᠯᠴᠠᠨ ᠣᠢᠢᠯᠠᠭᠠᠯᠴᠠᠯ ᠢ ᠤᠯᠠᠮ ᠭᠦᠨᠵᠡᠭᠡᠢᠢᠷᠡᠭᠦᠯᠬᠦ ᠢᠢᠨ ᠲᠤᠯᠠᠳᠠ ᠢᠷᠭᠡᠳ ᠦᠨ ᠰᠣᠯᠢᠯᠴᠠᠭ᠎ᠠ ᠢᠢ ᠥᠷᠭᠡᠵᠢᠭᠦᠯᠬᠦ ᠪᠡᠷ ᠲᠣᠭᠲᠠᠵᠤ᠂ ᠬᠣᠶᠠᠷ ᠤᠯᠤᠰ ᠲᠤ ᠣᠷᠣᠰᠢᠨ ᠰᠠᠭᠤᠭ᠎ᠠ ᠮᠣᠩ᠋ᠭᠣᠯ ᠂ ᠰᠣᠯᠣᠩ᠋ᠭᠣᠰ  ᠤᠨ ᠢᠷᠭᠡᠳ ᠦᠨ ᠡᠷᠬᠡ ᠠᠰᠢᠭ ᠢ ᠬᠠᠮᠠᠭᠠᠯᠠᠬᠤ᠂ ᠠᠵᠢᠯᠯᠠᠵᠤ᠂ ᠠᠮᠢᠳᠤᠷᠠᠬᠤ ᠲᠠᠭᠠᠲᠠᠢ ᠨᠥᠬᠥᠴᠡᠯ ᠢ ᠪᠦᠷᠢᠳᠦᠭᠦᠯᠬᠦ᠂ ᠴᠠᠷ᠎ ᠲᠠᠬᠤᠯ ᠤᠨ ᠦᠶ᠎ᠡ ᠳᠥ ᠪᠦᠬᠦᠢ ᠯᠠ ᠪᠣᠯᠤᠮᠵᠢᠲᠤ ᠳᠡᠮᠵᠢᠯᠭᠡ ᠢᠢ ᠦᠵᠡᠭᠦᠯᠬᠦ ᠴᠢᠭᠯᠡᠯ ᠳᠥ ᠦᠷᠭᠦᠯᠵᠢᠯᠡᠭᠦᠯᠦᠨ ᠬᠠᠮᠲᠤᠷᠠᠨ ᠠᠵᠢᠯᠯᠠᠬᠤ ᠪᠠᠷ ᠶᠠᠷᠢᠯᠴᠠᠪᠠ᠃

ᠲᠠᠯ᠎ᠠ ᠨᠤᠭᠤᠳ ᠣᠯᠠᠨ ᠤᠯᠤᠰ᠂ ᠪᠥᠰᠡ ᠨᠤᠲᠤᠭ ᠤᠨ ᠲᠠᠪᠴᠠᠩ ᠳᠤ ᠦᠷᠭᠦᠯᠵᠢᠯᠡᠭᠦᠯᠦᠨ ᠨᠢᠭ᠌ᠲᠠ ᠬᠠᠮᠲᠤᠷᠠᠨ ᠠᠵᠢᠯᠯᠠᠬᠤ ᠪᠠᠷ ᠶᠠᠷᠢᠯᠴᠠᠵᠤ᠂ ᠵᠡᠭᠦᠨ ᠬᠣᠢᠢᠳᠤ ᠠᠽᠢᠶ᠎ᠠ ᠢᠢᠨ ᠪᠥᠰᠡ ᠨᠤᠲᠤᠭ ᠤᠨ ᠡᠩᠬᠡ ᠲᠠᠢᠢᠪᠤᠩ᠂ ᠠᠶᠤᠯ ᠦᠭᠡᠢ ᠪᠠᠢᠢᠳᠠᠯ ᠢ ᠪᠠᠲᠤᠳᠬᠠᠨ ᠪᠡᠬᠢᠵᠢᠭᠦᠯᠬᠦ ᠳᠥ ᠰᠣᠯᠣᠩ᠋ᠭᠣᠰ  ᠤᠨ ᠬᠣᠢᠢᠭ ᠤᠨ ᠲᠣᠭᠲᠠᠪᠤᠷᠢᠲᠠᠢ ᠪᠠᠢᠢᠳᠠᠯ ᠢ ᠬᠠᠩ᠋ᠭᠠᠬᠤ ᠶᠠᠪᠤᠳᠠᠯ ᠨᠡᠩ ᠴᠢᠬᠤᠯᠠ ᠪᠣᠯᠬᠤ ᠢᠢ ᠣᠨᠴᠠᠯᠠᠨ ᠲᠡᠮᠳᠡᠭᠯᠡᠪᠡ᠃ ᠮᠣᠩ᠋ᠭᠣᠯ ᠤᠯᠤᠰ ᠤᠨ 《ᠵᠡᠭᠦᠨ ᠬᠣᠢᠢᠳᠤ ᠠᠽᠢᠶ᠎ᠠ ᠢᠢᠨ ᠠᠶᠤᠯ ᠦᠭᠡᠢ ᠪᠠᠢᠢᠳᠠᠯ ᠤᠨ ᠠᠰᠠᠭᠤᠳᠠᠯ ᠢᠢᠠᠷ ᠬᠢ ᠤᠯᠠᠭᠠᠨᠪᠠᠭᠠᠲᠤᠷ ᠤᠨ ᠶᠠᠷᠢᠶ᠎ᠠ ᠬᠡᠯᠡᠯᠴᠡᠭᠡ》 ᠰᠠᠨᠠᠭᠠᠴᠢᠯᠠᠭ᠎ᠠ ᠢᠢ ᠪᠦᠭᠦᠳᠡ ᠨᠠᠢᠢᠷᠠᠮᠳᠠᠬᠤ ᠰᠣᠯᠣᠩ᠋ᠭᠣᠰ ᠤᠯᠤᠰ ᠳᠡᠮᠵᠢᠵᠦ ᠪᠠᠢᠢᠭ᠎ᠠ ᠪᠠᠨ ᠳᠠᠬᠢᠨ ᠨᠣᠲᠠᠯᠠᠪᠠ᠃ ᠮᠣᠩ᠋ᠭᠣᠯ  ᠤᠨ ᠲᠠᠯ᠎ᠠ ᠪᠦᠭᠦᠳᠡ ᠨᠠᠢᠢᠷᠠᠮᠳᠠᠬᠤ ᠰᠣᠯᠣᠩ᠋ᠭᠣᠰ ᠤᠯᠤᠰ ᠤᠨ ᠳᠡᠪᠰᠢᠭᠦᠯᠦᠨ ᠬᠡᠷᠡᠭᠵᠢᠭᠦᠯᠵᠦ ᠪᠤᠢ 《ᠬᠠᠯᠳᠠᠪᠤᠷᠢᠲᠤ ᠡᠪᠡᠳᠴᠢᠨ ᠢ ᠬᠢᠨᠠᠬᠤ᠂ ᠡᠷᠡᠭᠦᠯ ᠮᠡᠨᠳᠦ ᠢᠢ ᠬᠠᠮᠠᠭᠠᠯᠠᠬᠤ ᠴᠢᠭᠯᠡᠯ ᠢᠢᠡᠷ ᠬᠢ ᠵᠡᠭᠦᠨ ᠬᠣᠢᠢᠳᠤ ᠠᠽᠢᠶ᠎ᠠ ᠢᠢᠨ ᠬᠠᠮᠲᠤ ᠢᠢᠨ ᠠᠵᠢᠯᠯᠠᠭᠠᠨ ᠤ ᠰᠠᠨᠠᠭᠠᠴᠢᠯᠠᠭ᠎ᠠ》 ᠍ ᠢ ᠳᠡᠮᠵᠢᠵᠦ᠂ ᠦᠷᠭᠦᠯᠵᠢᠯᠡᠭᠦᠯᠦᠨ ᠬᠠᠮᠲᠤᠷᠠᠨ ᠠᠵᠢᠯᠯᠠᠬᠤ ᠢᠢᠨ ᠲᠥᠯᠥᠭᠡ ᠪᠠᠢᠢᠭ᠎ᠠ ᠪᠠᠨ ᠮᠥᠨ ᠢᠯᠡᠷᠬᠡᠢᠢᠯᠡᠪᠡ᠃