Та "Internet explorer"-ийн сүүлийн хувилбар болох "Microsoft edge"-г ашиглана уу

Хэрэв "Microsoft edge"-г татах бол энд дарж татаж авна уу

ᠡᠯᠴᠢᠨ ᠰᠠᠢᠢᠳ ᠨᠠᠷ ᠲᠤ ᠢᠲᠡᠭᠡᠮᠵᠢᠯᠡᠬᠦ ᠵᠢᠭᠤᠬᠤ ᠪᠢᠴᠢᠭ ᠢ ᠨᠢ ᠭᠠᠷᠳᠠᠭᠤᠯᠪᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ ᠮᠣᠩ᠋ᠭᠣᠯ ᠤᠯᠤᠰ ᠠᠴᠠ ᠪᠦᠭᠦᠳᠡ ᠨᠠᠢᠢᠷᠠᠮᠳᠠᠬᠤ ᠪᠧᠯᠠᠷᠦ᠋ᠰ ᠤᠯᠤᠰ ᠲᠤ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠪᠠᠲᠤᠰᠦ᠋ᠬᠡ ᠢᠢᠨ ᠪᠠᠶᠠᠷᠰᠠᠢᠢᠬᠠᠨ᠂ ᠮᠣᠩ᠋ᠭᠣᠯ ᠤᠯᠤᠰ ᠠᠴᠠ ᠬᠣᠯᠪᠣᠭᠠᠨ ᠤ ᠪᠦᠭᠦᠳᠡ ᠨᠠᠢᠢᠷᠠᠮᠳᠠᠬᠤ ᠭᠧᠷᠮᠠᠨ ᠤᠯᠤᠰ ᠲᠤ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠪᠢᠷᠸᠠ ᠢᠢᠨ ᠮᠠᠨᠳᠤᠬᠤᠪᠢᠯᠢᠭ᠌᠂ ᠮᠣᠩ᠋ᠭᠣᠯ ᠤᠯᠤᠰ ᠠᠴᠠ ᠪᠦᠭᠦᠳᠡ ᠨᠠᠢᠢᠷᠠᠮᠳᠠᠬᠤ ᠺᠠᠽᠠᠭᠰᠲ᠋ᠠᠨ ᠤᠯᠤᠰ ᠲᠤ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠳᠣᠷᠵᠢ ᠢᠢᠨ ᠪᠠᠶᠠᠷᠬᠦ᠋ᠦ᠂ ᠮᠣᠩ᠋ᠭᠣᠯ ᠤᠯᠤᠰ ᠠᠴᠠ ᠪᠦᠭᠦᠳᠡ ᠨᠠᠢᠢᠷᠠᠮᠳᠠᠬᠤ ᠲᠦᠷᠺ ᠤᠯᠤᠰ ᠲᠤ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠭᠣᠮᠪᠣᠰᠦ᠋ᠷᠦᠩ ᠦᠨ ᠮᠥᠩᠬᠡᠪᠠᠶᠠᠷ ᠨᠠᠷ ᠲᠤ ᠢᠲᠡᠭᠡᠮᠵᠢᠯᠡᠬᠦ ᠵᠢᠭᠤᠬᠤ ᠪᠢᠴᠢᠭ᠌ ᠢ ᠨᠢ ᠭᠠᠷᠳᠠᠭᠤᠯᠵᠤ᠂ ᠠᠮᠵᠢᠯᠲᠠ ᠬᠦᠰᠡᠪᠡ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠡᠬᠡ ᠣᠷᠣᠨ ᠤ ᠪᠠᠨ ᠨᠡᠷ᠎ᠡ ᠢᠢ ᠥᠨᠳᠥᠷ ᠲᠥ ᠡᠷᠭᠦᠨ᠂ ᠦᠨᠳᠦᠰᠦᠨ ᠦ ᠢᠵᠠᠭᠤᠷ ᠡᠷᠬᠡ ᠠᠰᠢᠭ ᠢ ᠡᠷᠬᠢᠮᠯᠡᠨ ᠳᠡᠭᠡᠳᠦᠯᠡᠵᠦ᠂ ᠰᠠᠬᠢᠯᠭ᠎ᠠ ᠪᠠᠲᠤ᠂ ᠳᠢᠭ᠌ ᠵᠢᠷᠤᠮ ᠲᠠᠢ᠂ ᠨᠢᠭᠡ ᠴᠣᠩ᠋ᠬᠣ ᠪᠠᠷ ᠬᠠᠷᠠᠵᠤ ᠠᠵᠢᠯᠯᠠᠬᠤ ᠢᠢ ᠡᠯᠴᠢᠨ ᠰᠠᠢᠢᠳ ᠨᠠᠷ ᠲᠤ ᠵᠠᠬᠢᠯ᠎ᠠ᠃

ᠮᠣᠩ᠋ᠭᠣᠯ ᠢᠷᠭᠡᠳ ᠦᠨ ᠢᠶᠡᠨ ᠡᠷᠬᠡ ᠠᠰᠢᠭ ᠢ ᠬᠠᠮᠠᠭᠠᠯᠠᠬᠤ᠂ ᠢᠯᠠᠩ᠋ᠭᠤᠶ᠎ᠠ ᠭᠡᠮᠲᠦ ᠬᠡᠷᠡᠭ᠂ ᠵᠥᠷᠢᠴᠡᠯ ᠳᠥ ᠬᠣᠯᠪᠣᠭᠳᠠᠬᠤ ᠠᠴᠠ ᠤᠷᠢᠳᠴᠢᠯᠠᠨ ᠰᠡᠷᠭᠡᠢᠢᠯᠡᠬᠦ᠂ ᠮᠣᠩ᠋ᠭᠣᠯ ᠬᠡᠯᠡ᠂ ᠲᠡᠦᠬᠡ᠂ ᠰᠤᠶᠤᠯ᠂ ᠵᠠᠩ ᠵᠠᠩᠰᠢᠯ᠂ ᠤᠯᠠᠮᠵᠢᠯᠠᠯ ᠢᠶᠠᠨ ᠥᠪᠯᠡᠭᠦᠯᠬᠦ᠂ ᠲᠦᠭᠡᠭᠡᠨ ᠳᠡᠯᠭᠡᠷᠡᠭᠦᠯᠬᠦ᠂ ᠰᠠᠭᠤᠭ᠎ᠠ ᠣᠷᠣᠨ ᠪᠣᠯᠤᠨ ᠲᠤᠬᠠᠢ ᠢᠢᠨ ᠪᠥᠰᠡ ᠨᠤᠲᠤᠭ ᠤᠨ ᠬᠡᠮᠵᠢᠶᠡᠨ ᠳᠥ ᠡᠬᠡ ᠣᠷᠣᠨ ᠢᠶᠠᠨ ᠰᠤᠷᠲᠠᠯᠴᠢᠯᠠᠨ ᠲᠠᠨᠢᠭᠤᠯᠬᠤ᠂ ᠬᠥᠷᠥᠩᠭᠡ ᠣᠷᠣᠭᠤᠯᠤᠯᠲᠠ ᠲᠠᠲᠠᠬᠤ ᠳᠤ ᠣᠨᠴᠤᠭᠤᠢ ᠠᠩ᠋ᠬᠠᠷᠴᠤ ᠠᠵᠢᠯᠯᠠᠬᠤ ᠢᠢ ᠡᠭᠦᠷᠭᠡ ᠪᠣᠯᠭᠠᠪᠠ᠃