Та "Internet explorer"-ийн сүүлийн хувилбар болох "Microsoft edge"-г ашиглана уу

Хэрэв "Microsoft edge"-г татах бол энд дарж татаж авна уу

ᠮᠣᠩᠭᠣᠯ ᠤᠯᠤᠰ ᠤᠨ ᠶᠡᠷᠦᠩᠬᠡᠶᠢᠯᠡᠭᠴᠢ ᠬᠠ‍᠂ᠪᠠᠲᠤᠲᠤᠯᠭ᠎ᠠ ᠮᠣᠩᠭᠣᠯ ᠴᠡᠷᠢᠭ ᠦᠨ ᠡᠳᠦᠷ᠂ ᠵᠡᠪᠰᠡᠭᠲᠦ ᠬᠦᠴᠦᠨ ᠡᠭᠦᠰᠦᠨ ᠪᠠᠶᠢᠭᠤᠯᠤᠭᠳᠠᠰᠠᠨ ᠤ 97 ᠵᠢᠯ ᠦᠨ ᠣᠢ ᠶᠢᠨ ᠪᠠᠶᠠᠷ ᠤᠨ ᠮᠡᠨᠳᠦᠴᠢᠯᠡᠭᠡ ᠳᠡᠪᠰᠢᠭᠦᠯᠦᠯ᠎ᠡ

 

ᠮᠣᠩᠭ᠋ᠣᠯ  ᠤᠯᠤᠰ ᠤᠨ ᠶᠡᠷᠦᠩᠬᠡᠶᠢᠯᠡᠭᠴᠢ ᠶᠢᠨ ᠲᠠᠮᠠᠭ᠎ᠠ ᠶᠢᠨ ᠭᠠᠵᠠᠷ ᠤᠨ ᠳᠠᠷᠤᠭ᠎ᠠ ᠵᠠ‍᠂ᠡᠩᠬᠡᠪᠣᠯᠤᠳ ᠮᠣᠩᠭ᠋ᠣᠯ  ᠴᠡᠷᠢᠭ ᠦᠨ ᠡᠳᠦᠷ᠂ ᠵᠡᠪᠰᠡᠭᠲᠦ ᠬᠦᠴᠦᠨ ᠡᠭᠦᠰᠦᠨ ᠪᠠᠶᠢᠭᠤᠯᠤᠭᠳᠠᠰᠤᠨ ᠤ 97 ᠵᠢᠯ ᠦᠨ ᠣᠢ ᠶᠢᠨ ᠪᠠᠶᠠᠷ ᠤᠨ ᠬᠤᠷᠠᠯ ᠳᠤ ᠣᠷᠣᠯᠴᠠᠯ᠎ᠠ᠃

 

ᠲᠡᠷᠡᠪᠡᠷ ᠵᠡᠪᠰᠡᠭᠲᠦ ᠬᠦᠴᠦᠨ ᠦ ᠵᠠᠩᠵᠤᠨ ᠱᠲ᠋ᠠᠪ ᠤᠨ ᠪᠠᠶᠠᠷ ᠤᠨ ᠬᠤᠷᠠᠯ ᠳᠤ ᠤᠷᠤᠯᠴᠠᠬᠤ ᠦᠶ᠎ᠡ ᠪᠡᠷ ᠢᠶᠡᠨ ᠮᠣᠩᠭ᠋ᠣᠯ  ᠤᠯᠤᠰ ᠤᠨ ᠶᠡᠷᠦᠩᠬᠡᠶᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠺᠣᠮᠠᠨ᠋ᠳ᠋ᠯᠠᠭᠴᠢ ᠬᠠ‍᠂ᠪᠠᠲᠤᠲᠤᠯᠭ᠎ᠠ ᠶᠢᠨ ᠮᠣᠩᠭ᠋ᠣᠯ  ᠴᠡᠷᠢᠭ ᠦᠨ ᠡᠳᠦᠷ᠂ ᠪᠠᠶᠠᠷ ᠤᠨ ᠬᠤᠷᠠᠯ ᠳᠤ ᠵᠣᠷᠢᠭᠤᠯᠤᠭᠰᠠᠨ ᠮᠡᠨᠳᠦᠴᠢᠯᠡᠭᠡ ᠶᠢ ᠤᠩᠰᠢᠵᠤ ᠲᠠᠨᠢᠯᠴᠠᠭᠤᠯᠪᠠ᠃

 

ᠮᠡᠨᠳᠦᠴᠢᠯᠡᠭᠡ ᠳᠥ ᠄

ᠮᠣᠩᠭ᠋ᠣᠯᠴᠤᠳ ᠪᠢᠳᠡᠨ ᠦ ᠪᠠᠬᠠᠷᠬᠠᠯ᠂ ᠦᠯᠢᠭᠡᠷ ᠳᠠᠭᠤᠷᠢᠶᠠᠯ ᠪᠣᠯᠤᠭᠰᠠᠨ ᠪᠡᠯᠡᠳᠬᠡᠯ ᠪᠣᠯᠤᠨ ᠴᠢᠯᠦᠭᠡᠨ ᠳᠥ ᠪᠠᠶᠢᠭ᠎ᠠ ᠠᠬᠠᠮᠠᠳ ᠳᠠᠶᠢᠴᠢᠳ᠂ ᠤᠯᠤᠰ ᠡᠬᠡ ᠣᠷᠣᠨ ᠤ ᠪᠠᠨ ᠠᠶᠤᠯ ᠦᠭᠡᠢ ᠪᠠᠶᠢᠳᠠᠯ ᠢ ᠪᠠᠲᠤᠯᠠᠨ ᠬᠠᠮᠠᠭᠠᠯᠠᠬᠤ ᠠᠷᠢᠭᠤᠨ ᠲᠠᠩᠭ᠋ᠠᠷᠢᠭ ᠲᠤ ᠪᠠᠨ ᠦᠨᠡᠨᠴᠢ ᠪᠡᠷ ᠵᠢᠳᠬᠦᠵᠦ ᠪᠤᠢ ᠨᠡᠶᠢᠲᠡ ᠴᠡᠷᠢᠭ ᠦᠨ ᠠᠯᠪᠠ ᠬᠠᠭᠠᠭᠴᠢᠳ᠂ ᠡᠩᠬᠡ ᠶᠢ ᠰᠠᠬᠢᠭᠤᠯᠤᠭᠴᠢᠳ᠂ ᠲᠡᠳᠡᠨ ᠦ ᠭᠡᠷ ᠪᠦᠯᠢ ᠶᠢᠨ ᠬᠢᠨ ᠳᠥ 《ᠮᠣᠩᠭ᠋ᠣᠯ  ᠴᠡᠷᠢᠭ ᠦᠨ ᠡᠳᠦᠷ》᠂ ᠵᠡᠪᠰᠡᠭᠲᠦ ᠬᠦᠴᠦᠨ ᠦ 97 ᠵᠢᠯ ᠦᠨ ᠣᠢ ᠶᠢᠨ ᠪᠠᠶᠠᠷ ᠤᠨ ᠮᠡᠨᠳᠦᠴᠢᠯᠡᠭᠡ ᠶᠢ ᠳᠡᠪᠰᠢᠭᠦᠯᠵᠦ᠂ ᠠᠵᠠ ᠵᠢᠷᠭᠠᠯ᠂ ᠰᠠᠶᠢᠨ ᠰᠠᠶᠢᠬᠠᠨ ᠪᠦᠬᠦᠨ ᠢ ᠬᠦᠰᠡᠨ ᠢᠷᠦᠭᠡᠶ᠎ᠡ᠃

 

ᠮᠣᠩᠭ᠋ᠣᠯ  ᠴᠡᠷᠢᠭ ᠦᠨ ᠲᠡᠦᠬᠡᠨ ᠤᠯᠠᠮᠵᠢᠯᠠᠯ᠂ ᠳᠠᠶᠢᠴᠢᠨ ᠵᠠᠮᠨᠠᠯ ᠪᠣᠯᠤᠨ ᠠᠯᠪᠠ ᠪᠠᠨ ᠨᠡᠷ᠎ᠡ ᠲᠥᠷᠲᠡᠢ ᠪᠡᠷ ᠬᠠᠭᠠᠵᠤ᠂ ᠡᠬᠡ ᠣᠷᠣᠨ ᠠᠷᠠᠳ ᠲᠦᠮᠡᠨ ᠳᠥ ᠪᠡᠨ ᠡᠷᠭᠦᠭ᠍ᠰᠡᠨ ᠲᠠᠩᠭ᠋ᠠᠷᠢᠭ ᠲᠤ ᠪᠠᠨ ᠦᠨᠡᠨᠴᠢ ᠪᠡᠷ ᠵᠢᠳᠬᠦᠵᠦ ᠢᠷᠡᠭᠰᠡᠨ ᠣᠯᠠᠨ ᠮᠢᠩᠭ᠋ᠠᠨ ᠳᠠᠶᠢᠴᠢᠳ ᠢᠶᠠᠷ ᠢᠶᠠᠨ ᠪᠢ ᠡᠨᠡ ᠡᠳᠦᠷ ᠮᠠᠰᠢᠳᠠ ᠪᠠᠬᠠᠷᠬᠠᠵᠤ᠂ ᠬᠦᠨᠳᠦᠳᠬᠡᠨ ᠶᠤᠰᠤᠯᠠᠵᠤ ᠪᠠᠶᠢᠨ᠎ᠠ᠃ ᠮᠣᠩᠭ᠋ᠣᠯ  ᠤᠨ ᠴᠡᠷᠢᠭ ᠦᠨ ᠴᠢᠳᠠᠪᠤᠷᠢ᠂ ᠣᠷᠣᠯᠴᠠᠭ᠎ᠠ ᠶᠢ ᠡᠬᠡ ᠣᠷᠣᠨ ᠳᠤ ᠨᠢ ᠲᠡᠳᠦᠢ ᠦᠭᠡᠢ ᠥᠨᠥᠳᠥᠷ ᠣᠯᠠᠨ ᠤᠯᠤᠰ ᠲᠤ ᠴᠤ ᠦᠨᠡᠯᠡᠵᠦ᠂ ᠡᠩᠬᠡ ᠶᠢ ᠰᠠᠬᠢᠭᠤᠯᠬᠤ ᠦᠢᠯᠡᠰ ᠲᠥ ᠤᠷᠢᠵᠤ ᠣᠷᠤᠯᠴᠠᠭᠤᠯᠬᠤ ᠪᠣᠯᠤᠭᠰᠠᠨ᠃ ᠴᠡᠷᠢᠭ ᠦᠨ ᠠᠯᠪᠠ᠂ ᠴᠡᠷᠢᠭ ᠦᠨ ᠡᠭᠦᠷᠭᠡ ᠪᠣᠯ ᠢᠷᠭᠡᠳ ᠢᠶᠡᠨ ᠡᠬᠡ ᠣᠷᠣᠨᠴᠢ ᠦᠵᠡᠯ ᠢᠶᠡᠷ ᠴᠡᠨᠡᠭᠯᠡᠵᠦ᠂ ᠪᠡᠶ᠎ᠡ ᠪᠢᠯᠳᠠᠷ᠂ ᠰᠡᠳᠬᠢᠯ ᠰᠠᠨᠠᠭᠠᠨ ᠤ ᠴᠢᠩᠭ᠋ᠠᠷᠠᠯ᠂ ᠲᠡᠪᠴᠢᠶᠡᠷᠢ ᠬᠠᠲᠠᠭᠤᠵᠢᠯ ᠢ ᠰᠠᠭᠤᠯᠭᠠᠳᠠᠭ ᠡᠬᠡ ᠤᠨᠳᠤᠷᠭ᠎ᠠ᠂ ᠭᠣᠯᠣᠮᠲᠠ ᠨᠢ ᠪᠠᠶᠢᠵᠤ ᠢᠷᠡᠭᠰᠡᠨ᠃

 

ᠥᠨᠥᠳᠥᠷ ᠴᠤ ᠭᠡᠰᠡᠨ ᠡᠨᠡ ᠵᠣᠷᠢᠯᠭ᠎ᠠ ᠬᠡᠪ ᠢᠶᠡᠷ ᠪᠠᠶᠢᠭᠰᠠᠭᠠᠷ ᠪᠠᠶᠢᠭ᠎ᠠ ᠶᠢ ᠰᠠᠨᠠᠵᠤ ᠵᠠᠯᠠᠭᠤᠴᠤᠳ ᠢ ᠴᠡᠷᠢᠭ ᠦᠨ ᠠᠯᠪᠠ ᠵᠠᠪᠠᠯ ᠬᠠᠭᠠᠯᠭᠠᠬᠤ᠂ ᠴᠡᠷᠢᠭ ᠦᠨ ᠠᠯᠪᠠ ᠬᠠᠭᠠᠵᠤ ᠪᠠᠶᠢᠬᠤ ᠦᠶ᠎ᠠ ᠳᠡᠭᠡᠠ ᠡᠬᠡ ᠣᠷᠣᠨ ᠤ ᠪᠠᠨ ᠪᠦᠲᠦᠭᠡᠨ ᠪᠠᠶᠢᠭᠤᠯᠤᠯᠲᠠ ᠳᠤ ᠭᠠᠷ ᠪᠡᠶ᠎ᠡ ᠣᠷᠣᠯᠴᠠᠨ᠂ ᠮᠡᠷᠭᠡᠵᠢᠯ ᠦᠨ ᠴᠢᠳᠠᠪᠤᠷᠢ ᠳᠠᠳᠤᠯ ᠰᠠᠭᠤᠬᠤ᠂ ᠦᠷ᠎ᠡ ᠰᠢᠮ᠎ᠡ ᠶᠢ ᠨᠢ ᠬᠦᠷᠲᠡᠨ ᠬᠤᠷᠠᠮᠳᠤᠯᠠᠯ ᠲᠠᠢ ᠪᠣᠯᠬᠤ ᠪᠣᠯᠤᠮᠵᠢ ᠨᠥᠬᠥᠴᠡᠯ ᠢ ᠪᠤᠢ ᠪᠣᠯᠭᠠᠬᠤ᠂ ᠬᠠᠩᠭ᠋ᠠᠬᠤ ᠲᠠᠯ᠎ᠠ ᠳᠡᠭᠡᠷ᠎ᠡ ᠮᠢᠨᠦ ᠪᠡᠶ᠎ᠡ ᠣᠨᠴᠠᠭᠠᠢ ᠠᠩᠬᠠᠷᠴᠤ ᠲᠥᠰᠥᠯ ᠰᠠᠨᠠᠭᠠᠴᠢᠯᠠᠨ ᠬᠡᠷᠡᠭᠵᠢᠭᠦᠯᠵᠦ ᠪᠠᠶᠢᠨ᠎ᠠ᠃ 《ᠮᠣᠩᠭ᠋ᠣᠯ  ᠴᠡᠷᠢᠭ ᠪᠦᠲᠦᠭᠡᠨ ᠪᠠᠶᠢᠭᠤᠯᠤᠯᠲᠠ ᠳᠤ》 ᠲᠥᠰᠥᠯ ᠲᠤᠩ ᠤᠳᠠᠬᠤ ᠦᠭᠡᠢ ᠪᠣᠳᠠᠲᠤ ᠦᠢᠯᠡᠰ ᠪᠣᠯᠤᠨ ᠬᠡᠷᠡᠭᠵᠢᠬᠦ ᠪᠣᠯᠤᠨ᠎ᠠ᠃

 

ᠡᠬᠡ ᠣᠷᠣᠨᠴᠢ ᠦᠵᠡᠯ ᠦᠭᠡᠢ ᠪᠣᠯ ᠬᠡᠳᠦᠨ ᠰᠠᠶ᠎ᠠ ᠴᠡᠷᠢᠭ ᠪᠠᠶᠢᠭᠠᠳ ᠴᠤ᠂ ᠬᠠᠮᠤᠭ ᠤᠨ ᠬᠦᠴᠦᠷᠬᠡᠭ᠌ ᠵᠡᠪᠰᠡᠭ ᠲᠧᠭᠨᠢᠭ ᠲᠡᠢ ᠪᠠᠶᠢᠭᠠᠳ ᠴᠤ ᠨᠡᠮᠡᠷᠢ ᠦᠭᠡᠢ᠃ ᠡᠬᠡ ᠣᠷᠣᠨᠴᠢ ᠦᠵᠡᠯ ᠦᠭᠡᠢ ᠪᠣᠯ ᠤᠯᠤᠰ ᠤᠨ ᠬᠥᠭ᠍ᠵᠢᠯ ᠴᠡᠴᠡᠭᠯᠡᠯ ᠴᠤ ᠦᠭᠡᠢ᠃ ᠡᠬᠡ ᠣᠷᠣᠨᠴᠢ ᠦᠵᠡᠯ ᠦᠭᠡᠢ ᠪᠣᠯ ᠬᠡᠨ ᠦ ᠲᠥᠯᠥᠭᠡ᠂ ᠶᠠᠭᠤᠨ ᠤ ᠲᠥᠯᠥᠭᠡ ᠵᠢᠳᠬᠦᠬᠦ᠂ ᠲᠡᠮᠡᠴᠡᠬᠦ᠂ ᠬᠠᠮᠠᠭᠠᠯᠠᠬᠤ ᠪᠠᠨ ᠮᠡᠳᠡᠬᠦ ᠦᠭᠡᠢ ᠬᠦᠮᠦᠰ ᠦᠨ ᠴᠤᠭᠯᠠᠭᠤᠯᠭ᠎ᠠ ᠯᠠ ᠪᠣᠯᠤᠨ᠎ᠠ᠃

 

ᠮᠢᠨᠦ ᠭᠡᠬᠦ ᠭᠠᠵᠠᠷ ᠨᠤᠲᠤᠭ᠂ ᠮᠢᠨᠦ ᠭᠡᠬᠦ ᠠᠷᠠᠳ ᠲᠦᠮᠡᠨ ᠲᠡᠢ ᠪᠠᠶᠢᠵᠤ ᠲᠡᠳᠡᠨ ᠦ ᠪᠡᠨ ᠲᠥᠯᠥᠭᠡ ᠠᠮᠢ ᠪᠠᠨ ᠴᠤ ᠥᠭ᠍ᠬᠦ ᠡᠴᠡ ᠪᠤᠴᠠᠬᠤ ᠦᠭᠡᠢ ᠪᠠᠶᠢᠬᠤ ᠨᠢ ᠬᠦᠮᠦᠨ ᠬᠡᠮᠡᠭᠳᠡᠬᠦ ᠶᠢᠨ ᠤᠳᠬ᠎ᠠ ᠤᠴᠢᠷ᠂ ᠠᠮᠢᠨ ᠰᠦᠨᠡᠰᠦ ᠪᠠᠶᠢᠳᠠᠭ᠃ ᠲᠡᠶᠢᠮᠦ ᠤᠴᠢᠷ ᠠᠴᠠ ᠴᠡᠷᠢᠭ ᠦᠨ ᠠᠯᠪᠠ ᠬᠠᠭᠠᠵᠤ ᠡᠬᠡ ᠣᠷᠣᠨᠴᠢ ᠦᠵᠡᠯ᠂ ᠲᠡᠰᠪᠦᠷᠢ ᠬᠠᠲᠠᠭᠤᠵᠢᠯ ᠢᠶᠠᠷ ᠴᠡᠨᠡᠭᠯᠡᠭᠳᠡᠬᠦ ᠨᠢ ᠮᠣᠩᠭ᠋ᠣᠯ  ᠤᠯᠤᠰ ᠥᠨᠢᠳᠡ ᠣᠷᠣᠰᠢᠬᠤ ᠶᠢᠨ᠂ ᠳᠡᠪᠵᠢᠨ ᠳᠡᠭᠡᠭ᠍ᠰᠢᠯᠡᠬᠦ ᠶᠢᠨ᠂ ᠠᠮᠤᠭᠤᠯᠠᠩ ᠣᠷᠣᠰᠢᠬᠤ ᠶᠢᠨ ᠤᠭᠲᠤᠪᠤᠷᠢ ᠨᠥᠬᠥᠴᠡᠯ ᠪᠠᠶᠢᠬᠤ ᠶᠤᠮ᠃

 

ᠮᠣᠩᠭ᠋ᠣᠯ  ᠴᠡᠷᠢᠭ ᠦᠨ ᠡᠳᠦᠷ ᠴᠡᠷᠢᠭ ᠦᠨ ᠠᠯᠪᠠᠨ ᠬᠠᠭᠠᠭᠴᠢᠳ ᠤᠨ ᠢᠶᠠᠨ ᠠᠵᠢᠯᠯᠠᠬᠤ᠂ ᠠᠯᠪᠠ ᠬᠠᠭᠠᠬᠤ ᠣᠷᠴᠢᠨ᠂ ᠨᠡᠶᠢᠭᠡᠮ ᠤᠨ ᠬᠠᠮᠠᠭᠠᠯᠠᠯ ᠤᠨ ᠲᠠᠯ᠎ᠠ ᠪᠠᠷ ᠶᠠᠷᠢᠬᠤ ᠦᠭᠡᠢ ᠥᠩᠭᠡᠷᠡᠵᠦ ᠪᠣᠯᠤᠮ᠎ᠠ ᠦᠭᠡᠢ᠃ ᠲᠠ ᠪᠦᠬᠦᠨ ᠪᠣᠯ ᠲᠥᠷᠥ ᠶᠢᠨ ᠲᠤᠰᠬᠠᠢ ᠠᠯᠪᠠᠨ ᠬᠠᠭᠠᠭᠴᠢᠳ᠃ ᠮᠢᠨᠦ ᠪᠡᠶ᠎ᠡ ᠵᠡᠪᠰᠡᠭᠲᠦ ᠬᠦᠴᠦᠨ ᠦ ᠶᠡᠷᠦᠩᠬᠡᠢ ᠺᠣᠮᠠᠨ᠋ᠳ᠋ᠯᠠᠭᠴᠢ ᠶᠢᠨ ᠬᠤᠪᠢ ᠳᠤ ᠲᠥᠷᠥ ᠶᠢᠨ ᠲᠤᠰᠬᠠᠢ ᠠᠯᠪᠠᠨ ᠬᠠᠭᠠᠭᠴᠢᠳ ᠤᠨ ᠡᠷᠬᠡ ᠵᠦᠢ ᠶᠢᠨ ᠪᠠᠲᠤᠯᠠᠭ᠎ᠠ ᠶᠢ ᠬᠠᠩᠭ᠋ᠠᠬᠤ᠂ ᠠᠬᠤᠢ ᠣᠷᠴᠢᠨ᠂ ᠠᠮᠢᠳᠤᠷᠠᠯ ᠢ ᠰᠠᠶᠢᠵᠢᠷᠠᠭᠤᠯᠬᠤ ᠶᠢᠨ ᠲᠥᠯᠥᠭᠡ ᠰᠠᠨᠠᠭᠠᠴᠢᠯᠠᠭ᠎ᠠ ᠲᠠᠢ ᠠᠵᠢᠯᠯᠠᠵᠤ᠂ ᠪᠣᠳᠠᠲᠤ ᠦᠷ᠎ᠡ ᠳ᠋ᠦᠩ ᠳᠥ ᠬᠦᠷᠬᠦ ᠶᠢ ᠴᠢᠭᠯᠡᠯ ᠢᠶᠡᠨ ᠪᠣᠯᠭᠠᠨ ᠠᠵᠢᠯᠯᠠᠵᠤ ᠪᠠᠶᠢᠭ᠎ᠠ ᠪᠠᠨ ᠳᠠᠰᠢᠷᠠᠮ ᠳᠤ ᠳᠠᠭᠤᠯᠭᠠᠶ᠎ᠠ᠃

 

ᠮᠣᠩᠭ᠋ᠣᠯ  ᠤᠯᠤᠰ ᠤᠨ ᠪᠠᠲᠤᠯᠠᠨ ᠬᠠᠮᠠᠭᠠᠯᠠᠬᠤ ᠪᠣᠳᠣᠯᠭ᠎ᠠ ᠶᠢ ᠪᠣᠯᠪᠠᠰᠤᠷᠠᠩᠭ᠋ᠤᠢ ᠪᠣᠯᠭᠠᠬᠤ᠂ ᠴᠠᠭ ᠦᠶ᠎ᠡ ᠶᠢᠨ ᠱᠠᠭᠠᠷᠳᠠᠯᠭ᠎ᠠ ᠳᠤ ᠨᠡᠶᠢᠴᠡᠭᠦᠯᠦᠨ ᠰᠠᠶᠢᠵᠢᠷᠠᠭᠤᠯᠬᠤ ᠲᠠᠯ᠎ᠠ ᠳᠡᠭᠡᠷ᠎ᠡ ᠤᠯᠤᠰ ᠤᠨ ᠶᠡᠬᠡ ᠬᠤᠷᠠᠯ᠂ ᠵᠠᠰᠠᠭ ᠤᠨ ᠭᠠᠵᠠᠷ ᠲᠠᠢ ᠨᠢᠭ᠌ᠲᠠ ᠬᠠᠮᠲᠤᠷᠠᠨ ᠠᠵᠢᠯᠯᠠᠵᠤ᠂ ᠵᠡᠪᠰᠡᠭᠲᠦ ᠬᠦᠴᠦᠨ ᠦ ᠪᠡᠶ᠎ᠡ ᠪᠦᠷᠢᠯᠳᠦᠬᠦᠨ ᠦ ᠤᠷ᠎ᠠ ᠴᠢᠳᠠᠪᠤᠷᠢ ᠶᠢ ᠳᠡᠭᠡᠭ᠍ᠰᠢᠯᠡᠭᠦᠯᠬᠦ᠂ ᠮᠡᠷᠭᠡᠵᠢᠯ ᠦᠨ ᠥᠨᠳᠥᠷ ᠪᠡᠯᠡᠳᠬᠡᠯ ᠲᠡᠢ᠂ ᠰᠢᠨᠵᠢᠯᠡᠬᠦ ᠤᠬᠠᠭᠠᠨ᠂ ᠲᠧᠭᠨᠣᠯᠣᠭᠢ ᠶᠢᠨ ᠳᠡᠪᠰᠢᠯ᠂ ᠢᠨ᠋᠊ᠨᠣᠸᠠᠼ ᠢ ᠵᠡᠪᠰᠡᠭᠯᠡᠯ᠂ ᠦᠢᠯᠡ ᠠᠵᠢᠯᠯᠠᠭᠠᠨ ᠳᠤ ᠪᠠᠨ ᠨᠡᠪᠲᠡᠷᠡᠭᠦᠯᠦᠭᠰᠡᠨ ᠴᠢᠳᠠᠪᠤᠷᠢᠯᠢᠭ᠋ ᠬᠦᠴᠦᠨ ᠪᠣᠯᠭᠠᠬᠤ ᠶᠢ ᠴᠡᠷᠢᠭ ᠦᠨ ᠪᠣᠳᠣᠯᠭ᠎ᠠ ᠶᠢᠨ ᠲᠡᠷᠢᠭᠦᠨ ᠵᠣᠷᠢᠯᠲᠠ ᠭᠡᠵᠦ ᠦᠵᠡᠵᠦ ᠪᠠᠶᠢᠨ᠎ᠠ᠃

 

ᠣᠯᠠᠨ ᠤᠯᠤᠰ ᠤᠨ ᠬᠠᠷᠢᠯᠴᠠᠭᠠᠨ ᠳᠤ ᠡᠷᠡᠰ ᠥᠭᠡᠷᠡᠴᠢᠯᠡᠯᠲᠡ ᠨᠦᠭᠦᠳ ᠭᠠᠷᠴᠤ᠂ ᠣᠯᠠᠨ ᠲᠥᠪ ᠲᠡᠢ᠂ ᠠᠰᠢᠭ ᠰᠣᠨᠢᠷᠬᠠᠯ ᠤᠨ ᠭᠦᠨᠵᠡᠭᠡᠢ ᠵᠥᠷᠢᠴᠡᠯ ᠲᠡᠢ ᠪᠣᠯᠵᠤ ᠪᠠᠶᠢᠭ᠎ᠠ ᠨᠢ ᠳᠡᠯᠡᠬᠡᠢ ᠶᠢᠨ ᠡᠩᠬᠡ ᠲᠠᠶᠢᠪᠤᠩ᠂ ᠤᠯᠤᠰ ᠣᠷᠣᠨ ᠨᠤᠭᠤᠳ ᠤᠨ ᠠᠶᠤᠯ ᠦᠭᠡᠢ ᠪᠠᠶᠢᠳᠠᠯ ᠢ ᠬᠡᠪᠡᠷᠡᠭᠰᠢᠭᠦᠯᠵᠦ ᠪᠤᠢ ᠪᠣᠳᠠᠲᠤ ᠨᠥᠬᠥᠴᠡᠯ᠂ ᠴᠢᠭ ᠬᠠᠨᠳᠤᠯᠭ᠎ᠠ ᠶᠢ ᠪᠢᠳᠡ ᠠᠩᠵᠠᠭᠠᠷᠠᠬᠤ ᠦᠭᠡᠢ ᠦᠯᠡᠳᠡᠵᠦ ᠪᠣᠯᠬᠤ ᠦᠭᠡᠢ᠃ ᠮᠣᠩᠭ᠋ᠣᠯ  ᠤᠯᠤᠰ ᠠᠶᠤᠯ ᠦᠭᠡᠢ ᠪᠠᠶᠢᠳᠠᠯ ᠢᠶᠠᠨ ᠤᠯᠤᠰ ᠲᠥᠷᠥ ᠳ᠋ᠢᠫᠯᠣᠮᠠᠲ ᠤᠨ ᠠᠷᠭ᠎ᠠ ᠪᠠᠷ ᠬᠠᠩᠭ᠋ᠠᠬᠤ ᠵᠠᠷᠴᠢᠮ ᠢ ᠡᠩ ᠲᠡᠷᠢᠭᠦᠨ ᠳᠥ ᠪᠠᠷᠢᠮᠲᠠᠯᠠᠬᠤ ᠪᠠᠨ ᠦᠨᠳᠦᠰᠦᠨ ᠦ ᠠᠶᠤᠯ ᠦᠭᠡᠢ ᠪᠠᠶᠢᠳᠠᠯ ᠤᠨ ᠪᠣᠯᠤᠨ ᠭᠠᠳᠠᠭᠠᠳᠤ ᠪᠣᠳᠣᠯᠭ᠎ᠠ ᠳᠤ ᠪᠠᠨ ᠲᠤᠩᠬᠠᠭᠯᠠᠨ ᠵᠠᠷᠯᠠᠭᠰᠠᠨ᠃ ᠭᠡᠬᠦ ᠳᠥ ᠪᠡᠨ ᠡᠨᠡ ᠨᠢ ᠪᠠᠲᠤᠯᠠᠨ ᠬᠠᠮᠠᠭᠠᠯᠠᠬᠤ ᠵᠠᠷᠤᠳᠠᠯ ᠢᠶᠠᠨ ᠪᠣᠯᠤᠮᠵᠢᠲᠤ ᠬᠡᠮᠵᠢᠶ᠎ᠡ ᠪᠡᠷ ᠨᠡᠮᠡᠭᠳᠡᠭᠦᠯᠵᠦ᠂ ᠣᠷᠴᠢᠨ ᠴᠠᠭ ᠤᠨ ᠵᠡᠪᠰᠡᠭᠯᠡᠯ᠂ ᠲᠧᠭᠨᠣᠯᠣᠭᠢ ᠠᠷᠭ᠎ᠠ ᠵᠦᠢ ᠪᠦᠬᠦᠢ ᠴᠢᠳᠠᠪᠤᠷᠢᠯᠢᠭ ᠵᠡᠪᠰᠡᠭᠲᠦ ᠬᠦᠴᠦᠨ ᠲᠡᠢ ᠪᠠᠶᠢᠬᠤ ᠠᠰᠠᠭᠤᠳᠠᠯ ᠳᠤ ᠬᠠᠷᠰᠢᠯᠠᠬᠤ ᠦᠭᠡᠢ ᠶᠤᠮ᠃

 

ᠪᠠᠲᠤᠯᠠᠨ ᠬᠠᠮᠠᠭᠠᠯᠠᠬᠤ ᠰᠠᠯᠪᠤᠷᠢ ᠶᠢ ᠬᠥᠭ᠍ᠵᠢᠭᠦᠯᠬᠦ᠂ ᠭᠠᠳᠠᠭᠠᠳᠤ ᠤᠯᠤᠰ ᠣᠷᠣᠨ ᠨᠤᠭᠤᠳ ᠲᠠᠢ ᠴᠡᠷᠢᠭ ᠦᠨ ᠢᠲᠡᠭᠡᠯᠴᠡᠯ᠂ ᠬᠠᠮᠲᠤ ᠶᠢᠨ ᠠᠵᠢᠯᠯᠠᠭ᠎ᠠ ᠶᠢ ᠬᠥᠭᠵᠢᠭᠦᠯᠬᠦ ᠳᠦ ᠴᠢᠭᠯᠡᠭᠰᠡᠨ ᠠᠯᠢᠪᠠ ᠰᠠᠨᠠᠭᠠᠴᠢᠯᠠᠭ᠎ᠠ᠂ ᠦᠢᠯᠡ ᠠᠵᠢᠯᠯᠠᠭ᠎ᠠ ᠶᠢ ᠪᠦᠬᠦ ᠲᠠᠯ᠎ᠠ ᠪᠠᠷ ᠳᠡᠮᠵᠢᠨ᠂ ᠴᠡᠷᠢᠭ ᠦᠨ ᠪᠣᠯᠤᠨ ᠴᠡᠷᠢᠭ ᠲᠧᠭᠨᠢᠭ ᠦᠨ ᠬᠠᠮᠲᠤ ᠶᠢᠨ ᠠᠵᠢᠯᠯᠠᠭ᠎ᠠ ᠶᠢ ᠥᠷᠭᠡᠵᠢᠭᠦᠯᠵᠦ᠂ ᠡᠩᠬᠡ ᠶᠢ ᠰᠠᠬᠢᠭᠤᠯᠬᠤ ᠠᠵᠢᠯᠯᠠᠭᠠᠨ ᠤ ᠣᠷᠣᠯᠴᠠᠭ᠎ᠠ ᠶᠢ ᠪᠠᠨ ᠬᠠᠳᠠᠭᠠᠯᠠᠬᠤ ᠨᠢ ᠮᠣᠩᠭ᠋ᠣᠯ  ᠲᠥᠷᠥ ᠶᠢᠨ ᠴᠡᠷᠢᠭ ᠦᠨ ᠪᠣᠳᠣᠯᠭ᠎ᠠ ᠶᠢᠨ ᠵᠣᠷᠢᠯᠲᠠ ᠪᠠᠶᠢᠬᠤ ᠪᠣᠯᠤᠨ᠎ᠠ᠃

 

ᠡᠷᠬᠢᠮ ᠭᠧᠨᠧᠷᠠᠯ᠂ ᠣᠹᠢᠼᠧᠷ ᠤᠳ᠂ ᠴᠡᠷᠢᠭ ᠳᠠᠶᠢᠴᠢᠳ ᠠ!

 

ᠲᠠ ᠪᠦᠬᠦᠨ ᠳᠥ ᠮᠣᠩᠭ᠋ᠣᠯ  ᠴᠡᠷᠢᠭ ᠦᠨ ᠡᠳᠦᠷ ᠦᠨ ᠮᠡᠨᠳᠦ ᠶᠢ ᠳᠠᠬᠢᠨ ᠳᠡᠪᠰᠢᠭᠦᠯᠦᠶ᠎ᠡ᠃

 

ᠡᠬᠡ ᠣᠷᠣᠨ᠂ ᠠᠷᠠᠳ ᠲᠦᠮᠡᠨ ᠳᠥ ᠪᠡᠨ ᠡᠷᠭᠦᠭ᠍ᠰᠡᠨ ᠲᠠᠩᠭ᠋ᠠᠷᠢᠭ᠂ ᠥᠭ᠍ᠭᠦᠭ᠍ᠰᠡᠨ ᠰᠡᠳᠬᠢᠯ ᠢᠶᠡᠨ ᠦᠷᠭᠦᠯᠵᠢ ᠰᠠᠨᠠᠵᠤ᠂ ᠬᠠᠶᠢᠷᠠᠯᠠᠵᠤ ᠶᠠᠪᠤᠭᠠᠷᠠᠢ᠃

 

ᠮᠣᠩᠭ᠋ᠣᠯ  ᠤᠯᠤᠰ ᠤᠨ ᠲᠥᠯᠥᠭᠡ ᠬᠠᠮᠲᠤ ᠳᠤ ᠪᠠᠨ ᠵᠢᠳᠬᠦᠶ᠎ᠡ᠃ ᠮᠥᠩᠬᠡ ᠲᠩᠷᠢ ᠪᠢᠳᠡᠨ ᠢ ᠢᠪᠡᠭᠡᠭ᠌》 ᠭᠡᠵᠡᠢ᠃