Та "Internet explorer"-ийн сүүлийн хувилбар болох "Microsoft edge"-г ашиглана уу

Хэрэв "Microsoft edge"-г татах бол энд дарж татаж авна уу

ᠰᠢᠭᠦᠬᠦ ᠡᠷᠬᠡ ᠮᠡᠳᠡᠯ᠂ ᠬᠠᠤᠯᠢ ᠰᠠᠬᠢᠭᠤᠯᠬᠤ ᠠᠯᠪᠠ ᠬᠠᠭᠠᠭᠴᠢᠳ ᠤᠨ ᠦᠨᠳᠦᠰᠦᠨ ᠦ ᠴᠢᠭᠤᠯᠭᠠᠨ ᠪᠣᠯᠵᠤ ᠪᠠᠶᠢᠨ᠎ᠠ

ᠮᠣᠩ᠋ᠭᠣᠯ ᠤᠯᠤᠰ ᠤᠨ ᠶᠡᠷᠦᠩᠬᠡᠶᠢᠯᠡᠭᠴᠢ ᠶᠢᠨ ᠢᠪᠡᠭᠡᠯ ᠳᠣᠣᠷ᠎ᠠ 《ᠰᠢᠭᠦᠬᠦ ᠡᠷᠬᠡ ᠮᠡᠳᠡᠯ᠂ ᠬᠠᠤᠯᠢ ᠰᠠᠬᠢᠭᠤᠯᠬᠤ ᠪᠠᠶᠢᠭᠤᠯᠤᠯᠭ᠎ᠠ ᠶᠢᠨ ᠠᠯᠪᠠ ᠬᠠᠭᠠᠭᠴᠢᠳ ᠤᠨ ᠦᠨᠳᠦᠰᠦᠨ ᠦ ᠴᠢᠭᠤᠯᠭᠠᠨ》 ᠲᠥᠷᠥ ᠶᠢᠨ ᠣᠷᠳᠣᠨ ᠳᠤ ᠡᠬᠢᠯᠡᠯ᠎ᠡ᠃

ᠴᠢᠭᠤᠯᠭᠠᠨ ᠢᠶᠠᠷ ᠳᠡᠭᠡᠷᠡᠬᠢ ᠪᠠᠶᠢᠭᠤᠯᠤᠯᠭ᠎ᠠ ᠨᠤᠭᠤᠳ ᠤᠨ ᠪᠡᠶ᠎ᠡ ᠳᠠᠭᠠᠭᠭᠠᠰᠠᠨ᠂ ᠬᠠᠷᠠᠭᠠᠲᠤ ᠪᠤᠰᠤ ᠪᠠᠶᠢᠳᠠᠯ ᠳᠤ ᠲᠤᠯᠭᠠᠮᠳᠠᠵᠤ ᠪᠤᠢ ᠪᠡᠷᠬᠡᠰᠢᠶᠡᠯ᠂ ᠠᠰᠠᠭᠤᠳᠠᠯ ᠢ ᠬᠡᠯᠡᠯᠴᠡᠨ᠂ ᠰᠢᠭᠦᠬᠦ ᠳᠦ ᠢᠲᠡᠭᠡᠬᠦ ᠢᠷᠭᠡᠳ ᠦᠨ ᠢᠲᠡᠭᠡᠯ ᠢ ᠰᠡᠷᠭᠦᠭᠡᠬᠦ ᠶᠢᠨ ᠲᠥᠯᠥᠭᠡ ᠰᠢᠳᠤᠷᠭᠤ᠂ ᠬᠠᠷᠠᠭᠠᠲᠤ ᠪᠤᠰᠤ ᠰᠢᠭᠦᠬᠦ᠂ ᠫᠷᠣᠺᠦ᠋ᠷᠣᠷ ᠤᠨ ᠰᠢᠨᠡᠴᠢᠯᠡᠯ ᠢ ᠬᠡᠷᠡᠭᠵᠢᠭᠦᠯᠬᠦ ᠰᠢᠢᠳᠦᠯ᠂ ᠠᠷᠭ᠎ᠠ ᠬᠡᠮᠵᠢᠶ᠎ᠡ ᠶᠢ ᠲᠣᠳᠣᠷᠬᠠᠶᠢᠯᠠᠬᠤ ᠶᠤᠮ᠃

ᠤᠯᠤᠰ ᠤᠨ ᠳᠡᠭᠡᠳᠦ ᠰᠢᠭᠦᠬᠦ ᠶᠢᠨ ᠶᠡᠷᠦᠩᠬᠡᠢ ᠰᠢᠭᠦᠭ᠍ᠴᠢ ᠲ ∙ ᠭᠠᠩᠵᠣᠷᠢᠭ- 《ᠰᠢᠭᠦᠬᠦ ᠶᠢᠨ ᠰᠢᠨᠡᠴᠢᠯᠡᠯ᠂ ᠪᠡᠶ᠎ᠡ ᠳᠠᠭᠠᠭᠭᠠᠰᠠᠨ ᠪᠠᠶᠢᠳᠠᠯ᠂ ᠴᠢᠭ᠌ ᠡᠭᠦᠷᠭᠡ᠂ ᠬᠠᠷᠢᠭᠤᠴᠠᠯᠭ᠎ᠠ》
ᠤᠯᠤᠰ ᠤᠨ ᠶᠡᠷᠦᠩᠬᠡᠢ ᠫᠷᠣᠺᠤᠶᠢᠷᠣᠷ ᠤᠨ ᠣᠷᠣᠯᠠᠭᠴᠢ ᠮ ∙ ᠴᠢᠩᠪᠠᠲᠤ᠄ 《ᠡᠷᠡᠭᠦᠦ ᠶᠢᠨ ᠪᠣᠯᠤᠨ ᠵᠥᠷᠢᠴᠡᠯ ᠦᠨ ᠬᠠᠤᠯᠢ ᠲᠣᠭᠲᠠᠭᠠᠮᠵᠢ ᠶᠢᠨ ᠬᠡᠷᠡᠭᠵᠢᠯᠲᠡ᠂ ᠠᠩ᠋ᠬᠠᠷᠬᠤ ᠠᠰᠠᠭᠤᠳᠠᠯ》
ᠰᠢᠭᠦᠬᠦ ᠶᠢᠨ ᠶᠡᠷᠦᠩᠬᠡᠢ ᠵᠥᠪᠯᠡᠯ ᠦᠨ ᠳᠠᠷᠤᠭ᠎ᠠ ᠡ᠊ ∙ ᠪᠠᠲᠤᠪᠠᠶᠠᠷ᠄ 《ᠰᠢᠭᠦᠬᠦ ᠶᠢᠨ ᠵᠠᠬᠢᠷᠭᠠᠨ ᠤ ᠰᠢᠨᠡᠳᠬᠡᠯ᠂ ᠲᠤᠯᠭᠠᠮᠳᠠᠵᠤ ᠪᠤᠢ ᠠᠰᠠᠭᠤᠳᠠᠯ᠂ ᠰᠢᠢᠳᠪᠦᠷᠢᠯᠡᠬᠦ ᠠᠷᠭ᠎ᠠ ᠵᠠᠮ》
ᠠᠪᠯᠢᠭ᠎ᠠ ᠲᠠᠢ ᠲᠡᠮᠡᠴᠡᠬᠦ ᠭᠠᠵᠠᠷ ᠤᠨ ᠳᠠᠷᠤᠭ᠎ᠠ ᠵ ∙ ᠳᠠᠰᠢᠳᠠᠸᠠ 《ᠰᠢᠳᠤᠷᠭᠤ ᠶᠣᠰᠣ ᠬᠠᠮᠲᠤ ᠶᠢᠨ ᠠᠵᠢᠯᠯᠠᠭ᠎ᠠ》
ᠴᠠᠭᠳᠠᠭ᠎ᠠ ᠶᠢᠨ ᠶᠡᠷᠦᠩᠬᠡᠢ ᠭᠠᠵᠠᠷ ᠤᠨ ᠳᠠᠷᠤᠭ᠎ᠠ ᠵ ∙ ᠪᠣᠯᠣᠳ᠄ ᠴᠠᠭᠳᠠᠭ᠎ᠠ ᠶᠢᠨ ᠪᠠᠶᠢᠭᠤᠯᠤᠯᠭ᠎ᠠ ᠶᠢᠨ ᠦᠢᠯᠡ ᠠᠵᠢᠯᠯᠠᠭᠠᠨ ᠳᠤ ᠲᠤᠯᠭᠠᠮᠳᠠᠵᠤ ᠪᠤᠢ ᠵᠠᠷᠢᠮ ᠠᠰᠠᠭᠤᠳᠠᠯ᠂ ᠰᠢᠢᠳᠪᠦᠷᠢᠯᠡᠬᠦ ᠠᠷᠭ᠎ᠠ ᠵᠠᠮ》
ᠰᠢᠭᠦᠬᠦ ᠶᠢᠨ ᠰᠢᠢᠳᠪᠦᠷᠢ ᠭᠦᠢᠴᠡᠳᠭᠡᠬᠦ ᠶᠡᠷᠦᠩᠬᠡᠢ ᠭᠠᠵᠠᠷ ᠤᠨ ᠳᠠᠷᠤᠭ᠎ᠠ ᠲ ∙ ᠵᠠᠭᠳᠠᠵᠠᠪ᠄ ᠰᠢᠭᠦᠬᠦ ᠶᠢᠨ ᠰᠢᠢᠳᠪᠦᠷᠢ ᠭᠦᠢᠴᠡᠳᠭᠡᠬᠦ ᠠᠵᠢᠯᠯᠠᠭᠠᠨ ᠤ ᠬᠡᠷᠡᠭᠵᠢᠯᠲᠡ》
ᠲᠠᠩᠨᠠᠭᠤᠯ ᠤᠨ ᠶᠡᠷᠦᠩᠬᠡᠢ ᠭᠠᠵᠠᠷ ᠤᠨ ᠲᠡᠷᠢᠭᠦᠨ ᠳᠡᠳ᠋ ᠳᠠᠷᠤᠭ᠎ᠠ ᠠ᠊ ∙ ᠪᠠᠲᠤ-ᠡᠷᠳᠡᠨᠢ ᠄ 《ᠲᠥᠷᠥ ᠶᠢᠨ ᠪᠣᠯᠤᠨ ᠠᠯᠪᠠᠨ ᠤ ᠨᠢᠭᠤᠴᠠ ᠶᠢᠨ ᠲᠤᠬᠠᠢ ᠬᠠᠤᠯᠢ ᠶᠢ ᠬᠡᠷᠡᠭᠵᠢᠭᠦᠯᠬᠦ ᠳᠥ ᠲᠤᠯᠭᠠᠷᠠᠵᠤ ᠪᠤᠢ ᠠᠰᠠᠭᠤᠳᠠᠯ᠂ ᠬᠡᠷᠡᠭᠵᠢᠭᠦᠯᠬᠦ ᠠᠷᠭ᠎ᠠ ᠵᠠᠮ》
ᠬᠦᠮᠦᠨ ᠦ ᠡᠷᠬᠡ ᠶᠢᠨ ᠦᠨᠳᠦᠰᠦᠨ ᠦ ᠺᠣᠮᠢᠰ ᠤᠨ ᠳᠠᠷᠤᠭ᠎ᠠ ᠶᠢᠨ ᠡᠭᠦᠷᠭᠡ ᠶᠢ ᠲᠦᠷ ᠣᠷᠣᠯᠠᠨ ᠭᠦᠢᠴᠡᠳᠬᠡᠭ᠍ᠴᠢ᠂ ᠭᠡᠰᠢᠭᠦᠨ ᠵ ∙ ᠬᠤᠨᠠᠨ᠄ 《ᠰᠢᠳᠤᠷᠭᠤ ᠰᠢᠭᠦᠬᠦ ᠪᠡᠷ ᠰᠢᠭᠦᠯᠭᠡᠬᠦ ᠡᠷᠬᠡ᠂ ᠴᠠᠬᠢᠮ ᠰᠢᠯᠵᠢᠯᠲᠡ᠂ ᠤᠬᠠᠭᠠᠯᠢᠭ ᠰᠢᠭᠦᠬᠦ》
ᠠᠺᠠᠳᠧᠮᠢᠴᠢ᠂ ᠮᠣᠩ᠋ᠭᠣᠯ ᠤᠯᠤᠰ ᠤᠨ ᠶᠡᠬᠡ ᠰᠤᠷᠭᠠᠭᠤᠯᠢ ᠦᠨ ᠡᠮᠧᠷᠢᠲ ᠫᠷᠣᠹᠧᠰᠰᠣᠷ ᠰ ∙ ᠨᠠᠷᠠᠨᠭᠡᠷᠡᠯ᠄ 《ᠮᠣᠩ᠋ᠭᠣᠯ ᠤᠯᠤᠰ ᠳᠠᠬᠢ ᠬᠠᠤᠯᠢ ᠵᠦᠢ ᠶᠢᠨ ᠪᠣᠯᠪᠠᠰᠤᠷᠠᠯ ᠪᠠᠰᠠ ᠶᠣᠰᠣ ᠵᠦᠢ ᠶᠢᠨ ᠲᠤᠯᠭᠠᠮᠳᠠᠭᠰᠠᠨ ᠠᠰᠠᠭᠤᠳᠠᠯ》 ᠰᠡᠳᠦᠪ ᠢᠶᠡᠷ ᠢᠯᠡᠳᠬᠡᠯ ᠲᠠᠯᠪᠢᠨ᠎ᠠ᠃

ᠮᠥᠨ 《ᠰᠢᠭᠦᠬᠦ ᠡᠷᠬᠡ ᠮᠡᠳᠡᠯ ᠦᠨ ᠬᠠᠷᠠᠭᠠᠲᠤ ᠪᠤᠰᠤ᠂ ᠪᠡᠶ᠎ᠡ ᠳᠠᠭᠠᠭᠭᠠᠰᠠᠨ ᠪᠠᠶᠢᠳᠠᠯ ᠪᠠ ᠬᠠᠤᠯᠢ ᠶᠢᠨ ᠵᠠᠰᠠᠭᠯᠠᠯ》᠂ 《ᠬᠡᠷᠡᠭ ᠪᠦᠷᠢᠳᠬᠡᠬᠦ᠂ ᠮᠥᠷᠳᠡᠨ ᠪᠠᠶᠢᠴᠠᠭᠠᠬᠤ᠂ ᠶᠠᠯ᠎ᠠ ᠡᠳ᠋ᠯᠡᠭᠦᠯᠬᠦ ᠠᠵᠢᠯᠯᠠᠭ᠎ᠠ ᠪᠠ ᠬᠦᠮᠦᠨ ᠦ ᠡᠷᠬᠡ᠂ ᠡᠷᠬᠡ ᠴᠢᠯᠦᠭᠡ》᠂ 《ᠬᠠᠤᠯᠢᠴᠢ ᠪᠡᠯᠡᠳᠬᠡᠬᠦ ᠲᠣᠭᠲᠠᠯᠴᠠᠭ᠎ᠠ ᠪᠠ ᠬᠠᠤᠯᠢᠴᠢ ᠶᠢᠨ ᠰᠠᠬᠢᠯᠭ᠎ᠠ᠂ ᠬᠠᠷᠢᠭᠤᠴᠠᠯᠭ᠎ᠠ》 ᠰᠡᠳᠦᠪ ᠢᠶᠡᠷ ᠰᠠᠯᠪᠤᠷᠢ ᠬᠡᠯᠡᠯᠴᠡᠭᠦᠯᠭᠡ ᠥᠷᠨᠢᠭᠦᠯᠦᠨ᠎ᠡ᠃ ᠰᠠᠨᠠᠯ᠂ ᠳ᠋ᠦᠩᠨᠡᠯᠲᠡ ᠨᠦᠭᠦᠳ ᠢ ᠨᠢᠭᠡᠳᠬᠡᠨ ᠵᠥᠪᠯᠡᠮᠵᠢ ᠭᠠᠷᠭᠠᠬᠤ ᠶᠤᠮ᠃

ᠦᠨᠳᠦᠰᠦᠨ ᠦ ᠴᠢᠭᠤᠯᠭᠠᠨ ᠳᠤ ᠰᠢᠭᠦᠬᠦ᠂ ᠫᠷᠣᠺᠦ᠋ᠷᠣᠷ᠂ ᠰᠢᠭᠦᠬᠦ ᠶᠢᠨ ᠶᠡᠷᠦᠩᠬᠡᠢ ᠵᠥᠪᠯᠡᠯ᠂ ᠠᠪᠯᠢᠭ᠎ᠠ ᠲᠠᠢ ᠲᠡᠮᠡᠴᠡᠬᠦ ᠭᠠᠵᠠᠷ᠂ ᠲᠠᠩᠨᠠᠭᠤᠯ ᠤᠨ ᠶᠡᠷᠦᠩᠬᠡᠢ ᠭᠠᠵᠠᠷ᠂ ᠴᠠᠭᠳᠠᠭ᠎ᠠ ᠶᠢᠨ ᠶᠡᠷᠦᠩᠬᠡᠢ ᠭᠠᠵᠠᠷ᠂ ᠰᠢᠭᠦᠬᠦ ᠶᠢᠨ ᠰᠢᠢᠳᠪᠦᠷᠢ ᠭᠦᠢᠴᠡᠳᠭᠡᠬᠦ ᠭᠠᠵᠠᠷ᠂ ᠭᠠᠳᠠᠭᠠᠳᠤ ᠶᠢᠨ ᠢᠷᠭᠡᠨ᠂ ᠬᠠᠷᠢᠶᠠᠲᠤ ᠶᠢᠨ ᠭᠠᠵᠠᠷ᠂ ᠰᠢᠭᠦᠬᠦ ᠶᠢᠨ ᠰᠢᠨᠵᠢᠯᠡᠭᠡᠨ ᠦ ᠦᠨᠳᠦᠰᠦᠨ ᠦ ᠬᠦᠷᠢᠶᠡᠯᠡᠩ᠂ ᠬᠦᠮᠦᠨ ᠦ ᠡᠷᠬᠡ ᠶᠢᠨ ᠦᠨᠳᠦᠰᠦᠨ ᠦ ᠺᠣᠮᠢᠰ᠂ ᠮᠣᠩ᠋ᠭᠣᠯ  ᠤᠨ ᠬᠠᠤᠯᠢᠴᠢᠳ ᠤᠨ ᠬᠣᠯᠪᠣᠭ᠎ᠠ᠂ ᠮᠣᠩ᠋ᠭᠣᠯ  ᠤᠨ ᠥᠮᠥᠭᠡᠯᠡᠭᠴᠢᠳ ᠦᠨ ᠬᠣᠯᠪᠣᠭ᠎ᠠ᠂ ᠮᠣᠩ᠋ᠭᠣᠯ  ᠤᠨ ᠨᠣᠲ᠋ᠠᠷᠢᠶᠠᠲ᠋ᠴᠢᠳ ᠤᠨ ᠲᠠᠩᠬᠢᠮ᠂ ᠬᠠᠤᠯᠢ ᠵᠦᠢ ᠶᠢᠨ ᠦᠨᠳᠦᠰᠦᠨ ᠦ ᠬᠦᠷᠢᠶᠡᠯᠡᠩ᠂ ᠬᠠᠤᠯᠢ ᠵᠦᠢ ᠶᠢᠨ ᠲᠤᠰᠠᠯᠠᠯᠴᠠᠭᠠᠨ ᠤ ᠲᠥᠪ᠂ ᠶᠡᠷᠦᠩᠬᠡᠶᠢᠯᠡᠭᠴᠢ ᠶᠢᠨ ᠲᠠᠮᠠᠭ᠎ᠠ ᠶᠢᠨ ᠭᠠᠵᠠᠷ᠂ ᠤᠯᠤᠰ ᠤᠨ ᠶᠡᠬᠡ ᠬᠤᠷᠠᠯ᠂ ᠵᠠᠰᠠᠭ ᠤᠨ ᠭᠠᠵᠠᠷ᠂ ᠦᠨᠳᠦᠰᠦᠨ ᠬᠠᠤᠯᠢ ᠶᠢᠨ ᠴᠡᠴᠡ᠂ ᠣᠯᠠᠨ ᠤᠯᠤᠰ ᠤᠨ ᠪᠠᠶᠢᠭᠤᠯᠤᠯᠭ᠎ᠠ ᠶᠢᠨ ᠤᠳᠤᠷᠢᠳᠤᠯᠭ᠎ᠠ᠂ ᠠᠵᠢᠯᠲᠠᠨ᠂ ᠠᠯᠪᠠ ᠬᠠᠭᠠᠭᠴᠢᠳ ᠣᠷᠣᠯᠴᠠᠵᠤ ᠪᠠᠶᠢᠨ᠎ᠠ᠃

ᠮᠣᠩ᠋ᠭᠣᠯ ᠤᠯᠤᠰ ᠤᠨ ᠶᠡᠷᠦᠩᠬᠡᠶᠢᠯᠡᠭᠴᠢ 《ᠰᠢᠭᠦᠬᠦ ᠡᠷᠬᠡ ᠮᠡᠳᠡᠯ᠂ ᠬᠠᠤᠯᠢ ᠰᠠᠬᠢᠭᠤᠯᠬᠤ ᠠᠯᠪᠠ ᠬᠠᠭᠠᠭᠴᠢᠳ ᠤᠨ ᠦᠨᠳᠦᠰᠦᠨ ᠦ ᠴᠢᠭᠤᠯᠭᠠᠨ》 ᠍ ᠢ ᠨᠡᠭᠡᠭᠡᠵᠦ ᠦᠭᠡ ᠬᠡᠯᠡᠪᠡ᠃