Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠲᠤ ᠰᠠᠭᠤᠭ᠎ᠠ ᠳ᠋ᠢᠫᠯᠣᠮᠠᠲ ᠲᠥᠯᠥᠭᠡᠯᠡᠭᠴᠢ ᠢᠢᠨ ᠭᠠᠵᠠᠷ ᠤᠳ᠂ ᠣᠯᠠᠨ ᠤᠯᠤᠰ ᠤᠨ ᠪᠠᠢᠢᠭᠤᠯᠤᠯᠭ᠎ᠠ ᠨᠤᠭᠤᠳ ᠪᠣᠯᠤᠨ ᠱᠠᠰᠢᠨ ᠤ ᠪᠠᠢᠢᠭᠤᠯᠤᠯᠭ᠎ᠠ ᠨᠤᠭᠤᠳ᠂ ᠲᠠᠮᠢᠷᠴᠢᠳ 《ᠲᠡᠷᠪᠤᠮ ᠮᠣᠳᠦ 》 ᠦᠨᠳᠦᠰᠦᠨ ᠦ ᠬᠥᠳᠡᠯᠭᠡᠭᠡᠨ ᠳᠥ ᠨᠢᠭᠡᠳᠦᠯ᠎ᠡ

ᠮᠣᠩ᠋ᠭᠣᠯ ᠤᠯᠤᠰ ᠲᠤ ᠰᠠᠭᠤᠭ᠎ᠠ ᠳ᠋ᠢᠫᠯᠣᠮᠠᠲ ᠲᠥᠯᠥᠭᠡᠯᠡᠭᠴᠢ ᠢᠢᠨ ᠭᠠᠵᠠᠷ ᠤᠳ᠂ ᠣᠯᠠᠨ ᠤᠯᠤᠰ ᠤᠨ ᠪᠠᠢᠢᠭᠤᠯᠤᠯᠭ᠎ᠠ ᠨᠤᠭᠤᠳ ᠪᠣᠯᠤᠨ ᠱᠠᠰᠢᠨ ᠤ ᠪᠠᠢᠢᠭᠤᠯᠤᠯᠭ᠎ᠠ ᠨᠤᠭᠤᠳ᠂ ᠲᠠᠮᠢᠷᠴᠢᠳ 《ᠲᠡᠷᠪᠤᠮ ᠮᠣᠳᠣ》 ᠦᠨᠳᠦᠰᠦᠨ ᠦ ᠬᠥᠳᠡᠯᠭᠡᠭᠡᠨ ᠳᠥ ᠨᠢᠭᠡᠳᠦᠯ᠎ᠡ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠰᠠᠨᠠᠭᠠᠴᠢᠯᠠᠭᠰᠠᠨ 《ᠲᠡᠷᠪᠤᠮ ᠮᠣᠳᠣ》 ᠦᠨᠳᠦᠰᠦᠨ ᠦ ᠬᠥᠳᠡᠯᠭᠡᠭᠡᠨ ᠣᠷᠣᠨ ᠳᠠᠶᠠᠭᠠᠷ ᠦᠷᠭᠦᠯᠵᠢᠯᠡᠵᠦ ᠪᠠᠢᠢᠨ᠎ᠠ᠃

2021 ᠣᠨ ᠤ 10 ᠳ᠋ᠤᠭᠠᠷ ᠰᠠᠷ᠎ᠠ ᠢᠢᠨ 10 ᠍ ᠤ ᠡᠳᠦᠷ ᠳ᠋ᠢᠫᠯᠣᠮᠠᠲ ᠪᠠᠢᠢᠭᠤᠯᠤᠯᠭ᠎ᠠ ᠢᠢᠨ ᠦᠢᠯᠡᠴᠢᠯᠡᠭᠡ ᠢᠢ ᠡᠷᠬᠢᠯᠡᠬᠦ ᠭᠠᠵᠠᠷ᠂ ᠮᠣᠩ᠋ᠭᠣᠯ ᠤᠯᠤᠰ ᠲᠤ ᠰᠠᠭᠤᠭ᠎ᠠ ᠳ᠋ᠢᠫᠯᠣᠮᠠᠲ ᠲᠥᠯᠦᠭᠡᠯᠡᠭᠴᠢ ᠢᠢᠨ ᠭᠠᠵᠠᠷ ᠤᠳ᠂ ᠣᠯᠠᠨ ᠤᠯᠤᠰ ᠤᠨ ᠪᠠᠢᠢᠭᠤᠯᠤᠯᠭ᠎ᠠ᠂ 《ᠲᠣᠺᠢᠣ᠋-2020》 ᠣᠯᠢᠮᠫ ᠤᠨ ᠨᠠᠭᠠᠳᠤᠮ ᠤᠨ ᠮᠧᠳᠠᠯᠢᠲᠠᠨ ᠪᠣᠯᠤᠨ ᠱᠠᠩᠨᠠᠯᠲᠤ ᠪᠠᠢᠢᠷᠢ ᠡᠵᠡᠯᠡᠭᠰᠡᠨ ᠲᠠᠮᠢᠷᠴᠢᠳ᠂ ᠱᠠᠰᠢᠨ ᠤ ᠪᠠᠢᠢᠭᠤᠯᠤᠯᠭ᠎ᠠ ᠢᠢᠨ ᠲᠥᠯᠦᠭᠡᠯᠡᠯ 《ᠰᠢᠨ᠎ᠡ ᠨᠠᠯᠠᠢᠢᠬᠤ ᠴᠡᠴᠡᠷᠯᠢᠭᠲᠦ ᠬᠦᠷᠢᠶᠡᠯᠡᠩ》 ᠍  ᠳᠤ ᠮᠣᠳᠣ ᠲᠠᠷᠢᠯ᠎ᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ ᠡᠬᠡ ᠳᠡᠯᠡᠬᠡᠢ᠂ ᠪᠠᠢᠢᠭᠠᠯᠢ ᠤᠷᠴᠢᠨ ᠳᠤ ᠪᠠᠨ ᠡᠵᠡᠨ ᠦ ᠶᠣᠰᠣᠭᠠᠷ ᠬᠠᠨᠳᠤᠵᠤ᠂ ᠴᠥᠯᠵᠢᠯᠲᠡ᠂ ᠭᠠᠵᠠᠷ ᠤᠨ ᠳᠣᠷᠣᠢᠢᠲᠠᠯ᠂ ᠰᠢᠷᠤᠢᠢᠨ ᠰᠢᠷ᠎ᠠ ᠰᠢᠷᠤᠢᠢᠨ ᠰᠢᠭᠤᠷᠭᠠᠨ ᠤ ᠡᠰᠡᠷᠬᠦ ᠬᠠᠮᠲᠤᠷᠠᠨ ᠲᠡᠮᠡᠴᠡᠵᠦ ᠪᠠᠢᠢᠭ᠎ᠠ ᠠᠷᠠᠳ ᠢᠷᠭᠡᠳ᠂ ᠪᠠᠢᠢᠭᠤᠯᠤᠯᠭ᠎ᠠ᠂ ᠠᠵᠤ ᠠᠬᠤᠢ ᠢᠢᠨ ᠨᠢᠭᠡᠴᠡ ᠨᠦᠭᠦᠳ ᠪᠣᠯᠤᠨ ᠮᠣᠩ᠋ᠭᠣᠯ ᠤᠯᠤᠰ ᠲᠤ ᠰᠠᠭᠤᠭ᠎ᠠ ᠳ᠋ᠢᠫᠯᠣᠮᠠᠲ ᠲᠥᠯᠥᠭᠡᠯᠡᠭᠴᠢ ᠢᠢᠨ ᠭᠠᠵᠠᠷ᠂ ᠣᠯᠠᠨ ᠤᠯᠤᠰ ᠤᠨ ᠪᠠᠢᠢᠭᠤᠯᠤᠯᠭ᠎ᠠ ᠢᠢᠨ ᠲᠥᠯᠥᠭᠡᠯᠡᠯ ᠳᠥ ᠲᠠᠯᠠᠷᠬᠠᠯ ᠢᠯᠡᠷᠬᠡᠢᠢᠯᠡᠯ᠎ᠡ᠃

ᠮᠥᠨ 《ᠲᠡᠷᠪᠤᠮ ᠮᠣᠳᠣ》 ᠦᠨᠳᠦᠰᠦᠨ ᠦ ᠬᠥᠳᠡᠯᠭᠡᠭᠡᠨ ᠦ ᠬᠦᠷᠢᠶᠡᠨ ᠳᠣ ᠣᠢ ᠠᠴᠠ ᠮᠣᠳᠣ ᠠᠪᠴᠢᠷᠠᠵᠤ ᠰᠠᠭᠤᠯᠭᠠᠬᠤ ᠦᠭᠡᠢ᠃ ᠦᠷᠡᠰᠯᠡᠭᠦᠯᠵᠦ᠂ ᠠᠷᠠᠴᠢᠯᠠᠵᠤ᠂ ᠲᠣᠷᠳᠠᠬᠤ ᠶᠣᠰᠣᠲᠠᠢ᠃ ᠲᠠᠷᠢᠭᠠᠳ ᠤᠷᠬᠢᠬᠤ ᠪᠤᠰᠤ᠂ ᠤᠷᠭᠤᠭᠤᠯᠬᠤ ᠨᠢ ᠴᠢᠬᠤᠯᠠ ᠭᠡᠳᠡᠭ ᠢ ᠬᠡᠯᠡᠪᠡ᠃

ᠦᠨᠳᠦᠰᠦᠨ ᠦ ᠬᠥᠳᠡᠯᠭᠡᠭᠡᠨ ᠢ ᠳᠡᠮᠵᠢᠵᠦ᠂ ᠬᠠᠮᠲᠤᠷᠠᠨ ᠠᠵᠢᠯᠯᠠᠨ᠎ᠠ ᠭᠡᠳᠡᠭ ᠢᠶᠡᠨ ᠮᠣᠩ᠋ᠭᠣᠯ ᠤᠯᠤᠰ ᠲᠤ ᠰᠠᠭᠤᠭ᠎ᠠ ᠳ᠋ᠢᠫᠯᠣᠮᠠᠲ ᠲᠥᠯᠥᠭᠡᠯᠡᠭᠴᠢ ᠢᠢᠨ ᠭᠠᠵᠠᠷ ᠤᠨ ᠲᠡᠷᠢᠭᠦᠨ ᠨᠦᠭᠦᠳ ᠢᠯᠡᠷᠬᠡᠢᠢᠯᠡᠯ᠎ᠡ᠃

《ᠲᠡᠷᠪᠤᠮ ᠮᠣᠳᠣ》 ᠦᠨᠳᠦᠰᠦᠨ ᠦ ᠬᠥᠳᠡᠯᠭᠡᠭᠡᠨ ᠦ ᠨᠡᠭᠡᠭᠡᠯᠲᠡ 2021 ᠣᠨ ᠤ 10 ᠳ᠋ᠤᠭᠠᠷ ᠰᠠᠷ᠎ᠠ ᠢᠢᠨ 04 ᠍ ᠦ ᠡᠳᠦᠷ ᠪᠣᠯᠤᠭᠰᠠᠨ᠃ ᠥᠨᠥᠳᠥᠷ ᠢ ᠬᠦᠷᠲᠡᠯ᠎ᠡ ᠬᠤᠭᠤᠴᠠᠭᠠᠨ ᠳᠤ 300 ᠭᠠᠷᠤᠢ ᠪᠠᠢᠢᠭᠤᠯᠤᠯᠭ᠎ᠠ᠂ ᠠᠵᠤ ᠠᠬᠤᠢ ᠢᠢᠨ ᠨᠢᠭᠡᠴᠡ ᠮᠣᠳᠣ ᠲᠠᠷᠢᠭᠠᠳ ᠪᠠᠢᠢᠨ᠎ᠠ᠃