Та "Internet explorer"-ийн сүүлийн хувилбар болох "Microsoft edge"-г ашиглана уу

Хэрэв "Microsoft edge"-г татах бол энд дарж татаж авна уу

ᠵᠠ‍᠂ᠡᠩᠬᠡᠪᠣᠯᠤᠳ᠄ ᠪᠦᠭᠦᠳᠡ ᠨᠠᠶᠢᠷᠠᠮᠳᠠᠬᠤ ᠠᠷᠠᠳᠴᠢᠯᠠᠭᠰᠠᠨ ᠰᠣᠯᠣᠩᠭᠣᠰ ᠠᠷᠠᠳ ᠤᠯᠤᠰ – ᠠᠮᠧᠷᠢᠺᠠ ᠶᠢᠨ ᠨᠢᠭᠡᠳᠦᠭᠰᠡᠨ ᠤᠯᠤᠰ ᠤᠨ ᠳᠡᠭᠡᠳᠦ ᠲᠦᠪᠰᠢᠨ ᠦ ᠠᠭᠤᠯᠵᠠᠯᠲᠠ ᠶᠢ ᠮᠣᠩᠭᠣᠯ ᠤᠯᠤᠰ ᠲᠤ ᠵᠣᠬᠢᠶᠠᠨ ᠪᠠᠶᠢᠭᠤᠯᠬᠤ ᠪᠦᠷᠢᠨ ᠪᠣᠯᠤᠮᠵᠢ ᠲᠠᠢ

ᠮᠣᠩᠭ᠋ᠣᠯ  ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠵᠠ‍᠂ᠡᠩᠬᠡᠪᠣᠯᠤᠳ ᠪᠦᠭᠦᠳᠡ ᠨᠠᠢᠢᠷᠠᠮᠳᠠᠬᠤ ᠠᠷᠠᠳᠴᠢᠯᠠᠭᠰᠠᠨ ᠰᠣᠯᠣᠩᠭ᠋ᠣᠰ ᠠᠷᠠᠳ ᠤᠯᠤᠰ ᠠᠴᠠ ᠮᠣᠩᠭ᠋ᠣᠯ  ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠣ ᠰᠢᠨ ᠬᠣ‍ ᠢᠢ ᠬᠦᠯᠢᠶᠡᠨ ᠠᠪᠴᠤ ᠠᠭᠤᠯᠵᠠᠯ᠎ᠠ᠃

 

ᠮᠣᠩᠭ᠋ᠣᠯ  ᠤᠯᠤᠰ᠂ ᠪᠦᠭᠦᠳᠡ ᠨᠠᠢᠢᠷᠠᠮᠳᠠᠬᠤ ᠠᠷᠠᠳᠴᠢᠯᠠᠭᠰᠠᠨ ᠰᠣᠯᠣᠩᠭ᠋ᠣᠰ ᠠᠷᠠᠳ ᠤᠯᠤᠰ ᠤᠨ ᠤᠯᠠᠮᠵᠢᠯᠠᠯᠲᠤ ᠨᠠᠢᠢᠷᠰᠠᠭ ᠬᠠᠷᠢᠯᠴᠠᠭ᠎ᠠ ᠲᠣᠭᠲᠠᠪᠤᠷᠢᠲᠠᠢ ᠬᠥᠭ᠍ᠵᠢᠵᠦ ᠢᠷᠡᠭᠰᠡᠨ ᠢ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠵᠠ‍᠂ᠡᠩᠬᠡᠪᠣᠯᠤᠳ ᠲᠡᠮᠳᠡᠭᠯᠡᠪᠡ᠃

 

ᠮᠣᠩᠭ᠋ᠣᠯ  ᠤᠯᠤᠰ ᠵᠡᠭᠦᠨ ᠬᠣᠢᠢᠳ ᠠᠽᠢᠶ᠎ᠠ ᠢᠢᠨ ᠡᠩᠬᠡ ᠲᠠᠢᠢᠪᠤᠩ᠂ ᠲᠣᠭᠲᠠᠪᠤᠷᠢᠲᠠᠢ ᠪᠠᠢᠢᠳᠠᠯ ᠢ ᠪᠡᠬᠢᠵᠢᠭᠦᠯᠬᠦ ᠳᠥ ᠴᠢᠭᠯᠡᠭᠰᠡᠨ ᠠᠯᠢᠪᠠ ᠰᠠᠨᠠᠯ᠂ ᠰᠠᠨᠠᠭᠠᠴᠢᠯᠠᠭ᠎ᠠ ᠢᠢ ᠲᠤᠭᠤᠰᠢᠲᠠᠢ ᠳᠡᠮᠵᠢᠵᠦ ᠢᠷᠡᠭᠰᠡᠨ ᠪᠥᠭᠡᠳ ᠪᠦᠭᠦᠳᠡ ᠨᠠᠢᠢᠷᠠᠮᠳᠠᠬᠤ ᠠᠷᠠᠳᠴᠢᠯᠠᠭᠰᠠᠨ ᠰᠣᠯᠣᠩᠭ᠋ᠣᠰ ᠠᠷᠠᠳ ᠤᠯᠤᠰ᠂ ᠪᠦᠭᠦᠳᠡ ᠨᠠᠢᠢᠷᠠᠮᠳᠠᠬᠤ ᠰᠣᠯᠣᠩᠭ᠋ᠣᠰ ᠤᠯᠤᠰ ᠍ ᠢᠢᠨ ᠬᠣᠭᠣᠷᠣᠨᠳᠣ ᠳᠡᠭᠡᠳᠦ ᠲᠦᠪᠰᠢᠨ ᠦ ᠠᠭᠤᠯᠵᠠᠯᠲᠠ ᠬᠢᠬᠦ ᠪᠡᠷ ᠪᠣᠯᠤᠭᠰᠠᠨ ᠳᠤ ᠪᠠᠶᠠᠷᠲᠠᠢ ᠪᠠᠢᠢᠭ᠎ᠠ ᠪᠠᠨ ᠢᠯᠡᠷᠬᠡᠢᠢᠯᠡᠪᠡ᠃ ᠮᠥᠨ ᠪᠦᠭᠦᠳᠡ ᠨᠠᠢᠢᠷᠠᠮᠳᠠᠬᠤ ᠠᠷᠠᠳᠴᠢᠯᠠᠭᠰᠠᠨ ᠰᠣᠯᠣᠩᠭ᠋ᠣᠰ ᠠᠷᠠᠳ ᠤᠯᠤᠰ ᠪᠣᠯᠤᠨ ᠠᠮᠧᠷᠢᠺᠠ ᠢᠢᠨ ᠨᠢᠭᠡᠳᠦᠭᠰᠡᠨ ᠤᠯᠤᠰ ᠲᠠᠢ ᠨᠠᠢᠢᠷᠰᠠᠭ ᠬᠠᠷᠢᠯᠴᠠᠭ᠎ᠠ ᠲᠠᠢ ᠴᠥᠭᠡᠬᠡᠨ ᠣᠷᠣᠨ ᠨᠤᠭᠤᠳ ᠤᠨ ᠨᠢᠭᠡ ᠢᠢᠨ ᠬᠤᠪᠢ ᠳᠤ ᠲᠤᠰ ᠤᠯᠤᠰ ᠤᠳ ᠤᠨ ᠬᠣᠭᠣᠷᠣᠨᠳᠣ ᠬᠢᠬᠦ ᠪᠡᠷ ᠶᠠᠷᠢᠭᠳᠠᠵᠤ ᠪᠤᠢ ᠳᠡᠭᠡᠳᠦ ᠲᠦᠪᠰᠢᠨ ᠦ ᠠᠭᠤᠯᠵᠠᠯᠲᠠ ᠢᠢ ᠮᠣᠩᠭ᠋ᠣᠯ  ᠤᠯᠤᠰ ᠲᠤ ᠵᠣᠬᠢᠶᠠᠨ ᠪᠠᠢᠢᠭᠤᠯᠬᠤ ᠪᠦᠷᠢᠨ ᠪᠣᠯᠤᠮᠵᠢ ᠲᠠᠢ ᠭᠡᠵᠦ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠵᠠ‍᠂ᠡᠩᠬᠡᠪᠣᠯᠤᠳ ᠬᠡᠯᠡᠪᠡ᠃

 

ᠡᠯᠴᠢᠨ ᠰᠠᠢᠢᠳ ᠣ ᠰᠢᠨ ᠬᠣ‍ ᠮᠣᠩᠭ᠋ᠣᠯ  ᠤᠨ ᠲᠠᠯ᠎ᠠ ᠢᠢᠨ ᠡᠨᠡᠬᠦ ᠰᠠᠨᠠᠯ ᠨᠢ ᠮᠣᠩᠭ᠋ᠣᠯ  ᠤᠯᠤᠰ᠂ ᠰᠣᠯᠣᠩᠭ᠋ᠣᠰ ᠤᠨ ᠬᠣᠢᠢᠭ᠂ ᠴᠢᠨᠠᠭᠰᠢᠯᠠᠭᠠᠳ ᠵᠡᠭᠦᠨ ᠬᠣᠢᠢᠳᠤ ᠠᠽᠢᠶ᠎ᠠ ᠢᠢᠨ ᠡᠩᠬᠡ ᠲᠠᠢᠢᠪᠤᠩ᠂ ᠠᠶᠤᠯ ᠦᠭᠡᠢ ᠪᠠᠢᠢᠳᠠᠯ ᠳᠤ ᠬᠤᠪᠢ ᠨᠡᠮᠡᠷᠢ ᠤᠷᠤᠭᠤᠯᠬᠤ ᠭᠡᠰᠡᠨ ᠬᠦᠴᠦ ᠴᠢᠷᠮᠠᠢᠢᠯᠲᠠ ᠢᠢᠨ ᠢᠯᠡᠷᠡᠯ ᠬᠡᠮᠡᠨ᠂ ᠲᠥᠪ ᠲᠥ ᠪᠡᠨ ᠤᠯᠠᠮᠵᠢᠯᠠᠬᠤ ᠪᠠᠨ ᠮᠡᠳᠡᠭᠳᠡᠪᠡ᠃

????????????????????????????????????