Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ᠄ ᠰᠡᠷᠬᠦᠭᠡᠭᠳᠡᠬᠦ ᠡᠷᠴᠢᠮ ᠬᠦᠴᠦᠨ ᠦ ᠡᠬᠢ ᠡᠭᠦᠰᠪᠦᠷᠢ ᠢᠢ ᠨᠡᠩ ᠶᠠᠭᠠᠷᠠᠯᠲᠠᠢ ᠨᠡᠮᠡᠨ᠎ᠡ

《ᠮᠣᠩ᠋ᠭᠣᠯ ᠤᠯᠤᠰ-ᠨᠣᠭᠣᠭᠠᠨ ᠬᠥᠭ᠍ᠵᠢᠯ》 ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠤᠨ ᠠᠭᠤᠷ ᠠᠮᠢᠰᠬᠤᠯ ᠤᠨ ᠥᠭᠡᠷᠡᠴᠢᠯᠡᠯᠲᠡ ᠢᠢᠨ ᠰᠠᠭᠤᠷᠢ ᠺᠣᠨ᠋ᠸᠧᠨ᠋ᠼ ᠤᠨ ᠲᠠᠯ᠎ᠠ ᠨᠤᠭᠤᠳ ᠤᠨ 26 ᠳ᠋ᠤᠭᠠᠷ ᠪᠠᠭ᠎ᠠ ᠬᠤᠷᠠᠯ ᠤᠨ ᠤᠷᠢᠳᠴᠢᠯᠠᠭᠰᠠᠨ ᠬᠡᠯᠡᠯᠴᠡᠭᠦᠯᠭᠡ ᠲᠥᠷᠥ ᠢᠢᠨ ᠣᠷᠳᠣᠨ ᠳᠤ ᠡᠬᠢᠯᠡᠯ᠎ᠡ᠃

ᠬᠡᠯᠡᠯᠴᠡᠭᠦᠯᠭᠡ ᠨᠢ ᠠᠭᠤᠷ ᠠᠮᠢᠰᠬᠤᠯ ᠤᠨ ᠥᠭᠡᠷᠡᠴᠢᠯᠡᠯᠲᠡ ᠲᠡᠢ ᠲᠡᠮᠡᠴᠡᠬᠦ ᠬᠦᠷᠢᠶᠡᠨ ᠳᠥ ᠣᠢ ᠢᠢᠨ ᠠᠵᠤ ᠠᠬᠤᠢ᠂ ᠡᠷᠴᠢᠮ ᠬᠦᠴᠦ᠂ ᠪᠡᠯᠴᠢᠭᠡᠷ ᠦᠨ ᠵᠣᠬᠢᠴᠠᠭᠤᠯᠤᠯᠲᠠ ᠢᠢᠨ ᠴᠢᠭᠯᠡᠯ ᠢᠶᠡᠷ ᠬᠢᠵᠦ ᠪᠠᠢᠢᠭ᠎ᠠ ᠠᠵᠢᠯ ᠢᠶᠠᠨ ᠡᠷᠴᠢᠮᠵᠢᠭᠦᠯᠬᠦ᠂ ᠳᠡᠭᠡᠷᠡᠬᠢ ᠪᠠᠭ᠎ᠠ ᠬᠤᠷᠠᠯ ᠳᠤ ᠮᠣᠩ᠋ᠭᠣᠯ ᠤᠯᠤᠰ ᠤᠨ ᠵᠠᠰᠠᠭ ᠤᠨ ᠭᠠᠵᠠᠷ ᠤᠨ ᠪᠦᠲᠦᠭᠡᠯᠴᠢ ᠣᠷᠣᠯᠴᠠᠭ᠎ᠠ ᠢᠢ ᠳᠡᠮᠵᠢᠬᠦ ᠵᠣᠷᠢᠯᠭ᠎ᠠ ᠲᠠᠢ ᠶᠤᠮ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ ᠬᠡᠯᠡᠯᠴᠡᠭᠦᠯᠭᠡ ᠢᠢ ᠨᠡᠭᠡᠭᠡᠵᠦ ᠦᠭᠡ ᠬᠡᠯᠡᠯ᠎ᠡ᠃ ᠲᠡᠷᠡᠪᠡᠷ ᠮᠣᠩ᠋ᠭᠣᠯ ᠤᠯᠤᠰ ᠬᠦᠯᠡᠮᠵᠢ ᠢᠢᠨ ᠬᠡᠢ ᠢᠢ ᠪᠠᠭᠤᠷᠠᠭᠤᠯᠬᠤ ᠴᠢᠭᠯᠡᠯ ᠢᠶᠡᠷ ᠣᠯᠠᠨ ᠤᠯᠤᠰ ᠤᠨ ᠬᠠᠮᠲᠤ ᠢᠢᠨ ᠨᠡᠢᠢᠭᠡᠮᠯᠢᠭ᠌ ᠦᠨ ᠴᠢᠷᠮᠠᠢᠢᠯᠲᠠ ᠢᠢ ᠪᠦᠷᠢᠨ ᠳᠡᠮᠵᠢᠵᠦ᠂ ᠫᠠᠷᠢᠰ ᠤᠨ ᠬᠡᠯᠡᠯᠴᠡᠭᠡᠷ ᠢᠶᠡᠷ ᠬᠦᠯᠢᠶᠡᠭᠰᠡᠨ ᠡᠭᠦᠷᠭᠡ᠂ ᠠᠮᠠᠯᠠᠯᠲᠠ ᠪᠠᠨ ᠪᠡᠶᠡᠯᠡᠭᠦᠯᠬᠦ ᠢᠢᠨ ᠲᠥᠯᠥᠭᠡ ᠪᠦᠬᠦ ᠬᠦᠴᠦᠨ ᠴᠢᠳᠠᠯ ᠢᠶᠠᠨ ᠳᠠᠢᠢᠴᠢᠯᠠᠨ ᠠᠵᠢᠯᠯᠠᠵᠤ ᠪᠠᠢᠢᠭ᠎ᠠ ᠢᠢ ᠬᠡᠯᠡᠪᠡ᠃

ᠮᠥᠨ ᠨᠡᠭᠦᠷᠡᠰᠦᠨ ᠡᠴᠡ ᠥᠭᠡᠷ᠎ᠡ ᠡᠷᠴᠢᠮ ᠬᠦᠴᠦ᠂ ᠳᠤᠯᠠᠭᠠᠨ ᠤ ᠬᠠᠩ᠋ᠭᠠᠯᠲᠠᠲᠠᠢ ᠡᠬᠡ ᠡᠭᠦᠰᠪᠦᠷᠢᠭᠦᠢ ᠣᠷᠣᠨ ᠤ ᠬᠤᠪᠢ ᠳᠤ ᠰᠡᠷᠬᠦᠭᠡᠭ᠍ᠳᠡᠬᠦ ᠡᠷᠴᠢᠮ ᠬᠦᠴᠦᠨ ᠦ ᠡᠬᠢ ᠡᠭᠦᠰᠪᠦᠷᠢ ᠢᠢ ᠨᠡᠩ ᠶᠠᠭᠠᠷᠠᠯᠲᠠᠢ ᠨᠡᠮᠡᠭᠳᠡᠭᠦᠯᠬᠦ ᠢᠢ ᠵᠣᠷᠢᠵᠤ ᠪᠠᠢᠢᠭ᠎ᠠ ᠢᠢ ᠲᠣᠳᠣᠳᠬᠠᠯ᠎ᠠ᠃

ᠮᠣᠩ᠋ᠭᠣᠯ ᠤᠯᠤᠰ ᠠᠭᠤᠷ ᠠᠮᠢᠰᠬᠤᠯ ᠤᠨ ᠥᠭᠡᠷᠡᠴᠢᠯᠡᠯᠲᠡ ᠢᠢᠨ ᠭᠣᠣᠯ ᠰᠢᠯᠲᠠᠭᠠᠨ ᠪᠣᠯᠬᠤ ᠬᠦᠯᠡᠮᠵᠢ ᠢᠢᠨ ᠬᠡᠢ ᠢᠢᠨ ᠢᠯᠭᠠᠷᠠᠯ ᠢ 2030 ᠣᠨ ᠭᠡᠬᠦ ᠳᠥ 22.7 ᠬᠤᠪᠢ ᠬᠦᠷᠲᠡᠯ᠎ᠡ ᠪᠠᠭᠤᠷᠠᠭᠤᠯᠤᠨ᠎ᠠ᠃ ᠴᠢᠨᠠᠭᠰᠢᠳᠠ ᠰᠢᠨ᠎ᠡ ᠲᠧᠭᠨᠣᠯᠣᠭᠢ᠂ ᠢᠨ᠋ᠨᠣᠸᠠᠼ ᠨᠡᠪᠲᠡᠷᠡᠭᠦᠯᠵᠦ᠂ ᠨᠣᠭᠣᠭᠠᠨ ᠰᠠᠩᠬᠦᠵᠢᠯᠲᠡ ᠢᠢᠨ ᠲᠣᠭᠲᠠᠪᠤᠷᠢᠲᠠᠢ ᠲᠣᠭᠲᠠᠯᠴᠠᠭ᠎ᠠ ᠪᠦᠷᠢᠳᠦᠭᠦᠯᠦᠨ ᠡᠨᠡ ᠬᠤᠪᠢ ᠢᠢ 27.2 ᠬᠤᠪᠢ ᠪᠣᠯᠭᠠᠬᠤ ᠢᠢ ᠵᠣᠷᠢᠵᠤ ᠪᠠᠢᠢᠭ᠎ᠠ ᠶᠤᠮ᠃

ᠮᠣᠩ᠋ᠭᠣᠯ ᠤᠯᠤᠰ ᠳᠣᠲᠣᠭᠠᠳᠤ ᠢᠢᠨ ᠨᠡᠢᠢᠲᠡ ᠪᠦᠲᠦᠭᠡᠭ᠍ᠳᠡᠬᠦᠨ ᠦ ᠨᠢᠭᠡ ᠬᠤᠪᠢ ᠠᠴᠠ ᠪᠠᠭ᠎ᠠ ᠦᠭᠡᠢ ᠬᠥᠷᠥᠩᠭᠡ ᠢᠢ ᠠᠭᠤᠷ ᠠᠮᠢᠰᠬᠤᠯ ᠤᠨ ᠥᠭᠡᠷᠡᠴᠢᠯᠡᠯᠲᠡ᠂ ᠴᠥᠯᠵᠢᠯᠲᠡ ᠲᠡᠢ ᠲᠡᠮᠡᠴᠡᠬᠦ ᠳᠥ ᠵᠠᠷᠤᠴᠠᠭᠤᠯᠬᠤ ᠪᠠᠷ ᠲᠥᠯᠥᠪᠯᠡᠭᠡᠳ ᠪᠠᠢᠢᠨ᠎ᠠ᠃ ᠮᠥᠨ ᠬᠤᠪᠢ ᠢᠢᠨ ᠬᠡᠪᠰᠢᠯ᠂ ᠳᠣᠲᠣᠭᠠᠳᠤ᠂ ᠭᠠᠳᠠᠭᠠᠳᠤ ᠢᠢᠨ ᠬᠥᠷᠦᠩᠭᠡ ᠣᠷᠣᠭᠤᠯᠤᠭᠴᠢᠳ᠂ ᠢᠯᠠᠩ᠋ᠭᠤᠶ᠎ᠠ ᠳ᠋ᠣᠨᠤᠷ ᠣᠷᠣᠨ ᠨᠤᠭᠤᠳ᠂ ᠣᠯᠠᠨ ᠤᠯᠤᠰ ᠤᠨ ᠪᠠᠢᠢᠭᠤᠯᠤᠯᠭ᠎ᠠ ᠨᠤᠭᠤᠳ ᠤᠨ ᠲᠤᠷᠰᠢᠯᠭ᠎ᠠ᠂ ᠵᠥᠪᠯᠡᠭᠡ᠂ ᠰᠢᠭᠤᠳ ᠪᠣᠯᠤᠨ ᠰᠢᠭᠤᠳ ᠪᠤᠰᠤ ᠰᠠᠩᠬᠦᠦ ᠢᠢᠨ ᠳᠡᠮᠵᠢᠯᠭᠡ ᠣᠨᠴᠤᠭᠤᠢ ᠡᠭᠦᠷᠭᠡ ᠲᠡᠢ ᠶᠤᠮ᠃

ᠬᠡᠯᠡᠯᠴᠡᠭᠦᠯᠭᠡ ᠳᠥ ᠠᠽᠢᠶ᠎ᠠ ᠢᠢᠨ ᠬᠥᠭ᠍ᠵᠢᠯ ᠦᠨ ᠪᠠᠩᠬᠢ᠂ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ᠂ ᠵᠠᠰᠠᠭ ᠤᠨ ᠭᠠᠵᠠᠷ ᠤᠨ ᠭᠡᠰᠢᠭᠦᠳ᠂ ᠮᠣᠩ᠋ᠭᠣᠯ ᠤᠯᠤᠰ ᠲᠤ ᠰᠠᠭᠤᠭ᠎ᠠ ᠳ᠋ᠢᠫᠯᠣᠮᠠᠲ ᠲᠥᠯᠦᠭᠡᠯᠡᠭᠴᠢ ᠢᠢᠨ ᠭᠠᠵᠠᠷ ᠤᠨ ᠲᠡᠷᠢᠭᠦᠨ ᠨᠦᠭᠦᠳ᠂ ᠳᠡᠯᠡᠬᠡᠢ ᠢᠢᠨ ᠪᠠᠩᠬᠢ ᠭᠷᠦ᠋ᠫ ᠵᠡᠷᠭᠡ ᠪᠠᠢᠢᠭᠤᠯᠤᠯᠭ᠎ᠠ ᠢᠢᠨ ᠲᠥᠯᠦᠭᠡᠯᠡᠯ ᠣᠷᠣᠯᠴᠠᠵᠤ ᠪᠠᠢᠢᠨ᠎ᠠ᠃

《ᠮᠣᠩ᠋ᠭᠣᠯ ᠤᠯᠤᠰ ᠤᠨ ᠨᠣᠭᠣᠭᠠᠨ ᠬᠥᠭ᠍ᠵᠢᠯ ᠦᠨ ᠠᠯᠤᠰ ᠤᠨ ᠬᠠᠷᠠᠭᠠᠨ ᠳᠤ ᠣᠢ ᠢᠢᠨ ᠠᠵᠤ ᠠᠬᠤᠢ ᠢᠢᠨ ᠣᠷᠣᠯᠴᠠᠭ᠎ᠠ》᠂ 《ᠨᠣᠭᠣᠭᠠᠨ ᠡᠷᠴᠢᠮ ᠬᠦᠴᠦᠨ ᠦ ᠰᠢᠢᠳᠦᠯ ᠢ ᠥᠷᠭᠡᠵᠢᠭᠦᠯᠬᠦ》᠂ 《ᠲᠣᠭᠲᠠᠪᠤᠷᠢᠲᠠᠢ ᠪᠡᠯᠴᠢᠭᠡᠷ ᠦᠨ ᠵᠣᠬᠢᠶᠠᠨ ᠪᠠᠢᠢᠭᠤᠯᠤᠯᠲᠠ ᠪᠣᠯᠤᠨ ᠨᠣᠭᠣᠭᠠᠨ ᠡᠳ᠋ ᠍ ᠦᠨ ᠵᠠᠰᠠᠭ ᠤᠨ ᠲᠥᠷᠦᠯᠵᠢᠯᠲᠡ》 ᠰᠡᠳᠦᠪ ᠢᠶᠡᠷ ᠬᠡᠯᠡᠯᠴᠡᠭᠦᠯᠭᠡ ᠬᠢᠬᠦ ᠶᠤᠮ᠃

ᠤᠷᠢᠳᠴᠢᠯᠠᠭᠰᠠᠨ ᠬᠡᠯᠡᠯᠴᠡᠭᠦᠯᠭᠡ ᠢᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ᠂ ᠠᠽᠢᠶ᠎ᠠ ᠢᠢᠨ ᠬᠥᠭ᠍ᠵᠢᠯ ᠦᠨ ᠪᠠᠩᠬᠢ᠂ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠬᠠᠮᠲᠤᠷᠠᠨ ᠵᠣᠬᠢᠶᠠᠨ ᠪᠠᠢᠢᠭᠤᠯᠵᠤ ᠪᠠᠢᠢᠨ᠎ᠠ᠃