Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ ᠪᠷᠢᠲ᠋ᠠᠨ ᠤ ᠡᠯᠴᠢᠨ ᠰᠠᠢᠢᠳ ᠢ ᠬᠦᠯᠢᠶᠡᠨ ᠠᠪᠴᠤ ᠠᠭᠤᠯᠵᠠᠪᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ 2021 ᠣᠨ ᠤ 10 ᠳ᠋ᠤᠭᠠᠷ ᠰᠠᠷ᠎ᠠ ᠢᠢᠨ 29 ᠍ ᠦ ᠡᠳᠦᠷ ᠶᠡᠬᠡ ᠪᠷᠢᠲ᠋ᠠᠨ᠂ ᠤᠮᠠᠷᠠᠳᠤ ᠢᠷᠯᠠᠨ᠋ᠳ᠋ ᠍ ᠤᠨ ᠨᠢᠭᠡᠳᠦᠭᠰᠡᠨ ᠬᠠᠭᠠᠨᠲᠤ ᠤᠯᠤᠰ ᠠᠴᠠ ᠮᠣᠩ᠋ᠭᠣᠯ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠹ ∙ ᠮᠠᠯᠤᠨ ᠢ ᠬᠦᠯᠢᠶᠡᠨ ᠠᠪᠴᠤ ᠠᠭᠤᠯᠵᠠᠪᠠ᠃

ᠶᠡᠷᠦᠩᠬᠡᠢᠢᠯᠡᠭᠴᠢ ᠤ᠊ ∙ ᠬᠦᠷᠡᠯᠰᠦ᠋ᠬᠡ ᠠᠭᠤᠯᠵᠠᠯᠲᠠ ᠢᠢᠨ ᠡᠬᠢᠨ ᠳᠥ ᠴᠠᠷ᠎ ᠲᠠᠬᠤᠯ ᠤᠨ ᠬᠦᠨᠳᠦ ᠨᠥᠬᠥᠴᠡᠯ ᠪᠠᠢᠢᠳᠠᠯ ᠳᠤ ᠮᠠᠨ ᠤ ᠤᠯᠤᠰ ᠤᠨ ᠢᠷᠭᠡᠳ ᠦᠨ ᠳᠠᠷᠬᠠᠯᠠᠵᠢᠭᠤᠯᠤᠯᠲᠠ ᠢᠢ ᠨᠡᠮᠡᠭᠳᠡᠭᠦᠯᠬᠦ ᠳᠥ ᠴᠢᠬᠤᠯᠠ ᠠᠴᠢ ᠬᠣᠯᠪᠣᠭᠳᠠᠯ ᠲᠠᠢ 《ᠺᠣᠸᠠᠺᠰ》 ᠬᠥᠲᠥᠯᠪᠦᠷᠢ ᠢᠢ ᠬᠡᠷᠡᠭᠵᠢᠭᠦᠯᠬᠦ ᠳᠥ ᠦᠨᠡᠲᠡᠢ ᠬᠤᠪᠢ ᠨᠡᠮᠡᠷᠢ ᠣᠷᠣᠭᠤᠯᠵᠤ ᠪᠤᠢ ᠪᠷᠢᠲ᠋ᠠᠨ ᠤ ᠵᠠᠰᠠᠭ ᠤᠨ ᠭᠠᠵᠠᠷ ᠲᠤ ᠲᠠᠯᠠᠷᠬᠠᠯ ᠢᠯᠡᠷᠬᠡᠢᠢᠯᠡᠪᠡ᠃

ᠲᠡᠷᠡᠪᠡᠷ ᠮᠣᠩ᠋ᠭᠣᠯ ᠂ ᠪᠷᠢᠲ᠋ᠠᠨ ᠤ ᠨᠠᠢᠢᠷᠰᠠᠭ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠠᠮᠵᠢᠯᠲᠠᠲᠠᠢ ᠬᠥᠭ᠍ᠵᠢᠵᠦ ᠪᠠᠢᠢᠭ᠎ᠠ ᠢᠢ ᠲᠡᠮᠳᠡᠭᠯᠡᠭᠡᠳ᠂ ᠴᠠᠭᠠᠰᠢᠳᠠ ᠭᠤᠷᠪᠠᠳᠠᠭᠴᠢ ᠬᠥᠷᠰᠢ ᠪᠷᠢᠲ᠋ᠠᠨ ᠤᠯᠤᠰ ᠲᠠᠢ ᠬᠠᠷᠢᠯᠴᠠᠭ᠎ᠠ ᠢᠢ ᠤᠯᠠᠮ ᠪᠡᠬᠢᠵᠢᠭᠦᠯᠵᠦ᠂ ᠬᠤᠳᠠᠯᠳᠤᠭ᠎ᠠ᠂ ᠡᠳ᠋ ᠍ ᠦᠨ ᠵᠠᠰᠠᠭ ᠤᠨ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠬᠦ᠂ ᠰᠡᠷᠬᠦᠭᠡᠭ᠍ᠳᠡᠬᠦ ᠡᠷᠴᠢᠮ ᠬᠦᠴᠦᠨ ᠦ ᠦᠢᠯᠡᠳᠪᠦᠷᠢᠯᠡᠯ ᠢ ᠬᠥᠭ᠍ᠵᠢᠭᠦᠯᠬᠦ᠂ ᠪᠠᠢᠢᠭᠠᠯᠢ ᠣᠷᠴᠢᠨ ᠢ ᠬᠠᠮᠠᠭᠠᠯᠠᠬᠤ᠂ ᠠᠭᠤᠷ ᠠᠮᠢᠰᠬᠤᠯ ᠤᠨ ᠥᠭᠡᠷᠡᠴᠢᠯᠡᠯᠲᠡ᠂ ᠴᠥᠯᠵᠢᠯᠲᠡ ᠲᠡᠢ ᠲᠡᠮᠡᠴᠡᠬᠦ ᠴᠢᠭᠯᠡᠯ ᠢᠶᠡᠷ ᠬᠠᠮᠲᠤ ᠢᠢᠨ ᠠᠵᠢᠯᠯᠠᠭ᠎ᠠ ᠢᠢ ᠲᠦᠯᠬᠢᠭᠦᠦ ᠬᠥᠭ᠍ᠵᠢᠭᠦᠯᠬᠦ ᠳᠥ ᠳᠡᠮᠵᠢᠯᠭᠡ ᠦᠵᠡᠭᠦᠯᠵᠦ ᠠᠵᠢᠯᠯᠠᠬᠤ ᠪᠠᠨ ᠢᠯᠡᠷᠬᠡᠢᠢᠯᠡᠪᠡ᠃

ᠡᠯᠴᠢᠨ ᠰᠠᠢᠢᠳ ᠹ ∙ ᠮᠠᠯᠣᠨ ᠮᠣᠩ᠋ᠭᠣᠯ ᠂ ᠪᠷᠢᠲ᠋ᠠᠨ ᠤ ᠬᠤᠳᠠᠯᠳᠤᠭ᠎ᠠ᠂ ᠡᠳ᠋ ᠍ ᠦᠨ ᠵᠠᠰᠠᠭ᠂ ᠪᠠᠢᠢᠭᠠᠯᠢ ᠣᠷᠴᠢᠨ ᠤ ᠰᠠᠯᠪᠤᠷᠢ ᠢᠢᠨ ᠬᠠᠮᠲᠤ ᠢᠢᠨ ᠠᠵᠢᠯᠯᠠᠭ᠎ᠠ ᠢᠢ ᠢᠳᠡᠪᠬᠢᠲᠡᠢ ᠳᠡᠮᠵᠢᠵᠦ ᠠᠵᠢᠯᠯᠠᠬᠤ ᠪᠠᠨ ᠢᠯᠡᠷᠬᠡᠢᠢᠯᠡᠭᠡᠳ ᠠᠭᠤᠷ ᠠᠮᠢᠰᠬᠤᠯ ᠤᠨ ᠥᠭᠡᠷᠡᠴᠢᠯᠡᠯᠲᠡ ᠲᠡᠢ ᠲᠡᠮᠡᠴᠡᠬᠦ᠂ ᠪᠠᠢᠢᠭᠠᠯᠢ ᠣᠷᠴᠢᠨ ᠢ ᠬᠠᠮᠠᠭᠠᠯᠠᠬᠤ ᠴᠢᠭᠯᠡᠯ ᠢᠶᠡᠷ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠰᠠᠨᠠᠭᠠᠴᠢᠯᠠᠭᠰᠠᠨ 《ᠲᠡᠷᠪᠤᠮ ᠮᠣᠳᠣ》 ᠦᠨᠳᠦᠰᠦᠨ ᠦ ᠬᠥᠳᠡᠯᠭᠡᠭᠡᠨ ᠨᠢ ᠴᠠᠭ ᠢᠶᠠᠨ ᠣᠯᠤᠭᠰᠠᠨ ᠴᠢᠬᠤᠯᠠ ᠠᠯᠬᠤᠮ ᠬᠡᠮᠡᠨ ᠣᠨᠴᠠᠯᠠᠪᠠ᠃ ᠳᠡᠯᠡᠬᠡᠢ ᠢᠢᠨ ᠨᠡᠢᠢᠲᠡ ᠢᠢᠨ ᠳᠤᠯᠠᠭᠠᠷᠠᠯ᠂ ᠠᠭᠤᠷ ᠠᠮᠢᠰᠬᠤᠯ ᠤᠨ ᠥᠭᠡᠷᠡᠴᠢᠯᠡᠯᠲᠡ ᠲᠡᠢ ᠲᠡᠮᠡᠴᠡᠬᠦ ᠳᠥ ᠪᠷᠢᠲ᠋ᠠᠨ ᠤ ᠵᠠᠰᠠᠭ ᠤᠨ ᠭᠠᠵᠠᠷ ᠲᠡᠷᠢᠭᠦᠯᠡᠬᠦ ᠠᠴᠢ ᠬᠣᠯᠪᠣᠭᠳᠠᠯ ᠥᠭᠳᠡᠭ ᠭᠡᠳᠡᠭ ᠢ ᠡᠯᠴᠢᠨ ᠰᠠᠢᠢᠳ ᠹ ∙ ᠮᠠᠯᠣᠨ ᠲᠡᠮᠳᠡᠭᠯᠡᠵᠦ᠂ ᠡᠨᠡ 10 ᠳ᠋ᠤᠭᠠᠷ ᠰᠠᠷ᠎ᠠ ᠢᠢᠨ 30 ᠍ ᠠᠴᠠ 11  ᠳᠣᠭᠡᠷ ᠰᠠᠷ᠎ᠠ ᠢᠢᠨ 12 ᠍ ᠤ ᠡᠳᠦᠷ ᠦᠳ ᠲᠥ ᠪᠷᠢᠲ᠋ᠠᠨ ᠤ ᠭᠯᠠᠽᠭᠣᠸ ᠬᠣᠲᠠᠨ᠎ᠠ ᠵᠣᠬᠢᠶᠠᠭᠳᠠᠬᠤ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠢᠢᠨ ᠰᠠᠭᠤᠷᠢ ᠺᠣᠨ᠋ᠸᠧᠨ᠋ᠼ ᠳᠤ ᠣᠷᠣᠯᠴᠠᠭᠴᠢ ᠲᠠᠯ᠎ᠠ ᠨᠤᠭᠤᠳ ᠤᠨ 26 ᠳ᠋ᠤᠭᠠᠷ ᠪᠠᠭ᠎ᠠ ᠬᠤᠷᠠᠯ ᠪᠣᠯᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ  ᠢᠢᠨ ᠣᠷᠣᠯᠴᠠᠬᠤ ᠭᠡᠵᠦ ᠪᠤᠢ ᠠᠭᠤᠷ ᠠᠮᠢᠰᠬᠤᠯ ᠤᠨ ᠥᠭᠡᠷᠡᠴᠢᠯᠡᠯᠲᠡ ᠢᠢᠨ ᠠᠰᠠᠭᠤᠳᠠᠯ ᠢᠢᠠᠷ ᠬᠢ ᠳᠡᠯᠡᠬᠡᠢ ᠢᠢᠨ ᠤᠳᠤᠷᠢᠳᠤᠭᠴᠢᠳ ᠤᠨ ᠳᠡᠭᠡᠳᠦ ᠲᠦᠪᠰᠢᠨ ᠦ ᠠᠭᠤᠯᠵᠠᠯᠲᠠ ᠨᠢ ᠪᠠᠢᠢᠭᠠᠯᠢ ᠣᠷᠣᠨ ᠢ ᠬᠠᠮᠠᠭᠠᠯᠠᠬᠤ ᠳᠡᠯᠡᠬᠡᠢ ᠨᠡᠢᠢᠲᠡ ᠢᠢᠨ ᠬᠦᠴᠦᠨ ᠴᠢᠷᠮᠠᠢᠢᠯᠲᠠ ᠳᠤ ᠴᠢᠬᠤᠯᠠ ᠬᠤᠪᠢ ᠨᠡᠮᠡᠷᠢ ᠣᠷᠣᠭᠤᠯᠤᠨ᠎ᠠ ᠭᠡᠳᠡᠭ ᠲᠥ ᠢᠲᠡᠭᠡᠯ ᠲᠡᠢ ᠪᠠᠢᠢᠭ᠎ᠠ ᠪᠠᠨ ᠢᠯᠡᠷᠬᠡᠢᠢᠯᠡᠪᠡ᠃