Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠺᠠᠨᠠᠳ᠋ ᠤᠯᠤᠰ ᠤᠨ ᠡᠯᠴᠢᠨ ᠰᠠᠢᠢᠳ ᠢ ᠬᠦᠯᠢᠶᠡᠨ ᠠᠪᠴᠤ ᠠᠭᠤᠯᠵᠠᠯ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ ᠺᠠᠨᠠᠳ᠋ ᠤᠯᠤᠰ ᠤᠨ ᠡᠯᠴᠢᠨ ᠰᠠᠢᠢᠳ ᠬᠠᠲᠤᠭᠲᠠᠢ ᠺᠠᠲᠷᠢᠨ ᠢᠪᠺᠣᠹ ᠢ 2021 ᠣᠨ ᠤ 10 ᠳ᠋ᠤᠭᠠᠷ ᠰᠠᠷ᠎ᠠ ᠢᠢᠨ 29 ᠍ ᠦ ᠡᠳᠦᠷ ᠬᠦᠯᠢᠶᠡᠨ ᠠᠪᠴᠤ ᠠᠭᠤᠯᠵᠠᠪᠠ᠃

ᠡᠯᠴᠢᠨ ᠰᠠᠢᠢᠳ ᠺ ∙ ᠢᠸᠺᠣᠹ ᠮᠣᠩ᠋ᠭᠣᠯ ᠤᠯᠤᠰ ᠤᠨ ᠶᠡᠷᠦᠩᠬᠡᠢᠢᠯᠡᠭᠴᠢ ᠪᠡᠷ ᠰᠣᠩ᠋ᠭᠣᠭᠳᠠᠭᠰᠠᠨ ᠳᠤ ᠨᠢ ᠪᠠᠶᠠᠷ ᠬᠦᠷᠭᠡᠵᠦ᠂ ᠠᠮᠵᠢᠯᠲᠠ ᠬᠦᠰᠡᠭᠡᠳ ᠮᠣᠩ᠋ᠭᠣᠯ ᠂ ᠺᠠᠨᠠᠳ᠋ ᠤᠨ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠥᠭ᠍ᠵᠢᠭᠦᠯᠬᠦ ᠢᠢᠨ ᠲᠥᠯᠦᠭᠡ ᠨᠢᠭ᠌ᠲᠠ ᠬᠠᠮᠲᠤᠷᠠᠨ ᠠᠵᠢᠯᠯᠠᠬᠤ ᠢᠢᠨ ᠵᠡᠷᠭᠡᠴᠡᠭᠡ ᠶᠡᠷᠦᠩᠬᠡᠢᠢᠯᠡᠭᠴᠢ ᠢᠢᠨ ᠰᠠᠨᠠᠭᠠᠴᠢᠯᠠᠭᠰᠠᠨ 《ᠲᠡᠷᠪᠤᠮ ᠮᠣᠳᠣ》 ᠦᠨᠳᠦᠰᠦᠨ ᠦ ᠬᠥᠳᠡᠯᠭᠡᠭᠡᠨ ᠢ ᠳᠡᠮᠵᠢᠵᠦ ᠠᠵᠢᠯᠯᠠᠬᠤ ᠪᠠᠨ ᠨᠣᠲᠠᠯᠠᠪᠠ᠃

ᠶᠡᠷᠦᠩᠬᠡᠢᠢᠯᠡᠭᠴᠢ ᠤ᠊ ∙ ᠬᠦᠷᠡᠯᠰᠦ᠋ᠬᠡ ᠮᠣᠩ᠋ᠭᠣᠯ ᠂ ᠺᠠᠨᠠᠳ᠋ ᠤᠨ ᠬᠠᠮᠲᠤ ᠢᠢᠨ ᠠᠵᠢᠯᠯᠠᠭ᠎ᠠ ᠪᠠᠨ ᠤᠯᠤᠰ ᠲᠥᠷᠦ᠂ ᠡᠳ᠋ ᠍ ᠦᠨ ᠵᠠᠰᠠᠭ ᠪᠣᠯᠤᠨ ᠪᠤᠰᠤᠳ ᠴᠢᠭᠯᠡᠯ ᠢᠶᠡᠷ ᠢᠳᠡᠪᠬᠢᠲᠡᠢ ᠬᠥᠭ᠍ᠵᠢᠵᠦ ᠪᠠᠢᠢᠭ᠎ᠠ ᠢᠢ ᠲᠡᠮᠳᠡᠭᠯᠡᠵᠦ᠂ ᠴᠢᠨᠠᠭᠰᠢᠳᠠ ᠡᠨᠡᠬᠦ ᠨᠠᠢᠢᠷᠰᠠᠭ ᠬᠠᠷᠢᠯᠴᠠᠭ᠎ᠠ ᠪᠠᠨ ᠪᠠᠲᠤᠳᠬᠠᠨ ᠪᠡᠬᠢᠵᠢᠭᠦᠯᠵᠦ᠂ ᠢᠵᠢ ᠪᠥᠷᠢᠨ ᠲᠦᠩᠰᠢᠯᠡᠯ ᠳᠥ ᠬᠦᠷᠭᠡᠬᠦ ᠢᠢᠨ ᠲᠥᠯᠦᠭᠡ ᠶᠡᠷᠦᠩᠬᠡᠢᠢᠯᠡᠭᠴᠢ ᠢᠢᠨ ᠬᠤᠪᠢ ᠪᠠᠷ ᠪᠦᠬᠦ ᠲᠠᠯ᠎ᠠ ᠢᠢᠨ ᠳᠡᠮᠵᠢᠯᠭᠡ ᠦᠵᠡᠭᠦᠯᠬᠦ ᠪᠡᠨ ᠢᠯᠡᠷᠬᠡᠢᠢᠯᠡᠪᠡ᠃

ᠠᠭᠤᠯᠵᠠᠯᠲᠠ ᠢᠢᠨ ᠦᠶ᠎ᠡ ᠪᠡᠷ ᠺᠠᠨᠠᠳ᠋ ᠤᠨ ᠬᠥᠭ᠍ᠵᠢᠯ ᠦᠨ ᠬᠥᠲᠥᠯᠪᠦᠷᠢ ᠢᠢᠨ ᠲᠥᠰᠥᠯ ᠦᠳ ᠠᠮᠵᠢᠯᠲᠠᠲᠠᠢ ᠬᠡᠷᠡᠭᠵᠢᠵᠦ᠂ ᠮᠠᠨ ᠤ ᠤᠯᠤᠰ ᠤᠨ ᠨᠡᠢᠢᠭᠡᠮ᠂ ᠡᠳ᠋ ᠍ ᠦᠨ ᠵᠠᠰᠠᠭ ᠤᠨ ᠬᠥᠭ᠍ᠵᠢᠯ ᠳᠡᠪᠰᠢᠯ ᠳᠣ ᠦᠨᠡᠲᠡᠢ ᠬᠤᠪᠢ ᠨᠡᠮᠡᠷᠢ ᠣᠷᠣᠭᠤᠯᠵᠤ ᠪᠠᠢᠢᠭᠠᠳ ᠲᠠᠯ᠎ᠠ ᠨᠤᠭᠤᠳ ᠰᠡᠳᠬᠢᠯ ᠬᠠᠩ᠋ᠭᠠᠯᠤᠭᠤᠨ ᠪᠠᠢᠢᠭ᠎ᠠ ᠪᠠᠨ ᠬᠠᠷᠢᠯᠴᠠᠨ ᠨᠣᠲᠠᠯᠠᠯ᠎ᠠ᠃ ᠲᠡᠭᠦᠨᠴᠢᠯᠡᠨ ᠬᠣᠶᠠᠷ ᠤᠯᠤᠰ ᠤᠨ ᠪᠠᠲᠤᠯᠠᠨ ᠬᠠᠮᠠᠭᠠᠯᠠᠬᠤ ᠰᠠᠯᠪᠤᠷᠢ ᠢᠢᠨ ᠬᠠᠮᠲᠤ ᠢᠢᠨ ᠠᠵᠢᠯᠯᠠᠭ᠎ᠠ ᠥᠷᠭᠡᠵᠢᠨ ᠬᠥᠭ᠍ᠵᠢᠵᠦ᠂ ᠮᠣᠩ᠋ᠭᠣᠯ ᠤᠯᠤᠰ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠡᠩᠬᠡ ᠢᠢ ᠰᠠᠬᠢᠭᠤᠯᠬᠤ ᠠᠵᠢᠯᠯᠠᠭᠠᠨ ᠳᠤ ᠴᠢᠬᠤᠯᠠ ᠡᠭᠦᠷᠭᠡ ᠭᠦᠢᠴᠡᠳᠭᠡᠵᠦ ᠢᠷᠡᠭᠰᠡᠨ ᠢ ᠣᠨᠴᠠᠯᠠᠨ ᠲᠡᠮᠳᠡᠭᠯᠡᠪᠡ᠃

ᠲᠠᠯ᠎ᠠ ᠨᠤᠭᠤᠳ ᠴᠢᠨᠠᠭᠰᠢᠳᠠ ᠠᠭᠤᠷ ᠠᠮᠢᠰᠬᠤᠯ ᠤᠨ ᠥᠭᠡᠷᠡᠴᠢᠯᠡᠯᠲᠡ᠂ ᠴᠥᠯᠵᠢᠯᠲᠡ ᠲᠡᠢ ᠲᠡᠮᠡᠴᠡᠬᠦ᠂ ᠬᠦᠯᠡᠮᠵᠢ ᠢᠢᠨ ᠬᠡᠢ ᠢᠢᠨ ᠢᠯᠭᠠᠷᠠᠯ ᠢ ᠪᠠᠭᠤᠷᠠᠭᠤᠯᠬᠤ᠂ ᠣᠢ ᠢᠢᠨ ᠠᠵᠤ ᠠᠬᠤᠢ᠂ ᠰᠡᠷᠭᠦᠭᠡᠭ᠍ᠳᠡᠬᠦ ᠡᠷᠴᠢᠮ ᠬᠦᠴᠦ᠂ ᠪᠣᠯᠪᠠᠰᠤᠷᠠᠯ ᠤᠨ ᠰᠠᠯᠪᠤᠷᠢ ᠳᠤ ᠬᠠᠮᠲᠤᠷᠠᠨ ᠠᠵᠢᠯᠯᠠᠬᠤ᠂ ᠺᠠᠨᠠᠳ᠋ ᠤᠨ ᠲᠤᠷᠰᠢᠯᠭ᠎ᠠ᠂ ᠲᠧᠭᠨᠢᠭ᠂ ᠲᠧᠭᠨᠣᠯᠣᠭᠢ᠂ ᠢᠨᠨᠣᠸᠠᠼ ᠢ ᠨᠡᠪᠲᠡᠷᠡᠭᠦᠯᠬᠦ ᠲᠠᠯ᠎ᠠ ᠪᠠᠷ ᠰᠠᠨᠠᠯ ᠰᠣᠯᠢᠯᠴᠠᠵᠤ᠂ ᠴᠠᠷ ᠲᠠᠬᠤᠯ ᠢ ᠬᠠᠮᠲᠤ ᠢᠢᠨ ᠬᠦᠴᠦ ᠪᠡᠷ ᠳᠠᠪᠠᠨ ᠲᠤᠭᠤᠯᠵᠤ ᠴᠢᠳᠠᠨ᠎ᠠ ᠭᠡᠳᠡᠭ ᠲᠥ ᠢᠲᠡᠭᠡᠯ ᠲᠡᠢ ᠪᠠᠢᠢᠭ᠎ᠠ ᠪᠠᠨ ᠢᠯᠡᠷᠬᠡᠢᠢᠯᠡᠪᠡ᠃