ᠠᠭᠤᠷ ᠠᠮᠢᠰᠬᠤᠯ ᠤᠨ ᠥᠭᠡᠷᠡᠴᠢᠯᠡᠯᠲᠡ ᠢᠢᠨ ᠠᠰᠠᠭᠤᠳᠠᠯ ᠢᠢᠠᠷ ᠬᠢ ᠳᠡᠯᠡᠬᠡᠢ ᠢᠢᠨ ᠤᠳᠤᠷᠢᠳᠤᠭᠴᠢᠳ ᠤᠨ ᠳᠡᠭᠡᠳᠦ ᠲᠦᠪᠰᠢᠨ ᠦ ᠠᠭᠤᠯᠵᠠᠯᠲᠠ ᠳᠤ ᠣᠷᠣᠯᠴᠠᠵᠤ ᠪᠠᠢᠢᠭ᠎ᠠ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ ᠲᠡᠢ ᠶᠠᠫᠣᠨ ᠤᠯᠤᠰ ᠤᠨ ᠶᠡᠷᠦᠩᠬᠡᠢ ᠰᠠᠢᠢᠳ ᠹᠦᠮᠢᠣ ᠺᠢᠱᠢᠳᠠ ᠠᠭᠤᠯᠵᠠᠯ᠎ᠠ᠃
ᠶᠠᠫᠣᠨ ᠤᠯᠤᠰ ᠤᠨ ᠶᠡᠷᠦᠩᠬᠡᠢ ᠰᠠᠢᠢᠳ ᠢᠶᠠᠷ ᠲᠣᠮᠢᠯᠠᠭᠳᠠᠭᠰᠠᠨ ᠳᠤ ᠨᠢ ᠶᠡᠷᠦᠩᠬᠡᠢᠢᠯᠡᠭᠴᠢ ᠤ᠊ ∙ ᠬᠦᠷᠡᠯᠰᠦ᠋ᠬᠡ ᠪᠠᠶᠠᠷ ᠬᠦᠷᠭᠡᠪᠡ᠃ ᠹᠦᠮᠢᠣ ᠺᠢᠱᠢᠳᠠ ᠮᠥᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠪᠡᠷ ᠰᠣᠩ᠋ᠭᠣᠭᠳᠠᠭᠰᠠᠨ ᠳᠤ ᠨᠢ ᠪᠠᠶᠠᠷ ᠬᠦᠷᠭᠡᠯ᠎ᠡ᠃ ᠶᠡᠷᠦᠩᠬᠡᠢ ᠰᠠᠢᠢᠳ ᠮᠣᠩ᠋ᠭᠣᠯ -ᠶᠠᠫᠣᠨ ᠤ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠥᠭ᠍ᠵᠢᠭᠦᠯᠬᠦ ᠴᠢᠭᠯᠡᠯ ᠢᠶᠡᠷ ᠶᠡᠷᠦᠩᠬᠡᠢᠢᠯᠡᠭᠴᠢ ᠤ᠊ ∙ ᠬᠦᠷᠡᠯᠰᠦ᠋ᠬᠡ ᠲᠡᠢ ᠨᠢᠭ᠌ᠲᠠ ᠬᠠᠮᠲᠤᠷᠠᠨ ᠠᠵᠢᠯᠯᠠᠬᠤ ᠪᠠᠨ ᠨᠣᠲᠠᠯᠠᠨ ᠢᠯᠡᠷᠬᠡᠢᠢᠯᠡᠪᠡ᠃