Та "Internet explorer"-ийн сүүлийн хувилбар болох "Microsoft edge"-г ашиглана уу

Хэрэв "Microsoft edge"-г татах бол энд дарж татаж авна уу

ᠳᠡᠯᠡᠬᠡᠢ ᠢᠢᠨ ᠪᠠᠩᠬᠢ 《ᠲᠡᠷᠪᠤᠮ ᠮᠣᠳᠣ》 ᠦᠨᠳᠦᠰᠦᠨ ᠦ ᠬᠥᠳᠡᠯᠭᠡᠭᠡᠨ ᠢ ᠳᠡᠮᠵᠢᠵᠦ ᠠᠵᠢᠯᠯᠠᠬᠤ ᠪᠠᠨ ᠢᠯᠡᠷᠬᠡᠢᠢᠯᠡᠯ᠎ᠡ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ ᠳᠥ ᠳᠡᠯᠡᠬᠡᠢ ᠢᠢᠨ ᠪᠠᠩᠬᠢ ᠭᠷᠦ᠋ᠫ ᠤᠨ ᠦᠢᠯᠡ ᠠᠵᠢᠯᠯᠠᠭ᠎ᠠ ᠬᠠᠷᠢᠭᠤᠴᠠᠭᠰᠠᠨ ᠵᠠᠬᠢᠷᠤᠯ ᠠᠺᠰᠧᠯ ᠸᠠᠩ ᠲᠷᠣᠲ᠋ᠽᠧᠨ᠋ᠪᠦ᠋ᠷᠭ᠂ ᠠᠽᠢᠶ᠎ᠠ᠂ ᠨᠣᠮᠣᠬᠠᠨ ᠳᠠᠯᠠᠢ ᠢᠢᠨ ᠪᠥᠰᠡ ᠨᠤᠲᠤᠭ ᠬᠠᠷᠢᠭᠤᠴᠠᠭᠰᠠᠨ ᠳᠡᠳ᠋ ᠶᠡᠷᠦᠩᠬᠡᠢᠢᠯᠡᠭᠴᠢ ᠮᠠᠨᠦ᠋ᠧᠧᠯᠠ ᠹᠧᠷᠷᠣ‍ ᠨᠠᠷ ᠪᠠᠷᠠᠭᠠᠯᠬᠠᠯ᠎ᠠ᠃

ᠠᠭᠤᠯᠵᠠᠯᠲᠠ ᠢᠢᠨ ᠡᠬᠢᠨ ᠳᠥ ᠮᠣᠩ᠋ᠭᠣᠯ ᠤᠯᠤᠰ ᠤᠨ ᠶᠡᠷᠦᠩᠬᠡᠢᠢᠯᠡᠭᠴᠢ ᠮᠣᠩ᠋ᠭᠣᠯ ᠤᠯᠤᠰ᠂ ᠳᠡᠯᠡᠬᠡᠢ ᠢᠢᠨ ᠪᠠᠩᠬᠢ ᠭᠷᠦ᠋ᠫ ᠤᠨ ᠬᠠᠮᠲᠤ ᠢᠢᠨ ᠠᠵᠢᠯᠯᠠᠭᠠᠨ ᠤ 30 ᠵᠢᠯ ᠦᠨ ᠣᠢ ᠢᠢᠨ ᠮᠡᠨᠳᠦ ᠢᠢ ᠬᠦᠷᠭᠡᠯ᠎ᠡ᠃ ᠥᠩᠭᠡᠷᠡᠭᠰᠡᠨ ᠬᠤᠭᠤᠴᠠᠭᠠᠨ ᠳᠤ ᠪᠣᠯᠤᠨ ᠺᠣᠸᠢᠳ᠋-19 ᠴᠠᠷ᠎ ᠲᠠᠬᠤᠯ ᠤᠨ ᠦᠶ᠎ᠡ ᠳᠥ ᠳᠡᠯᠡᠬᠡᠢ ᠢᠢᠨ ᠪᠠᠩᠬᠢ ᠭᠷᠦ᠋ᠫ ᠮᠣᠩ᠋ᠭᠣᠯ ᠤᠯᠤᠰ ᠲᠤ ᠳᠡᠮᠵᠢᠯᠭᠡ ᠦᠵᠡᠭᠦᠯᠦᠭᠰᠡᠨ ᠳᠥ ᠲᠠᠯᠠᠷᠬᠠᠯ ᠢᠯᠡᠷᠬᠡᠢᠢᠯᠡᠪᠡ᠃

ᠠᠭᠤᠯᠵᠠᠯᠲᠠ ᠢᠢᠨ ᠦᠶ᠎ᠡ ᠪᠡᠷ ᠴᠠᠷ᠎ ᠲᠠᠬᠤᠯ ᠤᠨ ᠳᠠᠷᠠᠭᠠᠬᠢ ᠡᠳ᠋ ᠍ ᠦᠨ ᠵᠠᠰᠠᠭ ᠤᠨ ᠰᠡᠷᠭᠦᠯᠲᠡ᠂ ᠨᠣᠭᠣᠭᠠᠨ ᠡᠳ᠋ ᠍ ᠦᠨ ᠵᠠᠰᠠᠭ ᠤᠨ ᠰᠢᠯᠵᠢᠯᠲᠡ᠂ ᠨᠣᠭᠣᠭᠠᠨ ᠰᠠᠩᠬᠦᠵᠢᠯᠲᠡ᠂ ᠠᠭᠤᠷ ᠠᠮᠢᠰᠬᠤᠯ ᠤᠨ ᠥᠭᠡᠷᠡᠴᠢᠯᠡᠯᠲᠡ ᠢᠢᠨ ᠠᠰᠠᠭᠤᠳᠠᠯ ᠢᠶᠠᠷ ᠳᠡᠯᠭᠡᠷᠡᠩᠭᠦᠢ ᠶᠠᠷᠢᠯᠴᠠᠯ᠎ᠠ᠃

ᠮᠣᠩ᠋ᠭᠣᠯ ᠤᠯᠤᠰ ᠪᠣᠭᠣᠨᠢ ᠬᠤᠭᠤᠴᠠᠭᠠᠨ ᠳᠤ ᠮᠠᠺᠷᠣ‍ ᠡᠳ᠋ ᠍ ᠦᠨ ᠵᠠᠰᠠᠭ ᠤᠨ ᠲᠣᠭᠲᠠᠪᠤᠷᠢᠲᠠᠢ ᠪᠠᠢᠢᠳᠠᠯ ᠢ ᠬᠠᠳᠠᠭᠠᠯᠠᠬᠤ᠂ ᠲᠥᠰᠥᠪ ᠦᠨ ᠠᠯᠳᠠᠭᠳᠠᠯ ᠢ ᠪᠠᠭᠤᠷᠠᠭᠤᠯᠬᠤ᠂ ᠥᠷ ᠦᠨ ᠲᠣᠭᠲᠠᠪᠤᠷᠢᠲᠠᠢ ᠪᠠᠢᠢᠳᠠᠯ ᠢ ᠬᠠᠩ᠋ᠭᠠᠬᠤ᠂ ᠭᠠᠳᠠᠭᠠᠳᠤ ᠸᠠᠯᠶᠦ᠋ᠲ᠋ᠠ ᠢᠢᠨ ᠬᠠᠩ᠋ᠭᠠᠯᠲᠠᠲᠠᠢ ᠬᠡᠮᠵᠢᠶᠡᠨ ᠦ ᠨᠥᠭᠡᠴᠡ ᠪᠦᠷᠢᠳᠦᠭᠦᠯᠬᠦ ᠵᠠᠮ ᠢᠶᠠᠷ ᠡᠳ᠋ ᠍ ᠦᠨ ᠵᠠᠰᠠᠭ ᠤᠨ ᠪᠣᠭᠣᠨᠢ ᠬᠤᠭᠤᠴᠠᠭᠠᠨ ᠤ ᠪᠣᠯᠵᠣᠰᠢ ᠦᠭᠡᠢ ᠡᠷᠦᠰᠳᠡᠯ ᠦᠨ ᠡᠰᠡᠷᠬᠦ ᠳᠠᠷᠬᠠᠯᠠᠭ᠎ᠠ ᠲᠠᠢ ᠪᠠᠢᠢᠬᠤ ᠳᠤ ᠣᠨᠴᠤᠭᠤᠢ ᠠᠩ᠋ᠬᠠᠷᠴᠤ ᠪᠠᠢᠢᠭ᠎ᠠ ᠢᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ ᠣᠨᠴᠠᠯᠠᠯ᠎ᠠ᠃

ᠲᠡᠭᠦᠨᠴᠢᠯᠡᠨ ᠮᠣᠩ᠋ᠭᠣᠯ ᠤᠯᠤᠰ ᠨᠢ ᠪᠠᠢᠢᠭᠠᠯᠢ ᠣᠷᠴᠢᠨ᠂ ᠠᠭᠤᠷ ᠠᠮᠢᠰᠬᠤᠯ ᠤᠨ ᠥᠭᠡᠷᠡᠴᠢᠯᠡᠯᠲᠡ ᠢᠢᠨ ᠠᠰᠠᠭᠤᠳᠠᠯ ᠳᠤ ᠣᠨᠴᠤᠭᠤᠢ ᠠᠩᠬᠠᠷᠤᠯ ᠬᠠᠨᠳᠤᠭᠤᠯᠵᠤ ᠪᠠᠢᠢᠭ᠎ᠠ ᠪᠥᠭᠡᠳ ᠨᠣᠭᠣᠭᠠᠨ ᠬᠥᠭ᠍ᠵᠢᠯ ᠦᠨ ᠵᠢᠱᠢᠭ ᠣᠷᠣᠨ ᠪᠣᠯᠬᠤ᠂ ᠴᠥᠯᠵᠢᠯᠲᠡ᠂ ᠰᠢᠷ᠎ᠠ ᠰᠢᠷᠤᠢᠢᠨ ᠰᠢᠭᠤᠷᠭ᠎ᠠ ᠲᠠᠢ ᠲᠡᠮᠡᠴᠡᠬᠦ᠂ ᠨᠣᠭᠣᠭᠠᠨ ᠰᠠᠩᠬᠦᠵᠢᠯᠲᠡ ᠢᠢ ᠨᠡᠮᠡᠭᠳᠡᠭᠦᠯᠬᠦ ᠴᠢᠭᠯᠡᠯ ᠢᠶᠡᠷ ᠪᠥᠰᠡ ᠨᠤᠲᠤᠭ ᠤᠨ ᠲᠦᠪᠰᠢᠨ ᠳᠥ ᠢᠳᠡᠪᠬᠢ ᠰᠠᠨᠠᠭᠠᠴᠢᠯᠭ᠎ᠠ ᠲᠠᠢ ᠠᠵᠢᠯᠯᠠᠨ᠎ᠠ ᠭᠡᠳᠡᠭ ᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬᠡᠯᠡᠪᠡ᠃

ᠳᠡᠯᠡᠬᠡᠢ ᠢᠢᠨ ᠪᠠᠩᠬᠢ ᠭᠷᠦ᠋ᠫ ᠤᠨ ᠵᠦᠭ ᠡᠴᠡ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠠᠭᠤᠷ ᠠᠮᠢᠰᠬᠤᠯ ᠤᠨ ᠥᠭᠡᠷᠡᠴᠢᠯᠡᠯᠲᠡ ᠲᠡᠢ ᠲᠡᠮᠡᠴᠡᠬᠦ ᠴᠢᠭᠯᠡᠯ ᠳᠥ ᠶᠠᠪᠤᠭᠤᠯᠵᠤ ᠪᠤᠢ ᠦᠢᠯᠡ ᠠᠵᠢᠯᠯᠠᠭ᠎ᠠ᠂ ᠮᠠᠩᠯᠠᠢᠢᠯᠠᠯ ᠢ ᠲᠤᠭᠤᠰᠢᠲᠠᠢ ᠳᠡᠮᠵᠢᠬᠦ ᠪᠡᠨ ᠢᠯᠡᠷᠬᠡᠢᠢᠯᠡᠵᠦ᠂ ᠲᠡᠭᠦᠨ ᠳᠣᠲᠣᠷ᠎ᠠ ᠪᠠᠨ ᠲᠡᠷᠪᠤᠮ ᠢᠶᠠᠷ ᠲᠣᠭᠠᠯᠠᠭᠳᠠᠬᠤ ᠮᠣᠳᠣ ᠲᠠᠷᠢᠵᠤ ᠤᠷᠭᠤᠭᠤᠯᠬᠤ ᠦᠨᠳᠦᠰᠦᠨ ᠦ ᠬᠥᠳᠡᠯᠭᠡᠭᠡᠨ᠂ ᠲᠡᠭᠦᠨ ᠦ ᠬᠡᠷᠡᠭᠵᠢᠯᠲᠡ ᠪᠣᠯᠤᠨ ᠰᠠᠩᠬᠦᠵᠢᠯᠲᠡ ᠢᠢᠨ ᠲᠠᠯ᠎ᠠ ᠳᠡᠭᠡᠷ᠎ᠡ ᠮᠡᠷᠭᠡᠵᠢᠯ ᠦᠨ ᠵᠥᠪᠯᠡᠭᠡ ᠥᠭᠴᠦ᠂ ᠪᠣᠯᠤᠮᠵᠢᠲᠤ ᠪᠦᠬᠦ ᠳᠡᠮᠵᠢᠯᠭᠡ ᠦᠵᠡᠭᠦᠯᠵᠦ ᠬᠠᠮᠲᠤᠷᠠᠨ ᠠᠵᠢᠯᠯᠠᠬᠤ ᠪᠠᠨ ᠢᠯᠡᠷᠬᠡᠢᠢᠯᠡᠯ᠎ᠡ᠃