Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠶᠢᠯᠡᠭᠴᠢ ᠤ᠊ ∙ ᠬᠦᠷᠡᠯᠰᠦ᠋ᠬᠡ ᠠᠭᠤᠷ ᠠᠮᠢᠰᠬᠤᠯ ᠤᠨ ᠨᠣᠭᠣᠭᠠᠨ ᠰᠠᠩ ᠤᠨ ᠭᠦᠢᠴᠡᠳᠭᠡᠬᠦ ᠵᠠᠬᠢᠷᠤᠯ ᠲᠠᠢ ᠠᠭᠤᠯᠵᠠᠯ᠎ᠠ

ᠠᠭᠤᠷ ᠠᠮᠢᠰᠬᠤᠯ ᠤᠨ ᠥᠭᠡᠷᠡᠴᠢᠯᠡᠯᠲᠡ ᠶᠢᠨ ᠠᠰᠠᠭᠤᠳᠠᠯ ᠢᠢᠠᠷ ᠬᠢ ᠳᠡᠯᠡᠬᠡᠢ ᠶᠢᠨ ᠤᠳᠤᠷᠢᠳᠤᠭᠴᠢᠳ ᠤᠨ ᠳᠡᠭᠡᠳᠦ ᠲᠦᠪᠰᠢᠨ ᠦ ᠠᠭᠤᠯᠵᠠᠯᠲᠠ ᠳᠤ ᠣᠷᠣᠯᠴᠠᠵᠤ ᠪᠤᠢ ᠮᠣᠩ᠋ᠭᠣᠯ ᠤᠯᠤᠰ ᠤᠨ ᠶᠡᠷᠦᠩᠬᠡᠶᠢᠯᠡᠭᠴᠢ ᠤ᠊ ∙ ᠬᠦᠷᠡᠯᠰᠦ᠋ᠬᠡ ᠳᠥ ᠠᠭᠤᠷ ᠠᠮᠢᠰᠬᠤᠯ ᠤᠨ ᠨᠣᠭᠣᠭᠠᠨ ᠰᠠᠩ᠍ ᠦᠨ ᠭᠦᠢᠴᠡᠳᠭᠡᠬᠦ ᠵᠠᠬᠢᠷᠤᠯ ᠶᠠᠨ᠋ᠨᠢᠺ ᠭᠯᠧᠮᠠᠷᠧᠺ ᠪᠠᠷᠠᠭᠠᠯᠬᠠᠯ᠎ᠠ᠃

ᠠᠭᠤᠷ ᠠᠮᠢᠰᠬᠤᠯ ᠤᠨ ᠥᠭᠡᠷᠡᠴᠢᠯᠡᠯᠲᠡ ᠶᠢᠨ ᠲᠤᠬᠠᠢ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠰᠠᠭᠤᠷᠢ ᠺᠣᠨ᠋ᠸᠧᠨ᠋ᠼ ᠢ ᠬᠡᠷᠡᠭᠵᠢᠭᠦᠯᠬᠦ ᠳᠥ ᠬᠥᠭ᠍ᠵᠢᠵᠦ ᠪᠤᠢ ᠣᠷᠣᠨ ᠨᠤᠭᠤᠳ ᠲᠤ ᠰᠠᠩᠬᠦᠦ ᠶᠢᠨ ᠳᠡᠮᠵᠢᠯᠭᠡ ᠦᠵᠡᠭᠦᠯᠬᠦ᠂ ᠲᠧᠭᠨᠢᠭ᠂ ᠠᠷᠭ᠎ᠠ ᠵᠦᠢ ᠶᠢᠨ ᠵᠥᠪᠯᠡᠭᠡ ᠥᠭ᠍ᠬᠦ ᠴᠢᠭ᠌ ᠡᠭᠦᠷᠭᠡ ᠪᠦᠬᠦᠢ ᠠᠭᠤᠷ ᠠᠮᠢᠰᠬᠤᠯ ᠤᠨ ᠨᠣᠭᠣᠭᠠᠨ ᠰᠠᠩ ᠍ ᠲᠠᠢ ᠮᠣᠩ᠋ᠭᠣᠯ ᠤᠯᠤᠰ 2010 ᠣᠨ ᠠᠴᠠ ᠬᠣᠶᠢᠰᠢ ᠢᠳᠡᠪᠬᠢᠲᠡᠢ ᠬᠠᠮᠲᠤᠷᠠᠨ ᠠᠵᠢᠯᠯᠠᠵᠤ ᠪᠠᠶᠢᠨ᠎ᠠ᠃

ᠮᠣᠩ᠋ᠭᠣᠯ ᠤᠯᠤᠰ ᠤᠨ ᠶᠡᠷᠦᠩᠬᠡᠶᠢᠯᠡᠭᠴᠢ ᠤ᠊ ∙ ᠬᠦᠷᠡᠯᠰᠦ᠋ᠬᠡ ᠰᠡᠭᠦᠯ ᠦᠨ 10 ᠵᠢᠯ ᠳᠥ ᠮᠣᠩ᠋ᠭᠣᠯ ᠤᠯᠤᠰ ᠲᠤ ᠳᠡᠮᠵᠢᠯᠭᠡ ᠦᠵᠡᠭᠦᠯᠵᠦ ᠢᠷᠡᠭᠰᠡᠨ ᠳᠥ ᠲᠤᠰ ᠰᠠᠩ ᠤᠨ ᠤᠳᠤᠷᠢᠳᠤᠯᠭ᠎ᠠ ᠳᠤ ᠲᠠᠯᠠᠷᠬᠠᠯ ᠢᠯᠡᠷᠬᠡᠶᠢᠯᠡᠵᠦ᠂ ᠮᠣᠩ᠋ᠭᠣᠯ ᠤᠯᠤᠰ ᠠᠭᠤᠷ ᠠᠮᠢᠰᠬᠤᠯ ᠤᠨ ᠥᠭᠡᠷᠡᠴᠢᠯᠡᠯᠲᠡ ᠶᠢᠨ ᠠᠰᠠᠭᠤᠳᠠᠯ ᠳᠤ ᠣᠨᠴᠤᠭᠤᠢ ᠠᠩᠬᠠᠷᠤᠯ ᠬᠠᠨᠳᠤᠭᠤᠯᠵᠤ ᠪᠠᠶᠢᠭ᠎ᠠ ᠶᠢ ᠲᠣᠳᠣᠳᠬᠠᠪᠠ᠃

ᠲᠤᠬᠠᠶᠢᠯᠠᠪᠠᠯ᠂ ᠤᠯᠠᠮ ᠪᠦᠷ ᠬᠦᠷᠢᠢ᠎ᠡ ᠪᠡᠨ ᠲᠡᠯᠡᠵᠦ ᠪᠤᠢ ᠡᠺᠣᠰᠢᠰᠲ᠋ᠧᠮ ᠦᠨ ᠳᠣᠷᠣᠶᠢᠲᠠᠯ᠂ ᠴᠥᠯᠵᠢᠯᠲᠡ ᠶᠢ ᠪᠠᠭᠤᠷᠠᠭᠤᠯᠬᠤ᠂ ᠰᠢᠷ᠎ᠠ ᠰᠢᠷᠤᠶᠢᠨ ᠰᠢᠭᠤᠷᠭ᠎ᠠ ᠶᠢ ᠰᠠᠭᠠᠷᠠᠭᠤᠯᠬᠤ ᠳᠤ ᠴᠢᠬᠤᠯᠠ ᠠᠴᠢ ᠬᠣᠯᠪᠣᠭᠳᠠᠯ ᠪᠦᠬᠦᠢ ᠲᠡᠷᠪᠤᠮ ᠢᠶᠠᠷ ᠲᠣᠭᠠᠯᠠᠭᠳᠠᠬᠤ ᠮᠣᠳᠣ ᠲᠠᠷᠢᠵᠤ ᠤᠷᠭᠤᠭᠤᠯᠬᠤ ᠦᠨᠳᠦᠰᠦᠨ ᠦ ᠬᠥᠳᠡᠯᠭᠡᠭᠡᠨ ᠢ ᠰᠠᠨᠠᠭᠠᠴᠢᠯᠠᠨ ᠠᠵᠢᠯᠯᠠᠵᠤ ᠪᠠᠶᠢᠭ᠎ᠠ ᠲᠠᠯ᠎ᠠ ᠪᠠᠷ ᠢᠶᠠᠨ ᠬᠡᠯᠡᠯ᠎ᠡ᠃

ᠴᠢᠨᠠᠭᠰᠢᠳᠠ ᠮᠣᠩ᠋ᠭᠣᠯ ᠤᠯᠤᠰ ᠨᠣᠭᠣᠭᠠᠨ ᠬᠥᠭ᠍ᠵᠢᠯ ᠦᠨ ᠪᠣᠳᠣᠯᠭ᠎ᠠ ᠶᠢ ᠴᠢᠬᠤᠯᠠᠴᠢᠯᠠᠵᠤ᠂ ᠳᠣᠲᠤᠭᠠᠳᠤ ᠢᠢᠨ ᠨᠡᠢᠢᠲᠡ ᠪᠦᠲᠦᠭᠡᠭ᠍ᠳᠡᠬᠦᠨ ᠦ ᠨᠢᠭᠡ ᠡᠴᠡ ᠳᠣᠭᠣᠭᠰᠢ ᠦᠭᠡᠢ ᠬᠤᠪᠢ ᠢᠢ ᠪᠠᠶᠢᠭᠠᠯᠢ ᠣᠷᠴᠢᠨ ᠤ ᠰᠠᠯᠪᠤᠷᠢ ᠳᠤ ᠵᠠᠷᠤᠴᠠᠭᠤᠯᠬᠤ ᠪᠣᠳᠣᠯᠭ᠎ᠠ ᠶᠢ ᠪᠠᠷᠢᠮᠲᠠᠯᠠᠵᠤ ᠠᠵᠢᠯᠯᠠᠨ᠎ᠠ ᠭᠡᠳᠡᠭ ᠢᠶᠡᠨ ᠳᠤᠷᠠᠳᠪᠠ᠃ ᠡᠨᠡ ᠬᠦᠷᠢᠶᠡᠨ ᠳᠥ ᠠᠭᠤᠷ ᠠᠮᠢᠰᠬᠤᠯ ᠤᠨ ᠨᠣᠭᠣᠭᠠᠨ ᠰᠠᠩ ᠍ ᠲᠠᠢ ᠬᠠᠮᠲᠤ ᠶᠢᠨ ᠠᠵᠢᠯᠯᠠᠭ᠎ᠠ ᠶᠢ ᠪᠠᠨ ᠥᠷᠭᠡᠵᠢᠭᠦᠯᠬᠦ ᠰᠣᠨᠢᠷᠬᠠᠯ ᠲᠠᠢ ᠪᠠᠶᠢᠭ᠎ᠠ ᠪᠠᠨ ᠬᠡᠯᠡᠵᠦ᠂ ᠡᠨᠡ ᠲᠠᠯ᠎ᠠ ᠪᠠᠷ ᠳᠡᠯᠭᠡᠷᠡᠩᠭᠦᠢ ᠰᠠᠨᠠᠯ ᠰᠤᠯᠢᠯᠴᠠᠪᠠ᠃

ᠠᠭᠤᠷ ᠠᠮᠢᠰᠬᠤᠯ ᠤᠨ ᠨᠣᠭᠣᠭᠠᠨ ᠰᠠᠩ ᠍ ᠦᠨ ᠭᠦᠢᠴᠡᠳᠭᠡᠬᠦ ᠵᠠᠬᠢᠷᠤᠯ ᠶᠠᠨ᠋ᠨᠢᠺ ᠭᠯᠧᠮᠠᠷᠧᠺ ᠬᠡᠯᠡᠬᠦ ᠳᠥ ᠪᠡᠨ᠂ ᠲᠤᠰ ᠰᠠᠩ ᠨᠢ ᠮᠣᠩ᠋ᠭᠣᠯ ᠤᠯᠤᠰ ᠲᠠᠢ ᠬᠠᠮᠲᠤᠷᠠᠨ ᠠᠵᠢᠯᠯᠠᠬᠤ ᠳᠤ ᠪᠠᠨ ᠲᠠᠭᠠᠲᠠᠢ ᠪᠠᠶᠢᠳᠠᠭ ᠪᠥᠭᠡᠳ ᠮᠣᠩ᠋ᠭᠣᠯ ᠤᠯᠤᠰ ᠠᠭᠤᠷ ᠠᠮᠢᠰᠬᠤᠯ ᠤᠨ ᠥᠭᠡᠷᠡᠴᠢᠯᠡᠯᠲᠡ ᠲᠡᠢ ᠲᠡᠮᠡᠴᠡᠬᠦ᠂ ᠴᠥᠯᠵᠢᠯᠲᠡ ᠶᠢ ᠪᠠᠭᠤᠷᠠᠭᠤᠯᠬᠤ ᠴᠢᠭᠯᠡᠯ ᠳᠥ ᠲᠣᠳᠣᠷᠬᠠᠢ ᠰᠠᠨᠠᠯ᠂ ᠰᠠᠨᠠᠭᠠᠴᠢᠯᠠᠭ᠎ᠠ ᠳᠡᠪᠰᠢᠭᠦᠯᠦᠨ ᠠᠵᠢᠯᠯᠠᠵᠤ ᠪᠤᠢ ᠳᠤ ᠪᠠᠶᠠᠷᠲᠠᠢ ᠪᠠᠶᠢᠭ᠎ᠠ ᠪᠠᠨ ᠢᠯᠡᠷᠬᠡᠶᠢᠯᠡᠯ᠎ᠡ᠃

ᠴᠢᠨᠠᠭᠰᠢᠳᠠ ᠬᠠᠮᠲᠤ ᠶᠢᠨ ᠠᠵᠢᠯᠯᠠᠭ᠎ᠠ ᠶᠢ ᠥᠷᠭᠡᠵᠢᠭᠦᠯᠬᠦ ᠶᠢᠨ ᠲᠤᠯᠠᠳᠠ ᠬᠠᠮᠲᠤᠷᠠᠭᠰᠠᠨ ᠲᠥᠰᠥᠯ᠂ ᠬᠥᠲᠥᠯᠪᠦᠷᠢ ᠨᠦᠭᠦᠳ ᠢ ᠬᠡᠷᠡᠭᠵᠢᠭᠦᠯᠬᠦ ᠳᠥ ᠪᠡᠯᠡᠨ ᠭᠡᠳᠡᠭ ᠢᠶᠡᠨ ᠢᠯᠡᠷᠬᠡᠶᠢᠯᠡᠪᠡ᠃

ᠠᠭᠤᠯᠵᠠᠯᠲᠠ ᠳᠤ ᠪᠠᠶᠢᠭᠠᠯᠢ ᠣᠷᠴᠢᠨ᠂ ᠠᠶᠠᠯᠠᠯ ᠵᠢᠭᠤᠯᠴᠢᠯᠠᠯ ᠤᠨ ᠰᠠᠶᠢᠳ ᠨ ∙ ᠤᠷᠲᠤᠨᠠᠭᠰᠠᠨ᠂ ᠶᠡᠷᠦᠩᠬᠡᠶᠢᠯᠡᠭᠴᠢ ᠶᠢᠨ ᠭᠠᠳᠠᠭᠠᠳᠤ ᠪᠣᠳᠣᠯᠭ᠎ᠠ ᠶᠢᠨ ᠵᠥᠪᠯᠡᠬᠦ ᠡ᠊ ∙ ᠣᠳᠤᠪᠠᠶᠠᠷ᠂ ᠶᠡᠷᠦᠩᠬᠡᠶᠢᠯᠡᠭᠴᠢ ᠶᠢᠨ ᠪᠠᠶᠢᠭᠠᠯᠢ ᠣᠷᠴᠢᠨ᠂ ᠨᠣᠭᠣᠭᠠᠨ ᠬᠥᠭ᠍ᠵᠢᠯ ᠦᠨ ᠪᠣᠳᠣᠯᠭ᠎ᠠ ᠶᠢᠨ ᠵᠥᠪᠯᠡᠬᠦ ᠴ ∙ ᠫᠦᠷᠪᠦᠬᠦ᠋ᠦ ᠨᠠᠷ ᠣᠷᠣᠯᠴᠠᠯ᠎ᠠ᠃