ᠶᠡᠬᠡ ᠡᠵᠡᠨ ᠴᠢᠩᠭᠢᠰ ᠬᠠᠭᠠᠨ ᠤ ᠮᠡᠨᠳᠦᠯᠡᠭᠰᠡᠨ ᠦ 859 ᠵᠢᠯ ᠦᠨ ᠣᠢ᠂ 《ᠮᠣᠩ᠋ᠭᠣᠯ ᠪᠠᠬᠠᠷᠬᠠᠯ ᠤᠨ ᠡᠳᠦᠷ》 ᠍ ᠢ ᠲᠣᠬᠢᠶᠠᠯᠳᠤᠭᠤᠯᠤᠨ ᠵᠠᠩᠵᠤᠨ ᠲ ∙ ᠰᠦᠬᠡᠪᠠᠭᠠᠲᠤᠷ ᠤᠨ ᠲᠠᠯᠠᠪᠠᠢ ᠳᠤ ᠮᠣᠩ᠋ᠭᠣᠯ ᠤᠯᠤᠰ ᠤᠨ ᠲᠥᠷᠦ ᠢᠢᠨ ᠳᠠᠯᠪᠠᠭ᠎ᠠ ᠢᠢ ᠮᠠᠨᠳᠤᠭᠤᠯᠬᠤ ᠶᠣᠰᠣᠯᠠᠯ ᠪᠣᠯᠪᠠ᠃ ᠮᠥᠨ ᠲᠥᠷᠥ ᠢᠢᠨ ᠶᠢᠰᠦᠨ ᠬᠥᠯᠲᠦ ᠶᠡᠬᠡ ᠴᠠᠭᠠᠨ ᠲᠤᠭ ᠢ ᠲ ∙ ᠰᠦᠬᠡᠪᠠᠭᠠᠲᠤᠷ ᠤᠨ ᠲᠠᠯᠠᠪᠠᠢ ᠳᠤ ᠵᠠᠯᠠᠵᠤ᠂ ᠶᠢᠰᠦᠨ ᠰᠢᠷᠭ᠎ᠠ ᠮᠣᠷᠢᠲᠤ ᠴᠡᠷᠢᠭ ᠲᠥᠷᠥ ᠢᠢᠨ ᠣᠷᠳᠣᠨ ᠢ ᠨᠠᠷᠠ ᠵᠥᠪ ᠭᠣᠷᠣᠭᠠᠯᠠᠨ ᠴᠢᠩᠭᠡᠭᠦᠯᠪᠡ᠃
ᠶᠡᠬᠡ ᠴᠠᠭᠠᠨ ᠲᠤᠭ ᠢ ᠴᠢᠩᠭᠡᠭᠦᠯᠬᠦ ᠳᠥ ᠲᠣᠷᠭᠠᠨ ᠴᠡᠷᠢᠭ ᠦᠳ᠂ ᠲᠥᠷᠦ ᠢᠢᠨ ᠲᠤᠰᠬᠠᠢ ᠬᠠᠮᠠᠭᠠᠯᠠᠯᠲᠠ ᠢᠢᠨ ᠬᠢᠨ ᠳᠠᠭᠠᠯᠳᠤᠵᠤ᠂ ᠦᠯᠢᠶᠡᠪᠦᠷᠢ ᠨᠠᠢᠢᠷᠠᠯ ᠬᠥᠭ᠍ᠵᠢᠮ ᠳᠥ ᠬᠦᠨᠳᠦᠳᠬᠡᠯ ᠦᠨ ᠠᠶ᠎ᠠ ᠡᠭᠡᠰᠢᠭᠯᠡᠯ᠎ᠡ᠃
ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ 2012 ᠣᠨ ᠤ 01 ᠰᠠᠷ᠎ᠠ ᠢᠢᠨ 09 ᠍ ᠦ ᠡᠳᠦᠷ ᠦᠨ 4 ᠲᠣᠭᠠᠲᠤ ᠵᠠᠷᠯᠢᠭ ᠢᠶᠠᠷ ᠶᠡᠬᠡ ᠡᠵᠡᠨ ᠴᠢᠩᠭᠢᠰ ᠬᠠᠭᠠᠨ ᠤ ᠮᠡᠨᠳᠦᠯᠡᠭᠰᠡᠨ ᠣᠩᠨᠠᠭ᠎ᠠ ᠢᠢ ᠬᠣᠯᠪᠣᠭᠳᠠᠬᠤ ᠠᠵᠢᠯ ᠤᠨ ᠬᠡᠰᠡᠭ ᠦᠨ ᠳ᠋ᠦᠩᠨᠡᠯᠲᠡ ᠪᠣᠯᠤᠨ ᠮᠣᠩ᠋ᠭᠣᠯ ᠤᠯᠤᠰ ᠤᠨ ᠰᠢᠨᠵᠢᠯᠡᠬᠦ ᠤᠬᠠᠭᠠᠨ ᠤ ᠠᠺᠠᠳᠧᠮᠢ ᠢᠢᠨ ᠰᠠᠨᠠᠯ ᠳᠤ ᠦᠨᠳᠦᠰᠦᠯᠡᠨ ᠪᠢᠯᠢᠭ᠌ ᠦᠨ ᠲᠣᠭᠠᠯᠠᠯ ᠤᠨ ᠡᠪᠦᠯ ᠦᠨ ᠲᠡᠷᠢᠭᠦᠨ ᠰᠠᠷ᠎ᠠ ᠢᠢᠨ ᠰᠢᠨ᠎ᠡ ᠢᠢᠨ ᠨᠢᠭᠡᠨ ᠭᠡᠵᠦ ᠲᠣᠭᠲᠠᠭᠠᠨ᠂ ᠤᠭ ᠡᠳᠦᠷ ᠢ 《ᠮᠣᠩ᠋ᠭᠣᠯ ᠪᠠᠬᠠᠷᠬᠠᠯ ᠤᠨ ᠡᠳᠦᠷ》 ᠪᠣᠯᠭᠠᠨ ᠲᠡᠮᠳᠡᠭᠯᠡᠨ ᠥᠩᠭᠡᠷᠡᠭᠦᠯᠵᠦ ᠪᠠᠢᠢᠬᠤ ᠪᠠᠷ ᠪᠣᠯᠤᠭᠰᠠᠨ ᠶᠤᠮ᠃