Та "Internet explorer"-ийн сүүлийн хувилбар болох "Microsoft edge"-г ашиглана уу

Хэрэв "Microsoft edge"-г татах бол энд дарж татаж авна уу

ᠮᠣᠩᠭᠣᠯ ᠤᠯᠤᠰ ᠤᠨ ᠶᠡᠷᠦᠩᠬᠡᠶᠢᠯᠡᠭᠴᠢ ᠬᠠ‍᠂ᠪᠠᠲᠤᠲᠤᠯᠭ᠎ᠠ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠳᠠᠷᠤᠭ᠎ᠠ ᠰᠢ ᠵᠢᠨᠫᠢᠩ ᠳᠥ ᠠᠷᠪᠠᠨ ᠭᠤᠷᠪᠠᠳᠤᠭᠠᠷ ᠤᠳᠠᠭ᠎ᠠ ᠶᠢᠨ ᠪᠦᠬᠦ ᠬᠢᠲᠠᠳ ᠤᠨ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠠᠩᠬᠠᠳᠤᠭᠠᠷ ᠴᠢᠭᠤᠯᠭᠠᠨ ᠢᠶᠠᠷ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠳᠠᠷᠤᠭ᠎ᠠ ᠪᠠᠷ ᠳᠠᠬᠢᠨ ᠰᠣᠩᠭᠣᠭᠳᠠᠭᠰᠠᠨ ᠳᠤ ᠨᠢ ᠪᠠᠶᠠᠷ ᠬᠦᠷᠭᠡᠵᠦ ᠵᠠᠬᠢᠳᠠᠯ ᠢᠯᠡᠭᠡᠪᠡ

ᠮᠣᠩᠭ᠋ᠣᠯ ᠤᠯᠤᠰ ᠤᠨ ᠶᠡᠷᠦᠩᠬᠡᠢᠢᠯᠡᠭᠴᠢ ᠬᠠ‍᠂ᠪᠠᠲᠤᠲᠤᠯᠭ᠎ᠠ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠳᠠᠷᠤᠭ᠎ᠠ ᠰᠢ ᠵᠢᠨᠫᠢᠩ ᠳᠥ ᠠᠷᠪᠠᠨ ᠭᠤᠷᠪᠠᠳᠤᠭᠠᠷ ᠤᠳᠠᠭ᠎ᠠ ᠢᠢᠨ ᠪᠦᠬᠦ ᠬᠢᠲᠠᠳ ᠤᠨ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠠᠩᠬᠠᠳᠤᠭᠠᠷ ᠴᠢᠭᠤᠯᠭᠠᠨ ᠢᠶᠠᠷ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠳᠠᠷᠤᠭ᠎ᠠ ᠪᠠᠷ ᠳᠠᠬᠢᠨ ᠰᠣᠩᠭ᠋ᠣᠭᠳᠠᠭᠰᠠᠨ ᠳᠤ ᠨᠢ ᠪᠠᠶᠠᠷ ᠬᠦᠷᠭᠡᠵᠦ ᠵᠠᠬᠢᠳᠠᠯ ᠢᠯᠡᠭᠡᠪᠡ᠃ ᠵᠠᠬᠢᠳᠠᠯ ᠳᠤ ᠪᠠᠨ 《ᠠᠷᠪᠠᠨ ᠭᠤᠷᠪᠠᠳᠤᠭᠠᠷ ᠤᠳᠠᠭ᠎ᠠ ᠢᠢᠨ ᠪᠦᠬᠦ ᠬᠢᠲᠠᠳ ᠤᠨ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠠᠩᠬᠠᠳᠤᠭᠠᠷ ᠴᠢᠭᠤᠯᠭᠠᠨ ᠢᠶᠠᠷ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠳᠠᠷᠤᠭ᠎ᠠ ᠪᠠᠷ ᠳᠠᠬᠢᠨ ᠰᠣᠩᠭ᠋ᠣᠭᠳᠠᠭᠰᠠᠨ ᠳᠤ ᠬᠠᠯᠠᠭᠤᠨ ᠪᠠᠶᠠᠷ ᠬᠦᠷᠭᠡᠶ᠎ᠡ᠃

 

ᠲᠠᠨ ᠤ ᠤᠳᠤᠷᠢᠳᠤᠯᠭ᠎ᠠ ᠳᠤ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ᠂ ᠬᠢᠲᠠᠳ ᠤᠨ ᠬᠥᠳᠡᠯᠮᠦᠷᠢᠴᠢ᠂ ᠬᠢᠴᠢᠶᠡᠩᠭᠦᠢ ᠠᠷᠠᠳ ᠲᠦᠮᠡᠨ 《ᠬᠣᠶᠠᠷ ᠶᠡᠬᠡ ᠬᠤᠷᠠᠯ》 ᠍ ᠠᠴᠠ ᠳᠡᠪᠰᠢᠭᠦᠯᠦᠭᠰᠡᠨ ᠳᠠᠯᠠᠢᠢᠴᠠᠲᠠᠢ ᠵᠣᠷᠢᠯᠲᠠ ᠨᠤᠭᠤᠳ ᠢ ᠠᠮᠵᠢᠯᠲᠠᠲᠠᠢ ᠬᠡᠷᠡᠭᠵᠢᠭᠦᠯᠵᠦ᠂ ᠬᠥᠭ᠍ᠵᠢᠩᠭᠦᠢ ᠬᠢᠲᠠᠳ ᠤᠯᠤᠰ ᠢ ᠴᠣᠭᠴᠠᠯᠠᠭᠠᠬᠤ ᠦᠢᠯᠡᠰ ᠲᠦ ᠪᠡᠨ ᠶᠡᠬᠡ ᠠᠮᠵᠢᠯᠲᠠ ᠣᠯᠤᠨ᠎ᠠ ᠭᠡᠳᠡᠭ ᠲᠥ ᠢᠲᠡᠭᠡᠯᠲᠡᠢ ᠪᠠᠢᠢᠨ᠎ᠠ᠃

 

ᠬᠢᠲᠠᠳ ᠤᠨ ᠺᠣᠮᠮᠤᠢᠨᠢᠰᠲ ᠨᠠᠮ ᠤᠨ ᠶᠡᠷᠦᠩᠬᠡᠢ ᠨᠠᠷᠢᠨ ᠪᠢᠴᠢᠭ᠌ ᠦᠨ ᠳᠠᠷᠤᠭ᠎ᠠ ᠪᠠᠷ ᠰᠣᠩᠭ᠋ᠣᠭᠳᠠᠭᠰᠠᠨ ᠤ ᠪᠠᠨ ᠳᠠᠷᠠᠭᠠᠬᠠᠨ ᠲᠠᠨ ᠠᠴᠠ ᠢᠷᠡᠭᠦᠯᠦᠭᠰᠡᠨ ᠵᠠᠬᠢᠳᠠᠯ ᠳᠤ 《ᠬᠢᠲᠠᠳ ᠤᠨ ᠺᠣᠮᠮᠤᠢᠨᠢᠰᠲ ᠨᠠᠮ ᠪᠣᠯᠤᠨ ᠬᠢᠲᠠᠳ ᠤᠨ ᠵᠠᠰᠠᠭ ᠤᠨ ᠭᠠᠵᠠᠷ ᠤᠨ ᠵᠦᠭ ᠡᠴᠡ ᠮᠣᠩᠭ᠋ᠣᠯ᠂ ᠬᠢᠲᠠᠳ ᠤᠨ ᠢᠵᠢ ᠪᠦᠷᠢᠨ ᠰᠲ᠋ᠷᠠᠲ᠋ᠧᠭᠢ ᠢᠢᠨ ᠲᠦᠩᠰᠢᠯᠡᠯ ᠦᠨ ᠬᠠᠷᠢᠯᠴᠠᠭ᠎ᠠ ᠢᠢ ᠪᠠᠲᠤᠳᠬᠠᠨ ᠬᠥᠭ᠍ᠵᠢᠭᠦᠯᠬᠦ ᠳᠥ ᠥᠨᠳᠥᠷ ᠠᠴᠢ ᠬᠣᠯᠪᠣᠭᠳᠠᠯ ᠥᠭᠴᠦ ᠪᠠᠢᠢᠭᠠᠳ ᠪᠣᠯᠤᠨ ᠮᠣᠩᠭ᠋ᠣᠯ ᠤᠯᠤᠰ ᠲᠠᠢ ᠬᠠᠷᠢᠯᠴᠠᠨ ᠲᠤᠰᠠᠯᠠᠯᠴᠠᠳᠠᠭ ᠨᠠᠢᠢᠷᠰᠠᠭ ᠬᠥᠷᠰᠢ᠂ ᠬᠠᠷᠢᠯᠴᠠᠨ ᠠᠰᠢᠭᠲᠠᠢ ᠬᠠᠮᠲᠤ ᠳᠤ ᠪᠠᠨ ᠬᠣᠵᠢᠭᠰᠠᠨ ᠰᠠᠢᠢᠨ ᠲᠦᠩᠰᠢ᠂ ᠪᠠᠢᠢᠩᠭ᠋ᠤ ᠬᠠᠷᠢᠯᠴᠠᠨ ᠵᠣᠴᠢᠯᠠᠳᠠᠭ ᠰᠠᠢᠢᠨ ᠠᠨᠳᠠ ᠨᠥᠬᠥᠳ ᠪᠠᠢᠢᠬᠤ ᠳᠤ ᠪᠡᠯᠡᠨ ᠪᠠᠢᠢᠭ᠎ᠠ ᠪᠠᠨ》 ᠳᠠᠬᠢᠨ ᠢᠯᠡᠷᠬᠡᠢᠢᠯᠡᠭᠰᠡᠨ ᠳᠥ ᠭᠦᠨ᠎ᠡ ᠲᠠᠯᠠᠷᠬᠠᠵᠤ ᠪᠠᠢᠢᠭ᠎ᠠ ᠢᠢ ᠮᠢᠨᠢ ᠬᠦᠯᠢᠶᠡᠨ ᠠᠪᠤᠨ᠎ᠠ ᠤᠤ᠃ ᠮᠣᠩᠭ᠋ᠣᠯ ᠤᠯᠤᠰ ᠤᠨ ᠭᠠᠳᠠᠭᠠᠳᠤ ᠪᠣᠳᠣᠯᠭ᠎ᠠ ᠨᠢ ᠨᠢᠭᠡᠳᠦᠮᠡᠯ᠂ ᠵᠠᠯᠭᠠᠮᠵᠢ ᠴᠢᠨᠠᠷ ᠲᠠᠢ ᠪᠥᠭᠡᠳ ᠮᠢᠨᠦ ᠵᠦᠭ ᠡᠴᠡ ᠬᠥᠷᠰᠢ ᠣᠷᠣᠨ ᠨᠤᠭᠤᠳ ᠲᠠᠢ ᠲᠣᠭᠲᠠᠭᠠᠭᠰᠠᠨ ᠤᠯᠠᠮᠵᠢᠯᠠᠯᠲᠤ ᠨᠠᠢᠢᠷᠰᠠᠭ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠤᠯᠠᠮ ᠪᠡᠬᠢᠵᠢᠭᠦᠯᠬᠦ᠂ ᠰᠢᠨ᠎ᠡ ᠱᠠᠲᠤᠨ ᠳᠤ ᠭᠠᠷᠭᠠᠨ ᠬᠥᠭ᠍ᠵᠢᠭᠦᠯᠬᠦ ᠡᠷᠡᠮᠡᠯᠵᠡᠯ ᠲᠡᠢ ᠪᠠᠢᠢᠳᠠᠭ ᠢᠶᠠᠨ ᠤᠳᠠᠭ᠎ᠠ ᠳᠠᠷᠠᠭ᠎ᠠ ᠢᠯᠡᠷᠬᠡᠢᠢᠯᠡᠵᠦ ᠪᠠᠢᠢᠭ᠎ᠠ᠃

 

ᠡᠷᠬᠢᠮᠰᠦᠭ ᠨᠣᠶᠠᠨ ᠳᠠᠷᠤᠭ᠎ᠠ ᠲᠠ 2014 ᠣᠨ ᠳᠤ ᠮᠣᠩᠭ᠋ᠣᠯ ᠤᠯᠤᠰ ᠤᠨ ᠶᠡᠬᠡ ᠬᠤᠷᠠᠯ ᠳᠤ ᠵᠣᠴᠢᠯᠠᠬᠤ ᠦᠶ᠎ᠡ ᠪᠡᠷ᠄

 

《ᠬᠣᠶᠠᠷ ᠲᠠᠯ᠎ᠠ ᠢᠵᠢ ᠪᠦᠷᠢᠨ ᠰᠲ᠋ᠷᠠᠲ᠋ᠧᠭᠢ ᠢᠢᠨ ᠲᠦᠩᠰᠢᠯᠡᠯ ᠦᠨ ᠬᠠᠷᠢᠯᠴᠠᠭ᠎ᠠ ᠲᠣᠭᠲᠠᠭᠠᠭᠰᠠᠨ ᠪᠣᠯᠤᠮᠵᠢ ᠢᠢ ᠠᠰᠢᠭᠯᠠᠨ ᠬᠢᠲᠠᠳ᠂ ᠮᠣᠩᠭ᠋ᠣᠯ ᠤᠨ ᠬᠠᠷᠢᠯᠴᠠᠭ᠎ᠠ ᠢᠢ ᠤᠯᠠᠮ ᠥᠨᠳᠥᠷ ᠲᠦᠪᠰᠢᠨ ᠳᠥ ᠭᠠᠷᠭᠠᠬᠤ ᠬᠡᠷᠡᠭᠲᠡᠢ ᠭᠡᠵᠦ ᠦᠵᠡᠵᠦ ᠪᠠᠢᠢᠨ᠎ᠠ᠃ ᠣᠯᠠᠨ ᠤᠯᠤᠰ ᠤᠨ ᠨᠥᠬᠥᠴᠡᠯ ᠪᠠᠢᠢᠳᠠᠯ ᠳᠤ ᠶᠠᠮᠠᠷ ᠴᠤ ᠥᠭᠡᠷᠡᠴᠢᠯᠡᠯᠲᠡ ᠭᠠᠷᠤᠭᠰᠠᠨ ᠬᠣᠶᠠᠷ ᠤᠯᠤᠰ ᠤᠨ ᠬᠠᠷᠢᠯᠴᠠᠭᠠᠨ ᠤ ᠭᠣᠣᠯ ᠴᠢᠭ᠌ ᠱᠤᠭᠤᠮ ᠢᠶᠠᠨ ᠳᠠᠭᠠᠵᠤ᠂ ᠰᠲ᠋ᠷᠠᠲ᠋ᠧᠭᠢ ᠢᠢᠨ ᠲᠦᠩᠰᠢᠯᠡᠯ ᠦᠨ ᠥᠨᠴᠥᠭ ᠡᠴᠡ ᠨᠥᠭᠥᠭᠡ ᠲᠠᠯ᠎ᠠ ᠢᠢᠨ ᠢᠶᠠᠨ ᠡᠷᠬᠡ ᠠᠰᠢᠭ ᠢ ᠪᠣᠳᠣᠯᠴᠠᠵᠤ ᠪᠠᠢᠢᠬᠤ ᠶᠣᠰᠣᠲᠠᠢ᠃ ᠬᠢᠲᠠᠳ ᠤᠯᠤᠰ ᠬᠥᠭ᠍ᠵᠢᠵᠦ ᠪᠤᠢ ᠣᠷᠣᠨ ᠨᠤᠭᠤᠳ ᠲᠠᠢ ᠬᠠᠮᠲᠤ ᠢᠢᠨ ᠠᠵᠢᠯᠯᠠᠭ᠎ᠠ ᠪᠠᠨ ᠶᠠᠪᠤᠭᠤᠯᠬᠤ ᠳᠤ ᠪᠠᠨ ᠵᠥᠪ ᠦᠵᠡᠯ ᠪᠣᠳᠣᠯ ᠪᠠᠷᠢᠮᠲᠠᠯᠠᠵᠤ᠂ 《ᠪᠢ ᠬᠣᠵᠢᠵᠤ᠂ ᠴᠢ ᠬᠣᠵᠢᠭᠳᠠᠨ᠎ᠠ》᠂ 《ᠪᠢ ᠶᠡᠬᠡ ᠢᠢ᠂ ᠴᠢ ᠪᠠᠭ᠎ᠠ ᠢᠢ》 ᠭᠡᠬᠦ ᠠᠰᠠᠭᠤᠳᠠᠯ ᠭᠠᠷᠭᠠᠬᠤ ᠦᠭᠡᠢ ᠪᠡᠷ᠂ ᠵᠠᠷᠢᠮ ᠲᠣᠳᠣᠷᠬᠠᠢ ᠲᠥᠰᠥᠯ ᠦᠳ ᠳᠡᠭᠡᠷ᠎ᠡ ᠨᠥᠭᠥᠭᠡ ᠲᠠᠯ᠎ᠠ ᠢᠢᠨ ᠡᠷᠬᠡ ᠠᠰᠢᠭ ᠢ ᠢᠯᠡᠭᠦᠦ ᠠᠩᠬᠠᠷᠬᠤ ᠪᠣᠯᠤᠨ᠎ᠠ ᠭᠡᠳᠡᠭ ᠢ ᠪᠢ ᠣᠯᠠᠨᠲᠠ ᠬᠡᠯᠡᠭᠰᠡᠨ᠃ ᠬᠢᠲᠠᠳ ᠤᠯᠤᠰ ᠤᠨ ᠬᠡᠯᠡᠭᠰᠡᠨ ᠦᠭᠡ᠂ ᠠᠮᠠᠯᠠᠭᠰᠠᠨ ᠠᠮᠠᠯᠠᠯᠲᠠ ᠵᠠᠪᠠᠯ ᠪᠡᠶᠡᠯᠡᠬᠦ᠂ ᠬᠡᠷᠡᠭᠵᠢᠬᠦ ᠶᠣᠰᠣᠲᠠᠢ》 ᠭᠡᠵᠦ ᠬᠡᠯᠡᠭᠰᠡᠨ ᠪᠢᠯᠡ᠃ ᠲᠠᠨ ᠤ ᠬᠡᠯᠡᠭᠰᠡᠨ ᠦᠭᠡ ᠢᠢ ᠪᠢᠳᠡ ᠬᠣᠶᠠᠷ ᠣᠷᠣᠨ ᠤ ᠬᠠᠷᠢᠯᠴᠠᠭᠠᠨ ᠳᠤ ᠪᠠᠷᠢᠮᠲᠠᠯᠠᠬᠤ ᠲᠤᠯᠭᠠᠭᠤᠷᠢ ᠦᠵᠡᠯ ᠰᠠᠨᠠᠭ᠎ᠠ ᠬᠡᠮᠡᠨ ᠣᠢᠢᠯᠠᠭᠠᠳᠠᠭ ᠪᠥᠭᠡᠳ ᠡᠳᠡᠭᠡᠷ ᠦᠭᠡᠰ ᠮᠣᠩᠭ᠋ᠣᠯ ᠤᠨ ᠠᠷᠠᠳ ᠲᠦᠮᠡᠨ ᠳᠥ ᠭᠦᠨ ᠢᠲᠡᠭᠡᠯ ᠥᠭᠴᠦ᠂ ᠶᠡᠬᠡ ᠬᠦᠯᠢᠶᠡᠯᠲᠡ ᠢᠢ ᠪᠤᠢ ᠪᠣᠯᠭᠠᠭᠰᠠᠨ᠃ ᠭᠡᠪᠡᠴᠦ ᠵᠠᠷᠢᠮ ᠲᠠᠯ᠎ᠠ ᠪᠠᠷ ᠳᠣᠣᠷᠠᠳᠤ᠂ ᠳᠤᠮᠳᠠ ᠱᠠᠲᠤᠨ ᠳᠤ ᠠᠵᠢᠯ ᠬᠠᠷᠢᠭᠤᠴᠠᠭᠰᠠᠨ ᠬᠦᠮᠦᠰ ᠦᠨ ᠬᠠᠢᠢᠬᠤᠷᠤᠮᠵᠢ ᠦᠭᠡᠢ᠂ ᠰᠡᠳᠬᠢᠯ ᠦᠭᠡᠢ ᠪᠠᠢᠢᠳᠠᠯ ᠠᠴᠠ ᠴᠤ ᠶᠤᠮ ᠤᠤ ᠦᠯᠦ ᠣᠢᠢᠯᠠᠭᠠᠯᠴᠠᠯ᠂ ᠰᠠᠭᠠᠳ ᠪᠡᠷᠬᠡᠰᠢᠶᠡᠯ ᠪᠠᠭ᠎ᠠ ᠭᠡᠯᠲᠡ ᠦᠭᠡᠢ ᠡᠭᠦᠰᠦᠭᠰᠡᠭᠡᠷ ᠪᠠᠢᠢᠭ᠎ᠠ ᠶᠤᠮ᠃

 

ᠮᠣᠩᠭ᠋ᠣᠯ᠂ ᠬᠢᠲᠠᠳ ᠤᠨ ᠬᠤᠳᠠᠯᠳᠤᠭ᠎ᠠ᠂ ᠡᠳ᠋ ᠍ ᠦᠨ ᠵᠠᠰᠠᠭ ᠤᠨ ᠬᠠᠮᠲᠤ ᠢᠢᠨ ᠠᠵᠢᠯᠯᠠᠭᠠᠨ ᠤ ᠳᠤᠮᠳᠠ ᠬᠤᠭᠤᠴᠠᠭᠠᠨ ᠤ ᠬᠥᠭ᠍ᠵᠢᠯ ᠦᠨ ᠬᠥᠲᠥᠯᠪᠦᠷᠢ ᠳᠥ 2020 ᠣᠨ ᠭᠡᠬᠦ ᠳᠥ ᠬᠣᠶᠠᠷ ᠲᠠᠯ᠎ᠠ ᠢᠢᠨ ᠬᠣᠭᠣᠷᠣᠨᠳᠣ ᠢᠢᠨ ᠬᠤᠳᠠᠯᠳᠤᠭᠠᠨ ᠤ ᠡᠷᠭᠢᠯᠲᠡ ᠢᠢ 10 ᠲᠡᠷᠪᠤᠮ ᠠᠮ‍᠂ᠳ᠋ᠣᠯᠯᠠᠷ ᠲᠤ ᠬᠦᠷᠭᠡᠬᠦ ᠵᠣᠷᠢᠯᠲᠠ ᠢᠢ ᠲᠣᠳᠣᠷᠬᠠᠢᠢᠯᠠᠵᠤ ᠬᠣᠶᠠᠷ ᠲᠠᠯ᠎ᠠ ᠢᠢᠨ ᠬᠢᠯᠢ ᠢᠢᠨ ᠪᠣᠭᠣᠮᠲᠠ ᠢᠢᠨ ᠬᠠᠮᠲᠤ ᠢᠢᠨ ᠠᠵᠢᠯᠯᠠᠭᠠᠨ ᠤ ᠲᠠᠯ᠎ᠠ ᠪᠠᠷ ᠭᠦᠨ ᠭᠦᠨᠵᠡᠭᠡᠢ ᠰᠠᠨᠠᠯ ᠰᠣᠯᠢᠯᠴᠠᠵᠤ᠂ ᠲᠣᠬᠢᠷᠠᠯᠴᠠᠭᠠᠨ ᠳᠤ ᠬᠦᠷᠦᠭᠰᠡᠨ᠃ ᠭᠡᠲᠡᠯ᠎ᠡ ᠬᠢᠯᠢ ᠣᠷᠴᠢᠮ ᠤᠨ ᠬᠤᠳᠠᠯᠳᠤᠭᠠᠨ ᠳᠤ ᠭᠡᠨᠡᠳᠲᠡ ᠢᠢᠨ᠂ ᠣᠢᠢᠯᠠᠭᠠᠮᠵᠢ ᠦᠭᠡᠢ ᠲᠧᠭᠨᠢᠭ ᠦᠨ ᠬᠢᠵᠠᠭᠠᠷᠯᠠᠯᠲᠠ ᠨᠤᠭᠤᠳ ᠦᠶ᠎ᠡ ᠦᠶ᠎ᠡ ᠡᠭᠦᠰᠴᠦ᠂ ᠰᠠᠭᠠᠲᠠᠯ᠎᠂ ᠬᠦᠨᠳᠦᠷᠡᠯ ᠦᠳ ᠬᠣᠶᠠᠷ ᠣᠷᠣᠨ ᠤ ᠬᠣᠭᠣᠷᠣᠨᠳᠣᠬᠢ ᠲᠣᠬᠢᠷᠠᠯᠴᠠᠭ᠎ᠠ᠂ ᠵᠣᠷᠢᠯᠲᠠ ᠢᠢ ᠬᠠᠩᠭ᠋ᠠᠨ ᠪᠡᠶᠡᠯᠡᠭᠦᠯᠬᠦ ᠠᠵᠢᠯ ᠳᠤ ᠰᠠᠭᠠᠳ ᠲᠣᠳᠬᠠᠷ ᠤᠴᠠᠷᠠᠭᠤᠯᠬᠤ ᠪᠣᠯᠤᠯ᠎ᠠ᠃

 

ᠮᠣᠩᠭ᠋ᠣᠯ ᠤᠨ ᠲᠠᠯ᠎ᠠ ᠶᠠᠳᠠᠭᠤᠷᠠᠯ ᠢ ᠪᠠᠭᠤᠷᠠᠭᠤᠯᠬᠤ᠂ ᠠᠵᠢᠯ ᠤᠨ ᠪᠠᠢᠢᠷᠢ ᠨᠡᠮᠡᠭᠳᠡᠭᠦᠯᠬᠦ ᠡᠭᠦᠳᠡᠨ ᠡᠴᠡ ᠳᠠᠩ ᠭᠠᠭᠴᠠ ᠲᠦᠭᠦᠬᠡᠢ ᠡᠳ᠋ ᠍ ᠦᠨ ᠨᠠᠢᠢᠮᠠᠢ ᠪᠤᠰᠤ ᠪᠣᠯᠪᠠᠰᠤᠷᠠᠭᠤᠯᠤᠭᠰᠠᠨ ᠪᠦᠲᠦᠭᠡᠭ᠍ᠳᠡᠬᠦᠨ ᠦ ᠬᠤᠳᠠᠯᠳᠤᠭ᠎ᠠ ᠢᠢ ᠬᠢᠲᠠᠳ ᠤᠯᠤᠰ ᠲᠠᠢ ᠬᠢᠬᠦ ᠢᠢ ᠶᠡᠬᠡᠳᠡ ᠬᠦᠰᠡᠵᠦ ᠪᠠᠢᠢᠨ᠎ᠠ᠃ ᠥᠩᠭᠡᠴᠡ ᠬᠠᠷᠠᠬᠤ ᠳᠤ ᠬᠢᠲᠠᠳ ᠤᠨ ᠲᠠᠯ᠎ᠠ ᠳᠤ ᠲᠡᠳᠦᠢᠢᠯᠡᠨ ᠠᠰᠢᠭᠲᠠᠢ ᠲᠤᠰᠬᠤ ᠦᠭᠡᠢ ᠮᠡᠲᠦ ᠬᠠᠷᠠᠭᠳᠠᠬᠤ ᠴᠤ ᠲᠠᠨ ᠤ ᠬᠡᠯᠡᠭᠰᠡᠨ 《ᠵᠠᠷᠢᠮ ᠲᠣᠳᠣᠷᠬᠠᠢ ᠲᠥᠰᠥᠯ ᠦᠳ ᠳᠡᠭᠡᠷ᠎ᠡ ᠨᠥᠭᠥᠭᠡ ᠲᠠᠯ᠎ᠠ ᠢᠢᠨ ᠡᠷᠬᠡ ᠠᠰᠢᠭ ᠢ ᠠᠩᠬᠠᠷᠬᠤ》 ᠵᠠᠷᠴᠢᠮ ᠤᠨ ᠡᠭᠦᠳᠡᠨ ᠡᠴᠡ ᠪᠣᠯ ᠪᠣᠯᠤᠮᠵᠢ ᠦᠭᠡᠢ ᠵᠦᠢᠯ ᠣᠭᠲᠣ ᠪᠢᠰᠢ ᠶᠤᠮ᠃ ᠲᠡᠭᠦᠨᠴᠢᠯᠡᠨ ᠮᠣᠩᠭ᠋ᠣᠯ ᠤᠨ ᠲᠠᠯ᠎ᠠ ᠢᠢᠨ ᠢᠮᠫᠣᠷᠲ ᠤᠨ ᠭᠠᠢᠢᠯᠢ ᠢᠢᠨ ᠲᠠᠲᠠᠪᠤᠷᠢ 5 ᠬᠤᠪᠢ ᠪᠠᠢᠢᠭ᠎ᠠ ᠴᠤ ᠬᠢᠲᠠᠳ ᠲᠠᠯ᠎ᠠ ᠠᠴᠠ ᠵᠠᠷᠢᠮ ᠪᠠᠷᠠᠭᠠᠨ ᠤ ᠢᠮᠫᠣᠷᠲ ᠤᠨ ᠭᠠᠢᠢᠯᠢ ᠢᠢᠨ ᠲᠠᠲᠠᠪᠤᠷᠢ ᠢᠢ 30 ᠬᠦᠷᠲᠡᠯ᠎ᠡ ᠬᠤᠪᠢ ᠪᠠᠷ ᠨᠣᠭᠳᠠᠭᠤᠯᠵᠤ ᠪᠠᠢᠢᠭ᠎ᠠ ᠨᠢ ᠬᠠᠷᠢᠯᠴᠠᠨ ᠲᠡᠩᠴᠡᠪᠦᠷᠢᠲᠡᠢ ᠬᠤᠳᠠᠯᠳᠤᠭ᠎ᠠ ᠶᠠᠪᠤᠭᠤᠯᠬᠤ ᠳᠤ ᠭᠣᠣᠯ ᠰᠠᠭᠠᠳ ᠪᠣᠯᠵᠤ ᠪᠠᠢᠢᠨ᠎ᠠ᠃ ᠮᠣᠩᠭ᠋ᠣᠯᠴᠤᠳ ᠤᠨ ᠣᠯᠠᠩᠬᠢ ᠨᠢ ᠮᠣᠩᠭ᠋ᠣᠯ ᠬᠢᠲᠠᠳ ᠤᠨ ᠬᠠᠷᠢᠯᠴᠠᠭᠠᠨ ᠠᠴᠠ 《ᠬᠣᠶᠠᠭᠤᠯᠠ ᠪᠠᠨ ᠬᠣᠵᠢᠬᠤ ᠶᠣᠰᠣᠲᠠᠢ》 ᠬᠡᠮᠡᠬᠦ ᠲᠠᠨ ᠤ ᠵᠠᠷᠴᠢᠮ᠂ ᠪᠠᠷᠢᠮᠲᠠᠯᠠᠯ ᠢ ᠲᠤᠭᠤᠰᠢᠲᠠᠢ ᠮᠥᠷᠳᠡᠬᠦ ᠰᠣᠨᠢᠷᠬᠠᠯᠲᠠᠢ ᠪᠠᠢᠢᠭ᠎ᠠ᠃

 

ᠮᠣᠩᠭ᠋ᠣᠯᠴᠤᠳ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠢ ᠮᠥᠩᠬᠡ ᠢᠢᠨ ᠰᠠᠢᠢᠨ ᠬᠥᠷᠰᠢ᠂ ᠬᠤᠳᠠᠯᠳᠤᠭᠠᠨ ᠤ ᠬᠠᠮᠤᠭ ᠤᠨ ᠲᠣᠮᠣ ᠢᠲᠡᠭᠡᠯᠲᠦ ᠲᠦᠩᠰᠢ ᠬᠡᠮᠡᠨ ᠦᠵᠡᠳᠡᠭ ᠠᠭᠠᠳ ᠲᠠᠨ ᠤ ᠵᠦᠭ ᠡᠴᠡ ᠬᠣᠶᠠᠷ ᠣᠷᠣᠨ ᠤ ᠬᠤᠳᠠᠯᠳᠤᠭ᠎ᠠ᠂ ᠲᠡᠭᠡᠭᠡᠪᠦᠷᠢ ᠳᠥ ᠡᠭᠦᠰᠦᠭᠰᠡᠨ ᠬᠦᠨᠳᠦᠷᠡᠯ ᠳᠥ ᠥᠪᠡᠷ ᠦᠨ ᠠᠩᠬᠠᠷᠤᠯ ᠢ ᠬᠠᠨᠳᠤᠭᠤᠯᠵᠤ᠂ ᠵᠣᠬᠢᠰᠲᠠᠢ ᠪᠠᠷ ᠰᠢᠢᠳᠪᠦᠷᠢᠯᠡᠵᠦ ᠥᠭ᠍ᠭᠦᠨ᠎ᠡ ᠬᠡᠮᠡᠨ ᠨᠠᠢᠢᠳᠠᠵᠤ ᠪᠠᠢᠢᠨ᠎ᠠ᠃ 《ᠬᠢᠲᠠᠳ ᠤᠯᠤᠰ ᠮᠣᠩᠭ᠋ᠣᠯ ᠤᠯᠤᠰ ᠢ ᠣᠷᠤᠯᠴᠠᠭᠤᠯᠤᠭᠠᠳ ᠬᠥᠷᠰᠢ ᠣᠷᠣᠨ ᠨᠤᠭᠤᠳ ᠲᠠᠭᠠᠨ ᠬᠥᠭ᠍ᠵᠢᠯ ᠦᠨ ᠪᠣᠯᠤᠮᠵᠢ᠂ ᠬᠥᠭ᠍ᠵᠢᠬᠦ ᠣᠷᠣᠨ ᠵᠠᠢ ᠢᠢ ᠣᠯᠭᠤᠨ᠎ᠠ᠃ ᠲᠠ ᠪᠦᠬᠦᠨ ᠢ ᠬᠢᠲᠠᠳ ᠤᠨ ᠬᠥᠭ᠍ᠵᠢᠯ ᠦᠨ ᠭᠠᠯᠲᠤ ᠲᠡᠷᠭᠡᠨ ᠳᠥ ᠰᠠᠭᠤᠬᠤ ᠢᠢ ᠤᠷᠢᠵᠤ ᠪᠠᠢᠢᠨ᠎ᠠ》 ᠭᠡᠰᠡᠨ ᠲᠠᠨ ᠤ ᠢᠲᠡᠭᠡᠯ ᠲᠡᠭᠦᠰ ᠦᠭᠡ ᠮᠣᠩᠭ᠋ᠣᠯᠴᠤᠳ ᠲᠤ ᠨᠠᠢᠢᠷᠰᠠᠭ ᠬᠦᠯᠢᠶᠡᠯᠲᠡ ᠡᠭᠦᠰᠬᠡᠭ᠍ᠰᠡᠭᠡᠷ ᠪᠠᠢᠢᠭ᠎ᠠ ᠢᠢ ᠤᠯᠠᠮᠵᠢᠯᠠᠶ᠎ᠠ᠃

 

ᠪᠡᠶ᠎ᠡ ᠪᠡᠶ᠎ᠡ ᠢᠢᠨ ᠢᠵᠠᠭᠤᠷ ᠡᠷᠬᠡ ᠠᠰᠢᠭ ᠢ ᠬᠠᠷᠢᠯᠴᠠᠨ ᠬᠦᠨᠳᠦᠳᠭᠡᠬᠦ ᠦᠨᠳᠦᠰᠦᠨ ᠳᠡᠭᠡᠷ᠎ᠡ ᠮᠣᠩᠭ᠋ᠣᠯ᠂ ᠬᠢᠲᠠᠳ ᠤᠨ ᠢᠵᠢ ᠪᠦᠷᠢᠨ ᠰᠲ᠋ᠷᠠᠲ᠋ᠧᠭᠢ ᠢᠢᠨ ᠲᠦᠩᠰᠢᠯᠡᠯ ᠦᠨ ᠬᠠᠷᠢᠯᠴᠠᠭ᠎ᠠ ᠢᠢ ᠤᠷᠤᠭᠰᠢᠯᠠᠭᠤᠯᠵᠤ᠂ ᠬᠠᠷᠢᠯᠴᠠᠨ ᠠᠰᠢᠭᠲᠠᠢ ᠬᠠᠮᠲᠤ ᠢᠢᠨ ᠠᠵᠢᠯᠯᠠᠭ᠎ᠠ ᠢᠢ ᠢᠳᠡᠪᠬᠢᠵᠢᠭᠦᠯᠦᠨ᠂ ᠬᠣᠶᠠᠷ ᠤᠯᠤᠰ ᠤᠨ ᠬᠥᠭ᠍ᠵᠢᠯ ᠴᠡᠴᠡᠭᠯᠡᠯᠲᠡ᠂ ᠬᠣᠶᠠᠷ ᠠᠷᠠᠳ ᠲᠦᠮᠡᠨ ᠦ ᠢᠲᠡᠭᠡᠯᠴᠡᠯ᠂ ᠨᠥᠬᠥᠷᠯᠡᠯ ᠢ ᠪᠠᠲᠤᠳᠬᠠᠬᠤ ᠢᠢᠨ ᠲᠥᠯᠥᠭᠡ ᠮᠢᠨᠦ ᠪᠡᠶ᠎ᠡ ᠲᠠᠨ ᠲᠠᠢ ᠬᠠᠮᠲᠤᠷᠠᠨ ᠠᠵᠢᠯᠯᠠᠬᠤ ᠳᠤ ᠲᠠᠭᠠᠲᠠᠢ ᠪᠠᠢᠢᠬᠤ ᠪᠣᠯᠤᠨ᠎ᠠ᠃

 

ᠡᠷᠬᠢᠮᠰᠦᠭ ᠨᠣᠶᠠᠨ ᠲᠠᠨ ᠳᠤ ᠡᠷᠡᠭᠦᠯ ᠡᠩᠬᠡ᠂ ᠰᠠᠢᠢᠨ ᠰᠠᠢᠢᠬᠠᠨ ᠪᠦᠬᠦᠨ ᠢ᠂ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠳᠦ ᠬᠥᠭ᠍ᠵᠢᠯ ᠴᠡᠴᠡᠭᠯᠡᠯᠲᠡ᠂ ᠬᠢᠲᠠᠳ ᠤᠨ ᠨᠠᠢᠢᠷᠰᠠᠭ ᠠᠷᠠᠳ ᠲᠦᠮᠡᠨ ᠳᠥ ᠠᠵᠠ ᠵᠢᠷᠭᠠᠯ ᠬᠦᠰᠡᠨ ᠢᠷᠦᠭᠡᠶ᠎ᠡ》 ᠭᠡᠵᠡᠢ᠃