ᠠᠩ᠋ᠬᠠᠳᠤᠭᠠᠷ ᠦᠨᠳᠦᠰᠦᠨ ᠬᠠᠤᠯᠢ ᠪᠠᠨ ᠪᠠᠲᠤᠯᠠᠵᠤ᠂ ᠪᠦᠭᠦᠳᠡ ᠨᠠᠢᠢᠷᠠᠮᠳᠠᠬᠤ ᠤᠯᠤᠰ ᠢᠶᠠᠨ ᠲᠤᠩ᠋ᠬᠠᠭᠯᠠᠭᠰᠠᠨ ᠤ 97 ᠵᠢᠯ ᠦᠨ ᠣᠢ ᠢᠢ ᠲᠣᠬᠢᠶᠠᠯᠳᠤᠭᠤᠯᠤᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠦᠯᠰᠦ᠋ᠬᠡ᠂ ᠤᠯᠤᠰ ᠤᠨ ᠶᠡᠬᠡ ᠬᠤᠷᠠᠯ ᠤᠨ ᠳᠠᠷᠤᠭ᠎ᠠ ᠭ ∙ ᠽᠠᠨᠳᠠᠨᠰᠢᠲᠠᠷ᠎ᠠ᠂ ᠮᠣᠩ᠋ᠭᠣᠯ ᠤᠯᠤᠰ ᠤᠨ ᠶᠡᠷᠦᠩᠬᠡᠢ ᠰᠠᠢᠢᠳ ᠯ ∙ ᠣᠶᠤᠨ-ᠡᠷᠳᠡᠨᠢ ᠨᠠᠷ ᠵᠠᠩᠵᠤᠨ ᠲ ∙ ᠰᠦᠬᠡᠪᠠᠭᠠᠲᠤᠷ ᠤᠨ ᠬᠥᠰᠢᠶᠡᠨ ᠳᠥ ᠴᠡᠴᠡᠭ ᠡᠷᠭᠦᠵᠦ᠂ ᠶᠡᠬᠡ ᠡᠵᠡᠨ ᠴᠢᠩᠭᠢᠰ ᠬᠠᠭᠠᠨ ᠤ ᠬᠥᠰᠢᠶᠡᠨ ᠳᠥ ᠬᠦᠨᠳᠦᠳᠬᠡᠯ ᠦᠵᠡᠭᠦᠯᠪᠡ᠃
ᠮᠣᠩ᠋ᠭᠣᠯᠴᠤᠳ 1924 ᠣᠨ ᠤ 11 ᠳ᠋ᠦ᠋ᠭᠡᠷ ᠰᠠᠷ᠎ᠠ ᠢᠢᠨ 26 ᠍ ᠤ ᠡᠳᠦᠷ ᠠᠩ᠋ᠬᠠᠳᠤᠭᠠᠷ ᠦᠨᠳᠦᠰᠦᠨ ᠬᠠᠤᠯᠢ ᠪᠠᠨ ᠪᠠᠲᠤᠯᠠᠵᠤ᠂ ᠪᠦᠭᠦᠳᠡ ᠨᠠᠢᠢᠷᠠᠮᠳᠠᠬᠤ ᠤᠯᠤᠰ ᠢᠶᠠᠨ ᠲᠤᠩ᠋ᠬᠠᠭᠯᠠᠭᠰᠠᠨ ᠲᠡᠦᠬᠡ ᠲᠡᠢ᠃ ᠤᠯᠤᠰ ᠤᠨ ᠠᠩ᠋ᠬᠠᠳᠤᠭᠠᠷ ᠶᠡᠬᠡ ᠬᠤᠷᠠᠯ 1924 ᠣᠨ ᠤ 09 ᠳᠤᠭᠡᠷ ᠰᠠᠷ᠎ᠠ ᠢᠢᠨ 08 ᠍ ᠤ ᠡᠳᠦᠷ ᠨᠡᠢᠢᠰᠯᠡᠯ ᠬᠦᠷᠢᠶᠡᠨ ᠳᠥ ᠡᠬᠢᠯᠡᠵᠦ᠂ ᠬᠠᠯᠬ᠎ᠠ ᠢᠢᠨ ᠳᠥᠷᠪᠡ᠂ ᠳᠥᠷᠪᠡᠳ ᠦᠨ ᠬᠣᠶᠠᠷ ᠠᠢᠢᠮᠠᠭ᠂ ᠠᠯᠲᠠᠢ᠂ ᠬᠥᠪᠰᠥᠭᠥᠯ ᠦᠨ ᠤᠷᠢᠶᠠᠩ᠋ᠬᠠᠢ ᠬᠣᠰᠢᠭᠤᠳ᠂ ᠳᠠᠷᠢᠭᠠᠩ᠋ᠭᠠ᠂ ᠬᠣᠪᠳᠣ ᠢᠢᠨ ᠲᠠᠷᠢᠶᠠᠴᠢᠨ ᠬᠣᠰᠢᠭᠤ ᠪᠣᠯᠤᠨ ᠠᠷᠠᠳ ᠤᠨ ᠴᠡᠷᠢᠭ ᠦᠨ ᠠᠩᠭᠢ ᠨᠤᠭᠤᠳ ᠠᠴᠠ ᠨᠡᠢᠢᠲᠡ 77 ᠬᠦᠮᠦᠨ ᠲᠥᠯᠥᠭᠡᠯᠡᠭᠴᠢ ᠪᠡᠷ ᠣᠷᠣᠯᠴᠠᠵᠠᠢ᠃
ᠠᠩ᠋ᠬᠠᠳᠤᠭᠠᠷ ᠦᠨᠳᠦᠰᠦᠨ ᠬᠠᠤᠯᠢ ᠵᠢᠷᠭᠤᠭᠠᠨ ᠪᠦᠯᠦᠭ᠂ 50 ᠵᠦᠢᠯ ᠲᠡᠢ᠃ ᠨᠢᠭᠡᠳᠦᠭᠡᠷ ᠵᠦᠢᠯ ᠳᠥ 《ᠪᠦᠬᠦ ᠮᠣᠩ᠋ᠭᠣᠯ ᠤᠯᠤᠰ ᠢ ᠡᠭᠦᠨ ᠡᠴᠡ ᠬᠣᠢᠢᠰᠢ ᠪᠦᠭᠦᠳᠡ ᠨᠠᠢᠢᠷᠠᠮᠳᠠᠬᠤ ᠪᠦᠷᠢᠨ ᠡᠷᠬᠡ ᠲᠡᠢ ᠠᠷᠠᠳ ᠤᠯᠤᠰ ᠬᠡᠮᠡᠵᠦ᠂ ᠤᠯᠤᠰ ᠤᠨ ᠳᠡᠭᠡᠳᠦ ᠡᠷᠬᠡ ᠢᠢ ᠵᠢᠩᠬᠢᠨᠢ ᠠᠷᠠᠳ ᠲᠤ ᠡᠳ᠋ᠯᠡᠭᠦᠯᠦᠨ᠂ ᠤᠯᠤᠰ ᠤᠨ ᠠᠯᠢᠪᠠ ᠬᠡᠷᠡᠭ ᠢ ᠤᠯᠤᠰ ᠤᠨ ᠶᠡᠬᠡ ᠬᠤᠷᠠᠯ ᠪᠠ ᠮᠥᠨ ᠬᠠᠤᠯᠢ ᠪᠠᠷ ᠰᠣᠩ᠋ᠭᠣᠭᠳᠠᠭᠰᠠᠨ ᠵᠠᠰᠠᠭ ᠤᠨ ᠭᠠᠵᠠᠷ ᠠᠴᠠ ᠭᠦᠢᠴᠡᠳᠭᠡᠨ ᠰᠢᠢᠳᠪᠦᠷᠢᠯᠡᠭᠦᠯᠬᠦ ᠶᠠᠪᠤᠳᠠᠯ ᠢ ᠨᠡᠢᠢᠲᠡ ᠪᠡᠷ ᠰᠦᠰᠦᠯᠡᠨ ᠳᠠᠭᠠᠪᠠᠯ ᠵᠣᠬᠢᠨ᠎ᠠ》 ᠭᠡᠵᠦ ᠵᠠᠭᠠᠵᠠᠢ᠃ ᠬᠠᠭᠤᠳᠠᠰᠤ ᠪᠦᠷᠢ ᠳᠡᠭᠡᠷ᠎ᠡ ᠨᠢ 《ᠠᠷᠠᠳ ᠤᠨ ᠡᠷᠬᠡᠲᠦ ᠮᠣᠩ᠋ᠭᠣᠯ ᠤᠯᠤᠰ ᠤᠨ ᠬᠤᠷᠠᠯ ᠤᠨ ᠲᠠᠮᠠᠭ᠎ᠠ》 ᠭᠡᠰᠡᠨ ᠳᠥᠷᠪᠡᠯᠵᠢᠨ ᠲᠠᠮᠠᠭ᠎ᠠ ᠳᠠᠷᠤᠭᠰᠠᠨ ᠮᠣᠩ᠋ᠭᠣᠯ ᠤᠯᠤᠰ ᠤᠨ ᠠᠩ᠋ᠬᠠᠳᠤᠭᠠᠷ ᠦᠨᠳᠦᠰᠦᠨ ᠬᠠᠤᠯᠢ ᠢᠢᠨ 18 ᠬᠠᠭᠤᠳᠠᠰᠤ ᠡᠬᠢ ᠪᠢᠴᠢᠭ᠌᠂ ᠦᠨᠳᠦᠰᠦᠨ ᠬᠠᠤᠯᠢ ᠢᠢᠨ ᠵᠦᠢᠯ᠂ ᠵᠢᠭᠠᠯᠲᠠ ᠢᠢ ᠲᠠᠢᠢᠯᠪᠤᠷᠢᠯᠠᠭᠰᠠᠨ 72 ᠬᠠᠭᠤᠳᠠᠰᠤ ᠲᠠᠢᠢᠯᠪᠤᠷᠢ ᠰᠡᠯᠲᠡ ᠠᠷᠬᠢᠸ ᠤᠨ ᠶᠡᠷᠦᠩᠬᠡᠢ ᠭᠠᠵᠠᠷ ᠤᠨ ᠰᠠᠩ ᠬᠥᠮᠦᠷᠢᠭᠡ ᠳᠥ ᠬᠠᠳᠠᠭᠠᠯᠠᠭᠳᠠᠵᠤ ᠪᠠᠢᠢᠨ᠎ᠠ᠃