Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ᠄ ᠣᠷᠤ ᠨᠡᠷ᠎ᠡ ᠲᠡᠳᠦᠢ ᠪᠢᠰᠢ᠂ ᠳᠣᠷᠪᠢᠲᠠᠢ᠂ ᠵᠣᠷᠢᠭ ᠲᠠᠢ ᠠᠯᠬᠤᠮ ᠬᠢ

ᠰᠡᠭᠦᠯ ᠦᠨ ᠡᠳᠦᠷ ᠦᠳ ᠲᠥ ᠥᠷᠨᠢᠭᠰᠡᠨ ᠠᠷᠠᠳ ᠢᠷᠭᠡᠳ᠂ ᠵᠠᠯᠠᠭᠤᠰ ᠤᠨ ᠲᠠᠢᠢᠪᠤᠩ ᠵᠢᠭ᠌ᠰᠠᠭᠠᠯ ᠲᠠᠢ ᠬᠣᠯᠪᠣᠭᠳᠠᠭᠤᠯᠤᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ ᠮᠣᠩ᠋ᠭᠣᠯ ᠤᠯᠤᠰ ᠤᠨ ᠶᠡᠬᠡ ᠬᠤᠷᠠᠯ ᠤᠨ ᠳᠠᠷᠤᠭ᠎ᠠ ᠭᠤ‍ ∙ ᠽᠠᠨᠳᠠᠨᠰᠢᠲᠠᠷ ᠠ ᠂ ᠶᠡᠷᠦᠩᠬᠡᠢ ᠰᠠᠢᠢᠳ ᠯᠤ‍ ∙ ᠣᠶᠤᠨ-ᠡᠷᠳᠡᠨᠢ ᠪᠣᠯᠤᠨ ᠤᠯᠤᠰ ᠤᠨ ᠶᠡᠬᠡ ᠬᠤᠷᠠᠯ ᠤᠨ ᠪᠠᠢᠢᠩ᠋ᠭᠤ ᠢᠢᠨ ᠬᠣᠷᠢᠶᠠᠳ ᠤᠨ ᠳᠠᠷᠤᠭ᠎ᠠ ᠨᠠᠷ᠂ ᠵᠠᠰᠠᠭ ᠤᠨ ᠭᠠᠵᠠᠷ᠂ ᠤᠯᠤᠰ ᠤᠨ ᠶᠡᠬᠡ ᠬᠤᠷᠠᠯ ᠳ᠋ᠠᠬᠢ ᠮᠣᠩ᠋ᠭᠣᠯ ᠠᠷᠠᠳ ᠤᠨ ᠨᠠᠮ ᠤᠨ ᠪᠦᠯᠦᠭ ᠦᠨ ᠵᠠᠷᠢᠮ ᠭᠡᠰᠢᠭᠦᠨ ᠲᠡᠢ ᠠᠭᠤᠯᠵᠠᠯ᠎ᠠ᠃

ᠠᠭᠤᠯᠵᠠᠯᠲᠠ ᠢᠢᠨ ᠡᠬᠢᠨ ᠳᠥ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠯᠤᠰ᠂ ᠣᠷᠣᠨ ᠤ ᠨᠡᠢᠢᠭᠡᠮ᠂ ᠡᠳ᠋ ᠍ ᠦᠨ ᠵᠠᠰᠠᠭ ᠤᠨ ᠬᠦᠨᠳᠦ ᠨᠥᠬᠥᠴᠡᠯ ᠪᠠᠢᠢᠳᠠᠯ ᠠᠴᠠ ᠡᠭᠦᠳᠦᠨ ᠠᠷᠠᠳ ᠢᠷᠭᠡᠳ᠂ ᠵᠠᠯᠠᠭᠤ ᠦᠶ᠎ᠡ ᠢᠢᠨ ᠬᠢᠨ ᠲᠠᠢᠢᠪᠤᠩ ᠵᠢᠭ᠌ᠰᠠᠭᠠᠯ ᠬᠢᠵᠦ᠂ ᠦᠵᠡᠯ ᠪᠣᠳᠣᠯ ᠢᠶᠠᠨ ᠵᠥᠪ᠂ ᠪᠣᠯᠪᠠᠰᠤᠨ ᠵᠠᠮ ᠢᠶᠠᠷ ᠢᠯᠡᠷᠬᠡᠢᠢᠯᠡᠵᠦ᠂ ᠵᠠᠰᠠᠭ ᠤᠨ ᠭᠠᠵᠠᠷ ᠲᠤ ᠱᠠᠭᠠᠷᠳᠠᠯᠭ᠎ᠠ ᠬᠦᠷᠭᠡᠭᠦᠯᠦᠭᠰᠡᠨ ᠨᠢ ᠵᠦᠢ ᠶᠣᠰᠣᠨ ᠤ ᠰᠠᠨᠠᠭᠤᠯᠭ᠎ᠠ᠂ ᠠᠩᠬᠠᠷᠤᠭᠤᠯᠭ᠎ᠠ ᠭᠡᠳᠡᠭ ᠢ ᠣᠨᠴᠠᠯᠠᠨ ᠲᠡᠮᠳᠡᠭᠯᠡᠪᠡ᠃

ᠴᠢᠨᠠᠭᠰᠢᠳᠠ ᠴᠤ ᠳᠡᠯᠡᠬᠡᠢ ᠨᠡᠢᠢᠲᠡ ᠪᠡᠷ ᠲᠦᠭᠦᠬᠡᠢ ᠡᠳ᠋ ᠪᠣᠯᠤᠨ ᠬᠦᠨᠡᠰᠦᠨ ᠦ ᠦᠨ᠎ᠡ ᠦᠰᠬᠦ᠂ ᠲᠡᠭᠡᠭᠡᠪᠦᠷᠢ ᠢᠢᠨ ᠵᠠᠷᠤᠳᠠᠯ ᠨᠡᠮᠡᠭᠳᠡᠬᠦ᠂ ᠨᠡᠢᠢᠯᠡᠭᠦᠯᠦᠯᠲᠡ ᠢᠢᠨ ᠳᠣᠭᠣᠯᠳᠠᠯ ᠦᠷᠭᠦᠯᠵᠢᠯᠡᠬᠦ ᠬᠠᠨᠳᠤᠯᠭ᠎ᠠ ᠲᠠᠢ ᠪᠠᠢᠢᠭ᠎ᠠ ᠢᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠰᠠᠨᠠᠭᠤᠯᠪᠠ᠃

ᠳᠡᠭᠡᠷᠡᠬᠢ ᠨᠥᠬᠥᠴᠡᠯ ᠪᠠᠢᠢᠳᠠᠯ ᠤᠨ ᠲᠠᠯ᠎ᠠ ᠪᠠᠷ ᠮᠣᠩ᠋ᠭᠣᠯ ᠤᠯᠤᠰ ᠤᠨ ᠶᠡᠷᠦᠩᠬᠡᠢᠢᠯᠡᠭᠴᠢ᠂ ᠦᠨᠳᠦᠰᠦᠨ ᠦ ᠠᠶᠤᠯ ᠦᠭᠡᠢ ᠪᠠᠢᠢᠳᠠᠯ ᠤᠨ ᠵᠥᠪᠯᠡᠯ ᠦᠨ ᠲᠡᠷᠢᠭᠦᠨ ᠦ ᠬᠤᠪᠢ ᠪᠡᠷ ᠤᠯᠤᠰ ᠤᠨ ᠶᠡᠬᠡ ᠬᠤᠷᠠᠯ ᠤᠨ ᠴᠢᠭᠤᠯᠭᠠᠨ ᠤ ᠬᠤᠷᠠᠯᠳᠤᠭᠠᠨ ᠳᠤ ᠬᠣᠶᠠᠷ ᠤᠳᠠᠭ᠎ᠠ ᠬᠠᠭᠠᠯᠲᠠ ᠲᠠᠢ ᠮᠡᠳᠡᠭᠡᠯᠡᠯ ᠬᠢ᠋ᠭᠰᠡᠨ ᠭᠡᠳᠡᠭ ᠢᠶᠡᠨ ᠳᠤᠷᠠᠳᠪᠠ᠃

ᠡᠢᠢᠮᠦ ᠳᠥ ᠤᠯᠤᠰ ᠤᠨ ᠶᠡᠬᠡ ᠬᠤᠷᠠᠯ᠂ ᠵᠠᠰᠠᠭ ᠤᠨ ᠭᠠᠵᠠᠷ ᠠᠰᠠᠭᠤᠳᠠᠯ ᠡᠭᠦᠰᠦᠭᠰᠡᠨ ᠦ ᠳᠠᠷᠠᠭ᠎ᠠ ᠠᠷᠭ᠎ᠠ ᠬᠡᠮᠵᠢᠶ᠎ᠡ ᠠᠪᠬᠤ ᠪᠢᠰᠢ᠂ ᠤᠷᠢᠳᠴᠢᠯᠠᠨ ᠲᠣᠭᠠᠴᠠᠭᠠᠯᠠᠵᠤ᠂ ᠲᠥᠯᠥᠪᠯᠡᠬᠦ ᠵᠠᠷᠴᠢᠮ ᠢᠶᠠᠷ ᠠᠵᠢᠯᠯᠠᠵᠤ᠂ ᠢᠷᠭᠡᠳ ᠢ ᠦᠨᠡᠨ ᠵᠥᠪ᠂ ᠪᠣᠳᠠᠲᠤ ᠮᠡᠳᠡᠭᠡᠯᠡᠯ ᠢᠶᠡᠷ ᠬᠠᠩᠭᠠᠬᠤ ᠶᠣᠰᠣᠲᠠᠢ ᠢᠢ ᠬᠠᠲᠠᠭᠤ ᠠᠩᠬᠠᠷᠤᠭᠤᠯᠤᠯ᠎ᠠ᠃

ᠨᠡᠩ ᠲᠡᠷᠢᠭᠦᠨ ᠳᠥ ᠭᠠᠳᠠᠭᠠᠳᠤ ᠬᠦᠴᠦᠨ ᠵᠦᠢᠯ ᠡᠴᠡ ᠡᠭᠦᠳᠦᠯ ᠲᠡᠢ ᠬᠦᠨᠡᠰᠦ᠂ ᠰᠢᠲᠠᠬᠤᠨ ᠤ ᠬᠣᠮᠰᠠᠳᠠᠯ᠂ ᠲᠡᠭᠡᠭᠡᠪᠦᠷᠢ ᠯᠣᠵᠢᠰᠲ᠋ᠢᠭ ᠤᠨ ᠰᠠᠭᠠᠲᠠᠯ᠎ᠠ᠂ ᠸᠠᠯᠢᠥ᠋ᠲ᠋ ᠢᠢᠨ ᠬᠠᠩᠰᠢ᠂ ᠪᠠᠷᠠᠭ᠎ᠠ ᠪᠦᠲᠦᠭᠡᠭᠳᠡᠬᠦᠨ ᠦ ᠦᠨ᠎ᠡ ᠢᠢᠨ ᠥᠰᠦᠯᠲᠡ ᠵᠡᠷᠭᠡ ᠠᠰᠠᠭᠤᠳᠠᠯ ᠳᠤ ᠣᠨᠴᠥᠭᠠᠤᠢ ᠠᠩᠬᠠᠷᠤᠯ ᠬᠠᠨᠳᠤᠭᠤᠯᠵᠤ᠂ ᠱᠠᠭᠠᠷᠳᠠᠯᠭ᠎ᠠ ᠲᠠᠢ ᠪᠣᠯ ᠲᠥᠰᠥᠪ ᠦᠨ ᠲᠣᠳᠣᠳᠬᠠᠯ ᠬᠢᠬᠦ ᠵᠠᠮ ᠢᠶᠠᠷ ᠲᠥᠰᠥᠪ᠂ ᠬᠥᠷᠥᠩᠭᠡ ᠢᠢᠨ ᠨᠥᠭᠡᠴᠡ ᠪᠣᠯᠤᠮᠵᠢ ᠲᠠᠢ ᠪᠠᠨ ᠤᠶᠠᠯᠳᠤᠭᠤᠯᠤᠨ ᠰᠢᠢᠳᠪᠦᠷᠢᠯᠡᠬᠦ ᠱᠠᠭᠠᠷᠳᠠᠯᠭ᠎ᠠ ᠲᠠᠢ ᠪᠠᠢᠢᠭ᠎ᠠ ᠢᠢ ᠲᠡᠮᠳᠡᠭᠯᠡᠪᠡ᠃

ᠮᠥᠨ ᠲᠥᠷᠦ ᠢᠢᠨ ᠪᠦᠬᠦ ᠱᠠᠲᠤᠨ ᠳᠤ ᠬᠠᠷᠢᠭᠤᠴᠠᠯᠭ᠎ᠠ ᠢᠢᠨ ᠲᠣᠭᠲᠠᠯᠴᠠᠭ᠎ᠠ ᠢᠢ ᠴᠢᠩᠭᠠᠳᠬᠠᠵᠤ᠂ ᠲᠦᠷᠭᠡᠨ ᠰᠢᠭᠤᠷᠬᠠᠢ᠂ ᠳᠣᠷᠪᠢᠲᠠᠢ ᠠᠷᠭ᠎ᠠ ᠬᠡᠮᠵᠢᠶ᠎ᠡ ᠠᠪᠬᠤ ᠢᠢ ᠰᠠᠨᠠᠭᠤᠯᠤᠯ᠎ᠠ᠃