Та "Internet explorer"-ийн сүүлийн хувилбар болох "Microsoft edge"-г ашиглана уу

Хэрэв "Microsoft edge"-г татах бол энд дарж татаж авна уу

《ᠵᠠᠰᠠᠭ ᠤᠨ ᠭᠠᠵᠠᠷ ᠲᠤ ᠴᠢᠭᠯᠡᠯ ᠥ᠍᠍ᠭ᠍ᠬᠦ ᠲᠤᠬᠠᠢ》 ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠵᠠᠷᠯᠢᠭ ᠢ ᠪᠦᠷᠢᠨ ᠡᠬᠢ ᠪᠡᠷ ᠨᠢ ᠬᠦᠷᠭᠡᠵᠦ ᠪᠠᠢᠢᠨ᠎ᠠ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ 《ᠵᠠᠰᠠᠭ ᠤᠨ ᠭᠠᠵᠠᠷ ᠲᠤ ᠴᠢᠭᠯᠡᠯ ᠦᠭᠬᠦ ᠲᠤᠬᠠᠢ》 ᠵᠠᠷᠯᠢᠭ ᠭᠠᠷᠭᠠᠭᠰᠠᠨ ᠢ ᠪᠥᠷᠢᠨ ᠡᠬᠢ ᠪᠡᠷ ᠨᠢ ᠬᠦᠷᠭᠡᠵᠦ ᠪᠠᠢᠢᠨ᠎ᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠵᠠᠷᠯᠢᠭ ᠲᠤ᠄
《ᠮᠣᠩ᠋ᠭᠣᠯ ᠤᠯᠤᠰ ᠤᠨ ᠦᠨᠳᠦᠰᠦᠨ ᠬᠠᠤᠯᠢ ᠢᠢᠨ ᠭᠤᠴᠢᠨ ᠭᠤᠷᠪᠠᠳᠤᠭᠠᠷ ᠵᠦᠢᠯ ᠦᠨ 1 ᠳ᠋ᠡᠬᠢ ᠬᠡᠰᠡᠭ ᠦᠨ 3 ᠳᠠᠬᠢ ᠵᠢᠭᠠᠯᠲᠠ᠂ ᠭᠤᠴᠢᠨ ᠳᠥᠷᠪᠡᠳᠦᠭᠡᠷ ᠵᠦᠢᠯ ᠦᠨ 1 ᠳ᠋ᠡᠬᠢ ᠬᠡᠰᠡᠭ᠂ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠲᠤᠬᠠᠢ ᠬᠠᠤᠯᠢ ᠢᠢᠨ 9 ᠳᠦᠭᠡᠷ ᠵᠦᠢᠯ ᠦᠨ 1 ᠳ᠋ᠡᠬᠢ ᠬᠡᠰᠡᠭ᠂ 12 ᠳ᠋ᠤᠭᠠᠷ ᠵᠦᠢᠯ ᠦᠨ 12 ᠳᠠᠬᠢ ᠬᠡᠰᠡᠭ ᠢ ᠲᠤᠰ ᠲᠤᠰ ᠦᠨᠳᠦᠰᠦᠯᠡᠨ ᠵᠠᠷᠯᠢᠭ ᠪᠣᠯᠭᠠᠬᠤ ᠨᠢ᠄

ᠨᠢᠭᠡ.ᠠᠷᠢᠬᠢ᠂ ᠰᠣᠭᠲᠣᠭᠤᠷᠠᠭᠤᠯᠬᠤ ᠤᠮᠳᠠᠭᠠᠨ ᠤ ᠵᠣᠬᠢᠰ ᠦᠭᠡᠢ ᠬᠡᠷᠡᠭᠯᠡᠭᠡᠨ ᠡᠴᠡ ᠡᠭᠦᠳᠦᠯᠲᠡᠢ ᠬᠦᠮᠦᠨ ᠠᠮᠠ ᠢᠢᠨ ᠡᠷᠡᠭᠦᠯ ᠮᠡᠨ᠋ᠳᠦ᠂ ᠨᠡᠢᠢᠭᠡᠮ ᠦᠨ ᠠᠶᠤᠯ ᠦᠭᠡᠢ ᠪᠠᠢᠢᠳᠠᠯ᠂ ᠡᠳ᠋ ᠍ ᠦᠨ ᠵᠠᠰᠠᠭ ᠲᠤ ᠦᠵᠡᠭᠦᠯᠬᠦ ᠰᠥᠷᠭᠦ ᠨᠥᠯᠥᠭᠡ ᠢᠢ ᠪᠠᠭᠤᠷᠠᠭᠤᠯᠬᠤ ᠵᠣᠷᠢᠯᠭ᠎ᠠ ᠪᠠᠷ 《ᠬᠦᠮᠦᠨ ᠦ ᠬᠥᠭ᠍ᠵᠢᠯ ᠦᠨ ᠵᠣᠷᠢᠯᠲᠠᠲᠤ ᠬᠥᠲᠥᠯᠪᠦᠷᠢ》 ᠍ ᠦᠨ ᠬᠦᠷᠢᠶᠡᠨ ᠳᠥ 《ᠡᠷᠡᠭᠦᠯ ᠮᠣᠩ᠋ᠭᠣᠯ ᠬᠦᠮᠦᠨ》 ᠬᠥᠲᠦᠯᠪᠦᠷᠢ ᠢᠢ ᠪᠣᠯᠪᠠᠰᠤᠷᠠᠭᠤᠯᠵᠤ᠂ ᠬᠡᠷᠡᠭᠵᠢᠯᠲᠡ ᠢᠢ ᠬᠠᠩᠭ᠋ᠠᠬᠤ ᠡᠭᠦᠳᠡᠨ ᠡᠴᠡ ᠳᠠᠷᠠᠭᠠᠬᠢ ᠠᠷᠭ᠎ᠠ ᠬᠡᠮᠵᠢᠶ᠎ᠡ ᠢᠢ ᠠᠪᠴᠤ ᠬᠡᠷᠡᠭᠵᠢᠭᠦᠯᠬᠦ ᠢᠢ ᠮᠣᠩ᠋ᠭᠣᠯ ᠤᠯᠤᠰ ᠤᠨ ᠵᠠᠰᠠᠭ ᠤᠨ ᠭᠠᠵᠠᠷ (ᠯᠤ᠋ ∙ ᠣᠶᠤᠨ-ᠡᠷᠳᠡᠨᠢ) ᠍ ᠲᠤ ᠴᠢᠭᠯᠡᠯ ᠪᠣᠯᠭᠠᠰᠤᠭᠠᠢ᠄

ᠠᠷᠢᠬᠢ᠂ ᠰᠤᠭᠳᠤᠭᠤᠷᠠᠭᠤᠯᠬᠤ ᠤᠮᠳᠠᠭᠠᠨ ᠤ ᠵᠣᠬᠢᠰᠲᠠᠢ ᠬᠡᠷᠡᠭᠯᠡᠭᠡ ᠢᠢ ᠲᠥᠯᠦᠪᠰᠢᠭᠦᠯᠬᠦ᠂ ᠥᠨᠳᠥᠷ ᠬᠠᠲᠠᠭᠤᠯᠢᠭ ᠲᠠᠢ ᠡᠲ᠋ᠢᠯ ᠦᠨ ᠰᠫᠢᠷᠲ ᠠᠭᠤᠯᠠᠭᠰᠠᠨ ᠠᠷᠢᠬᠢ᠂ ᠰᠤᠭᠳᠤᠭᠤᠷᠠᠭᠤᠯᠬᠤ ᠤᠮᠳᠠᠭᠠᠨ ᠤ ᠬᠡᠷᠡᠭᠯᠡᠭᠡ ᠢᠢ ᠪᠠᠭᠤᠷᠠᠭᠤᠯᠬᠤ ᠴᠢᠭᠯᠡᠯ ᠳᠥ ᠪᠣᠳᠣᠯᠭ᠎ᠠ ᠢᠢᠨ ᠪᠣᠯᠤᠨ ᠡᠷᠬᠡ ᠵᠦᠢ ᠢᠢᠨ ᠥᠭᠡᠷᠡᠴᠢᠯᠡᠯᠲᠡ ᠬᠢᠬᠦ;
ᠣᠨᠴᠤᠠᠭᠤᠠᠢ ᠠᠯᠪᠠᠨ ᠲᠠᠲᠠᠪᠤᠷᠢ ᠢᠢᠨ ᠠᠩᠭᠢᠯᠠᠯ᠂ ᠱᠠᠲᠤᠯᠠᠯ ᠳᠤ ᠥᠭᠡᠷᠡᠴᠢᠯᠡᠯᠲᠡ ᠤᠷᠤᠭᠤᠯᠬᠤ ᠵᠠᠮ ᠢᠶᠠᠷ 38 ᠬᠤᠪᠢ ᠤᠨ ᠬᠠᠲᠠᠭᠤᠯᠢᠭ ᠲᠠᠢ ᠡᠲ᠋ᠢᠯ ᠦᠨ ᠰᠫᠢᠷᠲ ᠠᠭᠤᠯᠠᠭᠰᠠᠨ ᠠᠷᠢᠬᠢ᠂ ᠰᠤᠭᠳᠤᠭᠤᠷᠠᠭᠤᠯᠬᠤ ᠤᠮᠳᠠᠭᠠᠨ ᠤ ᠬᠠᠲᠠᠭᠤᠯᠢᠭ ᠢ 10 ᠵᠢᠯ ᠦᠨ ᠬᠤᠭᠤᠴᠠᠭᠠᠨ ᠳᠤ ᠵᠢᠯ ᠪᠦᠷᠢ 2 ᠬᠤᠪᠢ ᠪᠠᠷ ᠪᠠᠭᠤᠷᠠᠭᠤᠯᠬᠤ ᠪᠣᠳᠣᠯᠭ᠎ᠠ᠂ ᠡᠷᠬᠡ ᠵᠦᠢ ᠢᠢᠨ ᠣᠷᠴᠢᠨ ᠢ ᠪᠦᠷᠢᠳᠦᠭᠦᠯᠬᠦ;
ᠠᠷᠢᠬᠢ᠂ ᠰᠤᠭᠳᠤᠭᠤᠷᠠᠭᠤᠯᠬᠤ ᠤᠮᠳᠠᠭᠠᠨ ᠳᠤ ᠨᠣᠭᠳᠠᠭᠤᠯᠬᠤ ᠣᠨᠤᠴᠤᠠᠭᠠᠢ ᠠᠯᠪᠠᠨ ᠲᠠᠲᠠᠪᠤᠷᠢ ᠢᠢᠨ ᠣᠷᠣᠯᠭ᠎ᠠ ᠠᠴᠠ ᠬᠠᠪᠤᠳᠠᠷ ᠤᠨ ᠡᠮᠨᠡᠯᠭᠡ᠂ ᠳᠣᠩᠲᠣᠬᠤ ᠡᠪᠡᠳᠴᠢᠨ ᠢ ᠡᠮᠡᠴᠢᠯᠡᠬᠦ ᠲᠥᠪ ᠪᠣᠯᠤᠨ ᠬᠥᠭᠵᠢᠯ ᠦᠨ ᠪᠡᠷᠬᠡᠰᠢᠶᠡᠯ ᠲᠡᠢ ᠬᠡᠦᠬᠡᠳ ᠦᠨ ᠬᠥᠭ᠍ᠵᠢᠯ ᠦᠨ ᠲᠥᠪ ᠢ ᠪᠠᠢᠢᠭᠤᠯᠬᠤ᠂ ᠠᠷᠢᠬᠢ᠂ ᠰᠤᠭᠳᠤᠭᠤᠷᠠᠭᠤᠯᠬᠤ ᠤᠮᠳᠠᠭᠠᠨ ᠤ ᠬᠣᠣᠷ ᠤᠷᠰᠢᠭ ᠢ ᠨᠡᠢᠢᠭᠡᠮ ᠳᠥ ᠰᠤᠷᠲᠠᠯᠴᠢᠯᠠᠨ ᠲᠠᠨᠢᠭᠤᠯᠵᠤ᠂ ᠰᠣᠶᠣᠨ ᠭᠡᠭᠡᠷᠡᠭᠦᠯᠬᠦ ᠴᠢᠭᠯᠡᠯ ᠳᠥ ᠵᠠᠷᠤᠴᠠᠭᠤᠯᠬᠤ;
ᠲᠥᠷᠥ ᠢᠢᠨ ᠪᠠᠢᠢᠭᠤᠯᠤᠯᠭ᠎ᠠ᠂ ᠲᠥᠷᠥ ᠢᠢᠨ ᠪᠣᠯᠤᠨ ᠣᠷᠣᠨ ᠨᠤᠲᠤᠭ ᠤᠨ ᠥᠮᠴᠢᠲᠤ ᠬᠠᠤᠯᠢ ᠢᠢᠨ ᠡᠲᠡᠭᠡᠳ ᠡᠴᠡ ᠵᠣᠬᠢᠶᠠᠨ ᠪᠠᠢᠢᠭᠤᠯᠵᠤ ᠪᠤᠢ ᠠᠯᠪᠠᠨ ᠶᠣᠰᠣᠨ ᠤ ᠪᠠᠶᠠᠷ᠂ ᠶᠣᠰᠣᠯᠠᠯ ᠤᠨ ᠠᠷᠭ᠎ᠠ ᠬᠡᠮᠵᠢᠶ᠎ᠡ᠂ ᠬᠦᠯᠢᠶᠡᠨ ᠠᠪᠤᠯᠲᠠ ᠳᠤ ᠥᠨᠳᠥᠷ ᠬᠠᠲᠠᠭᠤᠯᠢᠭ ᠲᠠᠢ ᠡᠲ᠋ᠢᠯ ᠦᠨ ᠰᠫᠢᠷᠲ ᠠᠭᠤᠯᠠᠭᠰᠠᠨ ᠠᠷᠢᠬᠢ᠂ ᠰᠤᠭᠳᠤᠭᠤᠷᠠᠭᠤᠯᠬᠤ ᠤᠮᠳᠠᠭ᠎ᠠ ᠢᠢ ᠬᠡᠷᠡᠭᠯᠡᠬᠦ ᠢᠢ ᠪᠦᠷᠢᠮᠦᠰᠦᠨ ᠬᠤᠷᠢᠭᠯᠠᠬᠤ;
《ᠬᠠᠯᠠᠮᠵᠢ ᠠᠴᠠ ᠬᠥᠳᠡᠯᠮᠦᠷᠢ ᠳᠥ》 ᠰᠢᠯᠵᠢᠬᠦ ᠰᠠᠭᠤᠷᠢ ᠰᠢᠨᠡᠳᠬᠡᠯ ᠦᠨ ᠬᠦᠷᠢᠶᠡᠨ ᠳᠥ ᠠᠵᠢᠯ ᠤᠨ ᠪᠠᠢᠢᠷᠢ ᠢᠢ ᠨᠡᠮᠡᠭᠳᠡᠭᠦᠯᠬᠦ᠂ ᠬᠥᠳᠡᠯᠮᠦᠷᠢ ᠡᠷᠬᠢᠯᠡᠯᠲᠡ ᠢᠢ ᠳᠡᠮᠵᠢᠬᠦ ᠵᠠᠮ ᠢᠶᠠᠷ ᠠᠷᠢᠬᠢ᠂ ᠰᠣᠭᠲᠣᠭᠤᠷᠠᠭᠤᠯᠬᠤ ᠤᠮᠳᠠᠭᠠᠨ ᠤ ᠬᠡᠷᠡᠭᠯᠡᠭᠡ ᠢᠢ ᠪᠠᠭᠤᠷᠠᠭᠤᠯᠬᠤ ᠨᠡᠢᠢᠭᠡᠮ᠂ ᠡᠳ᠋ ᠍ ᠦᠨ ᠵᠠᠰᠠᠭ ᠤᠨ ᠴᠣᠭᠴᠠ ᠠᠷᠭ᠎ᠠ ᠬᠡᠮᠵᠢᠶ᠎ᠡ ᠢᠢ ᠠᠪᠴᠤ ᠬᠡᠷᠡᠭᠵᠢᠭᠦᠯᠬᠦ;
ᠠᠷᠢᠬᠢ᠂ ᠰᠤᠭᠳᠤᠭᠤᠷᠠᠭᠤᠯᠬᠤ ᠤᠮᠳᠠᠭᠠᠨ ᠤ ᠬᠠᠤᠯᠢ ᠪᠤᠰᠤ ᠦᠢᠯᠡᠳᠪᠦᠷᠢᠯᠡᠯ᠂ ᠪᠣᠷᠣᠯᠠᠭᠤᠯᠤᠯᠲᠠ ᠲᠠᠢ ᠲᠡᠮᠡᠴᠡᠬᠦ ᠠᠷᠭ᠎ᠠ᠂ ᠬᠡᠯᠪᠡᠷᠢ ᠢᠢ ᠪᠣᠯᠪᠠᠰᠤᠷᠠᠩᠭ᠋ᠤᠢ ᠪᠣᠯᠭᠠᠬᠤ᠂ ᠴᠠᠬᠢᠮ ᠲᠧᠭᠨᠢᠭ᠂ ᠲᠧᠭᠨᠣᠯᠣᠭᠢ ᠲᠤ ᠰᠠᠭᠤᠷᠢᠯᠠᠭᠰᠠᠨ ᠬᠢᠨᠠᠯᠲᠠ ᠢᠢᠨ ᠲᠣᠭᠲᠠᠯᠴᠠᠭ᠎ᠠ ᠢᠢ ᠪᠦᠷᠢᠳᠦᠭᠦᠯᠬᠦ᠂ ᠲᠡᠭᠦᠨ ᠳᠥ ᠣᠨᠣᠭᠳᠠᠭᠤᠯᠬᠤ ᠡᠷᠡᠭᠦᠦ ᠢᠢᠨ ᠪᠣᠯᠤᠨ ᠵᠥᠷᠢᠴᠡᠯ ᠦᠨ ᠶᠠᠯ᠎ᠠ᠂ ᠰᠢᠳᠬᠡᠯ ᠦᠨ ᠪᠣᠳᠣᠯᠭ᠎ᠠ ᠳᠤ ᠥᠭᠡᠷᠡᠴᠢᠯᠡᠯᠲᠡ ᠤᠷᠤᠭᠤᠯᠬᠤ;
ᠬᠣᠣᠷᠲᠤ ᠵᠤᠷᠰᠢᠯ ᠠᠴᠠ ᠠᠩᠭᠢ ᠳᠤ ᠰᠢᠨ᠎ᠡ ᠦᠶ᠎ᠡ ᠢᠢ ᠲᠥᠯᠦᠪᠰᠢᠭᠦᠯᠬᠦ ᠬᠥᠲᠦᠯᠪᠦᠷᠢ ᠢᠢ ᠰᠠᠨᠠᠭᠠᠴᠢᠯᠠᠨ ᠬᠡᠷᠡᠭᠵᠢᠭᠦᠯᠵᠦ᠂ ᠶᠡᠬᠡ᠂ ᠳᠡᠭᠡᠳᠦ ᠰᠤᠷᠭᠠᠭᠤᠯᠢ᠂ ᠺᠣᠯᠯᠧᠵᠢ᠂ ᠮᠡᠷᠭᠡᠵᠢᠯ ᠦᠨ ᠪᠣᠯᠤᠨ ᠶᠡᠷᠦᠩᠬᠡᠢ ᠪᠣᠯᠪᠠᠰᠤᠷᠠᠯ ᠤᠨ ᠰᠤᠷᠭᠠᠯᠲᠠ ᠢᠢᠨ ᠬᠥᠲᠦᠯᠪᠦᠷᠢ ᠳᠥ ᠠᠷᠢᠬᠢ᠂ ᠰᠣᠭᠲᠣᠭᠤᠷᠠᠭᠤᠯᠬᠤ ᠤᠮᠳᠠᠭ᠎ᠠ᠂ ᠲᠡᠭᠦᠨ ᠡᠴᠡ ᠡᠭᠦᠳᠦᠨ ᠭᠠᠷᠬᠤ ᠬᠣᠣᠷ ᠤᠷᠰᠢᠭ᠂ ᠰᠥᠷᠭᠦ ᠨᠥᠯᠦᠭᠡ ᠢᠢ ᠰᠤᠷᠲᠠᠯᠴᠢᠯᠠᠨ ᠲᠠᠨᠢᠭᠤᠯᠬᠤ ᠠᠭᠤᠯᠭ᠎ᠠ ᠢᠢ ᠲᠤᠰᠬ᠋ᠠᠬᠤ;
ᠢᠷᠭᠡᠳ᠂ ᠬᠡᠦᠬᠡᠳ ᠵᠠᠯᠠᠭᠤᠴᠤᠳ ᠤᠨ ᠴᠢᠯᠦᠭᠡᠲᠦ ᠴᠠᠭ ᠢ ᠵᠥᠪ ᠪᠣᠯᠪᠠᠰᠤᠨ ᠥᠩᠭᠡᠷᠡᠭᠡᠬᠦ᠂ ᠪᠡᠶ᠎ᠡ ᠢᠢᠨ ᠲᠠᠮᠢᠷ᠂ ᠰᠫᠣᠷᠲ ᠢᠶᠠᠷ ᠬᠢᠴᠢᠶᠡᠯᠯᠡᠬᠦ ᠣᠷᠴᠢᠨ ᠨᠥᠬᠥᠴᠡᠯ ᠢ ᠪᠦᠷᠢᠳᠦᠭᠦᠯᠬᠦ ᠳᠥ ᠵᠣᠬᠢᠶᠠᠨ ᠪᠠᠢᠢᠭᠤᠯᠤᠯᠲᠠ᠂ ᠬᠥᠷᠥᠩᠭᠡ ᠰᠠᠩᠬᠦᠦ ᠢᠢᠨ ᠳᠡᠮᠵᠢᠯᠭᠡ ᠦᠵᠡᠭᠦᠯᠵᠦ᠂ ᠡᠨᠡ ᠴᠢᠭᠯᠡᠯ ᠢᠶᠡᠷ ᠦᠢᠯᠡ ᠠᠵᠢᠯᠯᠠᠭ᠎ᠠ ᠶᠠᠪᠤᠭᠤᠯᠵᠤ ᠪᠠᠢᠢᠭ᠎ᠠ ᠠᠵᠤ ᠠᠬᠤᠢ ᠨᠢᠭᠡᠴᠡ᠂ ᠪᠠᠢᠢᠭᠤᠯᠤᠯᠭ᠎ᠠ ᠨᠤᠭᠤᠳ ᠢ ᠳᠡᠮᠵᠢᠨ ᠬᠠᠮᠲᠤᠷᠠᠨ ᠠᠵᠢᠯᠯᠠᠬᠤ;
ᠰᠣᠭᠲᠣᠭᠤᠷᠠᠭᠤᠯᠬᠤ ᠤᠮᠳᠠᠭᠠᠨ ᠤ ᠱᠣᠰᠢᠭᠠᠨ ᠳᠡᠭᠡᠷ᠎ᠡ ᠰᠣᠭᠲᠣᠭᠤᠷᠠᠭᠤᠯᠬᠤ ᠤᠮᠳᠠᠭᠠᠨ ᠤ ᠬᠣᠣᠷ ᠤᠷᠰᠢᠭ᠂ ᠰᠥᠷᠭᠦ ᠨᠥᠯᠦᠭᠡᠨ ᠦ ᠲᠠᠯᠠᠭᠠᠷᠬᠢ ᠠᠩᠬᠠᠷᠤᠭᠤᠯᠭ᠎ᠠ᠂ ᠰᠠᠨᠠᠮᠵᠢ ᠪᠠᠢᠢᠷᠢᠰᠢᠭᠤᠯᠬᠤ ᠡᠷᠬᠡ ᠵᠦᠢ ᠢᠢᠨ ᠣᠷᠴᠢᠨ ᠢ ᠪᠦᠷᠢᠳᠦᠭᠦᠯᠬᠦ᠃
ᠬᠣᠶᠠᠷ.ᠨᠡᠢᠢᠲᠡ ᠢᠷᠭᠡᠨ᠂ ᠠᠵᠤ ᠠᠬᠤᠢ ᠢᠢᠨ ᠨᠢᠭᠡᠴᠡ᠂ ᠪᠠᠢᠢᠭᠤᠯᠤᠯᠭ᠎ᠠ ᠠᠷᠢᠬᠢ᠂ ᠰᠤᠭᠳᠤᠭᠤᠷᠠᠭᠤᠯᠬᠤ ᠤᠮᠳᠠᠭᠠᠨ ᠤ ᠬᠡᠷᠡᠭᠯᠡᠭᠡ᠂ ᠲᠡᠭᠦᠨ ᠡᠴᠡ ᠡᠭᠦᠳᠦᠯᠲᠡᠢ ᠡᠷᠡᠭᠦᠯ ᠮᠡᠨᠳᠦ᠂ ᠨᠡᠢᠢᠭᠡᠮ᠂ ᠡᠳ᠋ ᠍ ᠦᠨ ᠵᠠᠰᠠᠭ ᠤᠨ ᠰᠥᠷᠭᠦ ᠦᠷ᠎ᠡ ᠳᠠᠭᠠᠪᠤᠷᠢ ᠢᠢ ᠪᠠᠭᠤᠷᠠᠭᠤᠯᠬᠤ ᠳᠤ ᠰᠠᠨᠠᠭᠠᠴᠢᠯᠠᠭ᠎ᠠ ᠲᠠᠢ ᠤᠷᠤᠯᠴᠠᠬᠤ᠂ ᠪᠠᠶᠠᠷ ᠶᠣᠰᠣᠯᠠᠯ᠂ ᠲᠡᠮᠳᠡᠭᠯᠡᠯᠲᠦ ᠡᠳᠦᠷ᠂ ᠠᠵᠢᠯ ᠤᠨ ᠪᠠᠢᠢᠷᠢᠨ ᠳᠤ ᠥᠨᠳᠥᠷ ᠬᠠᠲᠠᠭᠤᠯᠢᠭ ᠲᠠᠢ ᠡᠲ᠋ᠢᠯ ᠦᠨ ᠰᠫᠢᠷᠲ ᠠᠭᠤᠯᠠᠭᠰᠠᠨ ᠠᠷᠢᠬᠢ᠂ ᠰᠤᠭᠳᠤᠭᠤᠷᠠᠭᠤᠯᠬᠤ ᠤᠮᠳᠠᠭ᠎ᠠ ᠢᠢ ᠬᠡᠷᠡᠭᠯᠡᠬᠦ ᠦᠭᠡᠢ ᠪᠠᠢᠢᠬᠤ ᠢᠢ ᠤᠷᠢᠶᠠᠯᠠᠰᠤᠭᠠᠢ᠃

ᠭᠤᠷᠪᠠ.ᠡᠨᠡᠬᠦ ᠵᠠᠷᠯᠢᠭ ᠤᠨ ᠬᠡᠷᠡᠭᠵᠢᠯᠲᠡ ᠢᠢᠨ ᠶᠠᠪᠤᠴᠠ ᠢᠢ ᠣᠯᠠᠨ ᠨᠡᠢᠢᠲᠡ ᠳᠥ ᠴᠠᠭ ᠲᠤᠬᠠᠢ ᠪᠦᠷᠢ ᠮᠡᠳᠡᠭᠡᠯᠡᠵᠦ᠂ ᠲᠠᠢᠢᠯᠤᠨ ᠮᠡᠳᠡᠭᠡᠯᠡᠯ ᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠳᠥ ᠵᠢᠯ ᠪᠦᠷᠢ ᠢᠷᠡᠭᠦᠯᠵᠦ ᠪᠠᠢᠢᠬᠤ ᠢᠢ ᠮᠣᠩ᠋ᠭᠣᠯ ᠤᠯᠤᠰ ᠤᠨ ᠵᠠᠰᠠᠭ ᠤᠨ ᠭᠠᠵᠠᠷ (ᠯᠤ᠋ ∙ ᠣᠶᠤᠨ-ᠡᠷᠳᠡᠨᠢ) ᠍ ᠳᠥ ᠴᠢᠭᠯᠡᠯ ᠪᠣᠯᠭᠠᠰᠤᠭᠠᠢ》 ᠭᠡᠵᠡᠢ᠃