ᠮᠣᠩ᠋ᠭᠣᠯ ᠴᠡᠷᠢᠭ ᠦᠨ ᠡᠳᠦᠷ》᠂ ᠣᠷᠴᠢᠨ ᠴᠠᠭ ᠤᠨ ᠵᠡᠪᠰᠡᠭᠲᠦ ᠬᠦᠴᠦᠨ ᠡᠭᠦᠰᠦᠨ ᠪᠠᠢᠢᠭᠤᠯᠤᠭᠳᠠᠰᠤᠨ ᠤ 101 ᠵᠢᠯ ᠦᠨ ᠣᠢ ᠢᠢ ᠲᠣᠬᠢᠶᠠᠯᠳᠤᠭᠤᠯᠤᠨ ᠮᠣᠩ᠋ᠭᠣᠯ ᠤᠯᠤᠰ ᠤᠨ ᠶᠡᠷᠦᠩᠬᠡᠢᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠺᠣᠮᠠᠨ᠋ᠳᠠᠯᠠᠭᠴᠢ ᠤ᠊᠂ ᠬᠦᠷᠡᠯᠰᠦ᠋ᠬᠡ ᠵᠠᠷᠯᠢᠭ ᠭᠠᠷᠭᠠᠨ ᠵᠡᠪᠰᠡᠭᠲᠦ ᠬᠦᠴᠦᠨ ᠦ ᠵᠠᠩᠵᠤᠨ ᠱᠲ᠋ᠠᠪ ᠤᠨ ᠰᠤᠷᠭᠠᠯᠲᠠ᠂ ᠪᠡᠯᠡᠳᠬᠡᠯ ᠦᠨ ᠭᠠᠵᠠᠷ ᠤᠨ ᠳᠠᠷᠤᠭ᠎ᠠ᠂ ᠬᠤᠸᠠᠷᠠᠨᠳᠠ ᠭᠠᠩᠪᠣᠯᠣᠳ ᠤᠨ ᠪᠤᠯᠤᠷ ᠲᠤ ᠪᠠᠷᠢᠭᠠᠳᠠ ᠢᠢᠨ ᠭᠧᠨᠧᠷᠠᠯ ᠴᠣᠯᠠ ᠬᠦᠷᠲᠡᠭᠡᠪᠡ᠃
ᠴᠡᠷᠢᠭ ᠦᠨ ᠳᠡᠭᠡᠳᠦ ᠴᠣᠯᠠ ᠬᠦᠷᠳᠡᠭᠰᠡᠡ ᠭᠠ᠍᠋᠋᠋᠋᠍ ∙ ᠪᠣᠯᠣᠷ ᠪᠣᠯᠤᠨ ᠭᠡᠷ ᠪᠦᠯᠢ᠂ ᠦᠷ᠎ᠡ ᠬᠡᠦᠬᠡᠳ᠂ ᠲᠥᠷᠥᠯ ᠲᠥᠷᠥᠭᠰᠡᠳ᠂ ᠨᠡᠢᠢᠲᠡ ᠪᠡᠶ᠎ᠡ ᠪᠦᠷᠢᠯᠳᠦᠬᠦᠨ ᠳᠥ ᠮᠣᠩ᠋ᠭᠣᠯ ᠤᠯᠤᠰ ᠤᠨ ᠶᠡᠷᠦᠩᠬᠡᠢᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠺᠣᠮᠠᠨ᠋ᠳᠠᠯᠠᠭᠴᠢ ᠪᠠᠶᠠᠷ ᠬᠦᠷᠭᠡᠵᠦ᠂ ᠠᠵᠢᠯ ᠤᠨ ᠠᠮᠵᠢᠯᠲᠠ ᠬᠦᠰᠡᠨ ᠢᠷᠦᠭᠡᠪᠡ᠃
ᠲᠡᠷᠡ ᠪᠡᠷ ᠮᠣᠩ᠋ᠭᠣᠯ ᠤᠯᠤᠰ ᠤᠨ ᠪᠣᠯᠤᠨ ᠵᠡᠪᠰᠡᠭᠲᠦ ᠬᠦᠴᠦᠨ ᠦ ᠲᠡᠦᠬᠡᠨ ᠳᠥ ᠠᠩᠬᠠᠨ ᠤ ᠡᠮᠡᠭᠲᠡᠢ ᠭᠧᠨᠧᠷᠠᠯ ᠲᠥᠷᠥᠨ ᠭᠠᠷᠤᠭᠰᠠᠨ ᠨᠢ ᠵᠡᠪᠰᠡᠭᠲᠦ ᠬᠦᠴᠦᠨ ᠦ ᠡᠭᠦᠷᠭᠡ ᠵᠣᠷᠢᠭᠤᠯᠤᠯᠲᠠ᠂ ᠪᠡᠶ᠎ᠡ ᠪᠦᠷᠢᠯᠳᠦᠬᠦᠨ ᠦ ᠪᠦᠲᠦᠴᠡ ᠳᠥ ᠭᠠᠷᠴᠤ ᠪᠠᠢᠢᠭ᠎ᠠ ᠰᠢᠨ᠎ᠡ ᠴᠢᠭ ᠬᠠᠨᠳᠤᠯᠭ᠎ᠠ ᠭᠡᠳᠡᠭ ᠢ ᠲᠤᠳᠤᠳᠬᠠᠯᠠ᠃
ᠮᠥᠨ ᠲᠥᠷᠦ ᠢᠢᠨ ᠴᠡᠷᠢᠭ ᠦᠨ ᠪᠠᠢᠢᠭᠤᠯᠤᠯᠭ᠎ᠠ ᠳᠤ ᠬᠦᠴᠦᠨ ᠵᠢᠳᠬᠦᠵᠦ ᠪᠤᠢ ᠡᠮᠡᠭᠲᠡᠢ ᠠᠯᠪᠠ ᠬᠠᠭᠠᠭᠴᠢᠳ ᠲᠡᠳᠦᠢ ᠦᠭᠡᠢ ᠨᠡᠢᠢᠲᠡ ᠡᠮᠡᠭᠲᠡᠢᠢᠴᠦᠳ ᠦᠨ ᠡᠬᠡ ᠣᠷᠣᠨ ᠤ ᠪᠠᠨ ᠬᠥᠭ᠍ᠵᠢᠯ ᠳᠡᠪᠰᠢᠯ ᠳᠥ ᠣᠷᠣᠭᠤᠯᠵᠤ ᠪᠤᠢ ᠦᠨᠡᠲᠡᠢ ᠬᠤᠪᠢ ᠨᠡᠮᠡᠭᠦᠷᠢ᠂ ᠠᠮᠵᠢᠯᠲᠠ ᠪᠦᠲᠦᠭᠡᠯ᠂ ᠦᠢᠯᠡ ᠬᠡᠷᠡᠭ ᠢ ᠥᠨᠳᠦᠷ ᠢᠶᠡᠷ ᠦᠨᠡᠯᠡᠵᠦ ᠪᠤᠢ ᠢᠢᠨ ᠲᠣᠳᠣ ᠢᠯᠡᠷᠬᠡᠢᠢᠯᠡᠯ ᠭᠡᠳᠡᠭ ᠢ ᠲᠡᠮᠳᠡᠭᠯᠡᠪᠡ᠃
ᠭᠠ᠍᠋᠋᠋᠋᠍᠂ ᠪᠣᠯᠣᠷ ᠨᠢ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠡᠩᠬᠡ ᠢᠢ ᠰᠠᠬᠢᠭᠤᠯᠬᠤ ᠠᠵᠢᠯᠯᠠᠭᠠᠨ ᠳᠤ ᠱᠲ᠋ᠠᠪ ᠤᠨ ᠣᠹᠢᠼᠧᠷ ᠢᠶᠠᠷ ᠬᠣᠶᠠᠷ ᠤᠳᠠᠭ᠎ᠠ᠂ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠲᠥᠪ ᠱᠲ᠋ᠠᠪ ᠤᠨ ᠤᠳᠤᠷᠢᠳᠬᠤ ᠠᠯᠪᠠᠨ ᠲᠤᠰᠢᠶᠠᠯ ᠳᠤ ᠮᠣᠩ᠋ᠭᠣᠯ ᠤᠯᠤᠰ ᠠᠴᠠ ᠠᠩᠬ᠎ᠠ ᠤᠳᠠᠭ᠎ᠠ ᠲᠣᠮᠢᠯᠠᠭᠳᠠᠨ ᠠᠵᠢᠯᠯᠠᠭᠰᠠᠨ ᠪᠥᠭᠡᠳ ᠤᠯᠤᠰ ᠣᠷᠣᠨ ᠤ ᠪᠠᠨ ᠠᠶᠤᠯ ᠦᠭᠡᠢ ᠪᠠᠢᠢᠳᠠᠯ ᠢ ᠤᠯᠤᠰ ᠲᠥᠷᠦ᠂ ᠳ᠋ᠢᠫᠢᠯᠤᠮᠠᠲ ᠤᠨ ᠠᠷᠭ᠎ᠠ ᠪᠠᠷ ᠬᠠᠩᠭ᠋ᠠᠬᠤ ᠪᠣᠳᠣᠯᠭ᠎ᠠ ᠢᠢ ᠬᠡᠷᠡᠭᠵᠢᠭᠦᠯᠬᠦ ᠳᠥ ᠵᠢᠡᠭ ᠬᠤᠪᠢ ᠨᠡᠮᠡᠭᠦᠷᠢ ᠣᠷᠣᠭᠤᠯᠤᠭᠰᠠᠨ ᠰᠢᠯᠢᠳᠡᠭ ᠠᠯᠪᠠ ᠬᠠᠭᠠᠭᠴᠢ ᠶᠤᠮ᠃
ᠪᠠᠷᠢᠭᠠᠳᠠ ᠢᠢᠨ ᠭᠧᠨᠧᠷᠠᠯ ᠭᠠᠩᠪᠣᠯᠣᠳ ᠤᠨ ᠪᠣᠯᠣᠷ
ᠮᠡᠷᠭᠡᠵᠢᠯ᠄
ᠴᠠᠬᠢᠯᠭᠠᠨ ᠬᠣᠯᠪᠣᠭᠠᠨ ᠤ ᠢᠨᠵᠧᠨᠧᠷ᠂ ᠺᠣᠮᠠᠨ᠋ᠳ ᠤᠨ ᠣᠹᠢᠼᠧᠷ᠂ ᠠᠡᠭᠯᠢ ᠬᠡᠯᠡᠨ ᠦ ᠪᠠᠭᠰᠢ᠂ ᠣᠷᠴᠢᠭᠤᠯᠤᠭᠴᠢ
ᠪᠣᠯᠪᠠᠰᠤᠷᠠᠯ᠄
1994-1999 ᠣᠨ ᠳᠤ ᠪᠠᠲᠤᠯᠠᠨ ᠬᠠᠮᠠᠭᠠᠯᠠᠬᠤ ᠢᠢᠨ ᠶᠡᠬᠡ ᠰᠤᠷᠭᠠᠭᠤᠯᠢ᠃ ᠴᠠᠬᠢᠯᠭᠠᠨ ᠬᠣᠯᠪᠣᠭᠠᠨ ᠤ ᠢᠨᠵᠧᠨᠧᠷ᠂ ᠺᠣᠮᠠᠨ᠋ᠳ ᠤᠨ ᠣᠹᠢᠼᠧᠷ;
2000-2001 ᠣᠨ ᠳᠤ ᠰᠢᠨᠵᠢᠯᠡᠬᠦ ᠤᠬᠠᠭᠠᠨ᠂ ᠲᠧᠭᠨᠣᠯᠣᠭᠢ ᠢᠢᠨ ᠶᠡᠬᠡ ᠰᠤᠷᠭᠠᠭᠤᠯᠢ ᠢᠢᠨ ᠬᠣᠯᠪᠣᠭ᠎ᠠ ᠮᠡᠳᠡᠭᠡᠯᠡᠯ ᠦᠨ ᠰᠤᠷᠭᠠᠭᠤᠯᠢ ᠫᠷᠠᠭ᠍ᠷᠠᠮᠢᠰᠲ︵ᠣᠷᠣᠢ ᠢᠢᠨ ᠠᠩᠭᠢ︶
2003- 2006 ᠣᠨ ᠳᠤ ᠮᠣᠩ᠋ᠭᠣᠯ ᠤᠯᠤᠰ ᠤᠨ ᠶᠡᠬᠡ ᠰᠤᠷᠭᠠᠭᠤᠯᠢ ᠢᠢᠨ ᠣᠯᠠᠨ ᠤᠯᠤᠰ ᠤᠨ ᠬᠠᠷᠢᠯᠴᠠᠭᠠᠨ ᠤ ᠰᠤᠷᠭᠠᠭᠤᠯᠢ᠃ ᠠᠩᠯᠢ ᠬᠡᠯᠡᠨ ᠦ ᠪᠠᠭᠰᠢ᠂ ᠣᠷᠴᠢᠭᠤᠯᠤᠭᠴᠢ᠃
2007 ᠣᠨ ᠳᠤ ᠠᠮᠧᠷᠢᠺᠠ ᠢᠢᠨ ᠨᠢᠭᠡᠳᠦᠭᠰᠡᠨ ᠤᠯᠤᠰ ᠤᠨ ᠲᠸᠾᠠᠰ ᠮᠤᠵᠢ ᠳᠠᠬᠢ ᠪᠠᠲᠤᠯᠠᠨ ᠬᠠᠮᠠᠭᠠᠯᠠᠬᠤ ᠬᠡᠯᠡᠨ ᠦ ᠬᠦᠷᠢᠶᠡᠯᠡᠩ᠃ ᠠᠩᠯᠢ ᠬᠡᠯᠡᠨ ᠦ ᠪᠠᠭᠰᠢ᠃
2008 ᠣᠨ ᠳᠤ ᠪᠠᠲᠤᠯᠠᠨ ᠬᠠᠮᠠᠭᠠᠯᠠᠬᠤ ᠢᠢᠨ ᠶᠡᠬᠡ ᠰᠤᠷᠭᠠᠭᠤᠯᠢ᠃ ᠲᠧᠭᠨᠢᠭ ᠦᠨ ᠤᠬᠠᠭᠠᠨ ᠤ ᠮᠠᠺᠢᠰᠲ᠋ᠤᠷ᠃
2011-2012 ᠣᠨ ᠳᠤ ᠠᠮᠧᠷᠢᠺᠠ ᠢᠢᠨ ᠨᠢᠭᠡᠳᠦᠭᠰᠡᠨ ᠤᠯᠤᠰ ᠤᠨ ᠠᠭᠠᠷ ᠤᠨ ᠴᠡᠷᠢᠭ ᠦᠨ ᠺᠣᠮᠠᠨ᠋ᠳ ᠱᠲ᠋ᠠᠪ ᠤᠨ ᠺᠣᠯᠯᠧᠵᠢ᠃
2015 ᠣᠨ ᠳᠤ ᠬᠤ᠋᠂ ᠪᠥ᠂ ᠨᠠ᠍᠃ ᠬᠸ᠂ ᠤᠯ᠂ ᠤᠨ ᠬᠠᠷᠮᠢᠰᠢ ᠬᠣᠲᠠ ᠳᠠᠬᠢ ᠣᠯᠠᠨ ᠤᠯᠤᠰ ᠤᠨ ᠠᠶᠤᠯ ᠦᠭᠡᠢ ᠪᠠᠢᠢᠳᠠᠯ ᠤᠨ ᠲᠥᠪ᠂ ᠴᠡᠷᠢᠭ᠂ ᠰᠲ᠋ᠠᠷᠡᠲ᠋ᠸᠺᠢ ᠢᠢᠨ ᠠᠶᠤᠯ ᠦᠭᠡᠢ ᠪᠠᠢᠢᠳᠠᠯ ᠤᠨ ᠳᠠᠮᠵᠢᠶ᠎ᠠ᠃
2018 ᠣᠨ ᠳᠤ ᠠᠮᠧᠷᠢᠺᠠ ᠢᠢᠨ ᠨᠢᠭᠡᠳᠦᠭᠰᠡᠨ ᠤᠯᠤᠰ ᠤᠨ ᠾᠠᠪᠠᠢ ᠮᠤᠵᠢ ᠳᠠᠬᠢ ᠣᠯᠠᠨ ᠤᠯᠤᠰ ᠤᠨ ᠠᠶᠤᠯ ᠦᠭᠡᠢ ᠪᠠᠢᠢᠳᠠᠯ ᠤᠨ ᠲᠥᠪ᠂ ᠣᠯᠠᠨ ᠤᠯᠤᠰ ᠤᠨ ᠠᠶᠤᠯ ᠦᠭᠡᠢ ᠪᠠᠢᠢᠳᠠᠯ ᠤᠨ ᠳᠠᠮᠵᠢᠶ᠎ᠠ᠃
2019- 2021 ᠣᠨ ᠳᠤ ᠥᠨᠳᠥᠷ ᠬᠥᠭ᠍ᠵᠢᠯ ᠲᠠᠢ ᠣᠷᠣᠨ ᠳᠤ ᠳᠠᠢᠢᠨ ᠤ ᠺᠦᠯᠢᠵᠢ᠃ ᠣᠯᠠᠨ ᠤᠯᠤᠰ ᠤᠨ ᠬᠠᠷᠢᠯᠴᠠᠭ᠎ᠠ᠂ ᠴᠡᠷᠢᠭ ᠦᠨ ᠰᠲ᠋ᠠᠷᠡᠲ᠋ᠸᠺᠢ ᠰᠤᠳᠤᠯᠤᠯ ᠤᠨ ᠮᠠᠺᠠᠢᠰᠲ᠋ᠷ᠃
ᠪᠣᠯᠪᠠᠰᠤᠷᠠᠯ ᠤᠨ ᠵᠡᠷᠭᠡ᠄
ᠲᠧᠭᠨᠢᠭ ᠦᠨ ᠤᠬᠠᠭᠠᠨ ᠤ ᠮᠠᠺᠢᠰᠲᠤᠷ
ᠣᠯᠠᠨ ᠤᠯᠤᠰ ᠤᠨ ᠬᠠᠷᠢᠯᠴᠠᠭ᠎ᠠ᠂ ᠴᠡᠷᠢᠭ ᠦᠨ ᠰᠲ᠋ᠠᠲ᠋ᠢᠺᠢ ᠰᠤᠳᠤᠯᠤᠯ ᠤᠨ ᠮᠠᠺᠢᠰᠲ᠋ᠤᠷ᠃
ҮБХИС ᠦᠨ ᠳ᠋ᠣᠺᠲ᠋ᠣᠷᠠᠨᠲ᠃
ᠠᠵᠢᠯ ᠤᠨ ᠲᠤᠷᠰᠢᠯᠭ᠎ᠠ᠄
1999-2003 ᠣᠨ ᠳᠤ ᠵᠡᠪᠰᠡᠭᠲᠦ ᠬᠦᠴᠦᠨ ᠦ ᠵᠠᠩᠵᠤᠨ ᠱᠲ᠋ᠠᠪ ᠤᠨ ᠲᠣᠭᠠᠴᠠᠭᠠᠯᠠᠬᠤ ᠲᠥᠪᠡᠳ ᠡᠯᠧᠺᠲ᠋ᠷᠣᠨᠢᠺ ᠢᠨ᠋ᠵᠧᠨᠧᠷ᠃
2003-2007 ᠣᠨ ᠳᠤ ᠪᠠᠲᠤᠯᠠᠨ ᠬᠠᠮᠠᠭᠠᠯᠠᠬᠤ ᠶᠡᠬᠡ ᠰᠤᠷᠭᠠᠭᠤᠯᠢ ᠢᠢᠨ ᠬᠣᠯᠪᠣᠭᠠᠨ ᠤ ᠲᠡᠩᠬᠢᠮ ᠳᠥ ᠪᠠᠭᠰᠢ᠃
2007-2010 ᠣᠨ ᠳᠤ ᠪᠠᠲᠤᠯᠠᠨ ᠬᠠᠮᠠᠭᠠᠯᠠᠬᠤ ᠶᠡᠬᠡ ᠰᠤᠷᠭᠠᠭᠤᠯᠢ ᠦᠨ ᠭᠠᠳᠠᠭᠠᠳᠤ ᠬᠡᠯᠡᠨ ᠦ ᠰᠤᠷᠭᠠᠯᠲᠠ ᠢᠢᠨ ᠲᠥᠪ ᠦᠨ ᠳᠠᠷᠤᠭ᠎ᠠ᠃
2011-2013 ᠣᠨ ᠳᠤ ᠵᠡᠪᠰᠡᠭᠲᠦ ᠬᠦᠴᠦᠨ ᠦ ᠠᠭᠠᠷ ᠤᠨ ᠳᠣᠪᠲᠣᠯᠭᠠᠨ ᠠᠴᠠ ᠬᠠᠮᠠᠭᠠᠯᠠᠬᠤ ᠴᠡᠷᠢᠭ ᠦᠨ ᠺᠣᠮᠠᠨ᠋ᠳᠯᠠᠯ ᠤᠨ ᠬᠣᠯᠪᠣᠭᠠᠨ ᠤ ᠠᠯᠪᠠᠨ ᠤ ᠳᠠᠷᠤᠭ᠎ᠠ;
2014-2015 ᠣᠨ ᠳᠤ ᠪᠠᠲᠤᠯᠠᠨ ᠬᠠᠮᠠᠭᠠᠯᠠᠬᠤ ᠶᠠᠮᠤᠨ᠍ ᠤ ᠭᠠᠳᠠᠭᠠᠳᠤ ᠬᠠᠮᠲᠤ ᠢᠢᠨ ᠠᠵᠢᠯᠯᠠᠭᠠᠨ ᠤ ᠭᠠᠵᠠᠷ ᠲᠤ ᠠᠬᠠᠯᠠᠬᠤ ᠮᠡᠷᠭᠡᠵᠢᠯᠲᠡᠨ᠃
2017-2019 ᠣᠨ ᠳᠤ ҮБХИС ᠦᠨ ᠴᠡᠷᠢᠭ ᠦᠨ ᠨᠢᠭᠡᠳᠦᠭᠰᠡᠨ ᠰᠤᠷᠭᠠᠭᠤᠯᠢ ᠢᠢᠨ ᠰᠤᠷᠭᠠᠯᠲᠠ᠂ ᠡᠷᠳᠡᠮ ᠰᠢᠨᠵᠢᠯᠡᠭᠡᠨ ᠦ ᠠᠯᠪᠠᠨ ᠤ ᠳᠠᠷᠤᠭ᠎ᠠ᠃
2021 ᠣᠨ ᠠᠴᠠ ҮБХИС ᠍ ᠦᠨ ᠰᠤᠷᠭᠠᠯᠲᠠ ᠢᠢᠨ ᠬᠡᠯᠲᠡᠰ ᠦᠨ ᠳᠠᠷᠤᠭ᠎ᠠ᠃
2022 ᠣᠨ ᠤ ᠭᠤᠷᠪᠠᠳᠦᠭᠠᠷᠷ ᠰᠠᠷ᠎ᠠ ᠠᠴᠠ ᠵᠡᠪᠰᠡᠭᠲᠦ ᠬᠦᠴᠦᠨ ᠦ ᠵᠠᠩᠵᠤᠨ ᠱᠲ᠋ᠠᠪ ᠤᠨ ᠰᠤᠷᠭᠠᠯᠲᠠ ᠪᠡᠯᠡᠳᠬᠡᠯ ᠦᠨ ᠭᠠᠵᠠᠷ ᠤᠨ ᠳᠠᠷᠤᠭ᠎ᠠ᠃
ᠡᠩᠬᠡ ᠢᠢ ᠰᠠᠬᠢᠭᠤᠯᠬᠤ ᠠᠵᠢᠯᠯᠠᠭᠠᠨ ᠤ ᠲᠤᠷᠰᠢᠯᠭ᠎ᠠ᠄
2009-2010 ᠣᠨ ᠳᠤ ᠴᠠᠳ᠋ ᠤᠯᠤᠰ᠂ ᠲᠥᠪ ᠠᠹᠷᠢᠺᠠ ᠢᠢᠨ ᠪᠦᠭᠦᠳᠡ ᠨᠠᠢᠢᠷᠠᠮᠳᠠᠬᠤ ᠤᠯᠤᠰ᠃ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠮᠠᠨ᠋ᠳᠠᠲ ᠲᠠᠢ ᠡᠩᠬᠡ ᠢᠢ ᠰᠠᠬᠢᠭᠤᠯᠬᠤ 《MINURCAT》 ᠠᠵᠢᠯᠯᠠᠭ᠎ᠠ᠃ ᠬᠦᠴᠦᠨ ᠦ ᠱᠲ᠋ᠠᠪ ᠲᠤ ᠬᠦᠮᠦᠨ ᠦ ᠨᠥᠭᠡᠴᠡ ᠢᠢᠨ ᠮᠡᠷᠭᠡᠵᠢᠯᠲᠡᠨ᠃
2013-2014 ᠣᠨ ᠳᠤ ᠪᠦᠭᠦᠳᠡ ᠨᠠᠢᠢᠷᠠᠮᠳᠠᠬᠤ ᠡᠮᠦᠨᠡᠲᠦ ᠰᠤᠢᠳᠠᠨ ᠤᠯᠤᠰ᠃ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠮᠠᠨ᠋ᠳᠠᠲ ᠲᠠᠢ ᠡᠩᠬᠡ ᠢᠢ ᠰᠠᠬᠢᠭᠤᠯᠬᠤ 《UNMISS》 ᠠᠵᠢᠯᠯᠠᠭ᠎ᠠ᠃ ᠬᠦᠴᠦᠨ ᠦ ᠱᠲ᠋ᠠᠪ ᠲᠤ ᠬᠣᠯᠪᠣᠭᠠᠨ ᠤ ᠬᠡᠯᠲᠡᠰ ᠦᠨ ᠳᠠᠷᠤᠭ᠎ᠠ᠃
2015-2016 ᠣᠨ ᠳᠤ ᠠᠮᠧᠷᠢᠺᠠ ᠢᠢᠨ ᠨᠢᠭᠡᠳᠦᠭᠰᠡᠨ ᠤᠯᠤᠰ ᠤᠨ ᠨᠢᠥ-ᠢᠤᠷᠺ ᠬᠣᠲᠠ ᠳᠠᠬᠢ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠲᠥᠪ ᠱᠲ᠋ᠠᠪ ᠤᠨ ᠡᠩᠬᠡ ᠢᠢ ᠰᠠᠬᠢᠭᠤᠯᠬᠤ ᠠᠵᠢᠯᠯᠠᠭᠠᠨ ᠤ ᠭᠠᠵᠠᠷ ᠲᠤ ᠮᠡᠷᠭᠡᠵᠢᠯᠲᠡᠨ᠃
2016-2017 ᠣᠨ ᠳᠤ ᠠᠮᠧᠷᠢᠺᠠ ᠢᠢᠨ ᠨᠢᠭᠡᠳᠦᠭᠰᠡᠨ ᠤᠯᠤᠰ ᠤᠨ ᠨ ᠨᠢᠥ-ᠢᠤᠷᠺ ᠬᠣᠲᠠ ᠳᠠᠬᠢ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠲᠥᠪ ᠱᠲ᠋ᠠᠪ ᠤᠨ ᠡᠩᠬᠡ ᠢᠢ ᠰᠠᠬᠢᠭᠤᠯᠬᠤ ᠠᠵᠢᠯᠯᠠᠭᠠᠨ ᠤ ᠭᠠᠵᠠᠷ ᠲᠤ ᠠᠬᠠᠯᠠᠬᠤ ᠮᠡᠷᠭᠡᠵᠢᠯᠲᠡᠨ
ᠡᠮᠡᠭᠲᠡᠢ ᠴᠡᠷᠢᠭ ᠦᠨ ᠠᠯᠪᠠ ᠬᠠᠭᠠᠭᠴᠢᠳ ᠡᠮᠨᠡᠯᠭᠡ᠂ ᠬᠣᠯᠪᠣᠭ᠎ᠠ᠂ ᠡᠩᠬᠡ ᠢᠢ ᠰᠠᠬᠢᠭᠤᠯᠬᠤ ᠵᠡᠷᠭᠡ ᠨᠠᠷᠢᠨ ᠮᠡᠷᠭᠡᠵᠢᠯ ᠦᠨ ᠬᠠᠷᠢᠭᠤᠴᠠᠯᠭ᠎ᠠ ᠲᠠᠢ ᠡᠭᠦᠷᠭᠡ ᠭᠦᠢᠴᠡᠳᠭᠡᠵᠦ ᠪᠠᠢᠢᠨ᠎ᠠ᠃
2006 ᠣᠨ ᠳᠤ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠡᠩᠬᠡ ᠢᠢ ᠰᠠᠬᠢᠭᠤᠯᠬᠤ ᠠᠵᠢᠯᠯᠠᠭᠠᠨ ᠳᠤ ᠠᠩᠬᠠᠨ ᠤ ᠡᠮᠡᠭᠲᠡᠢ ᠴᠡᠷᠢᠭ ᠦᠨ ᠠᠵᠢᠭᠯᠠᠭᠴᠢ ᠣᠹᠢᠼᠧᠷ ᠢᠯᠡᠭᠡᠭ᠍ᠰᠡᠨ ᠡᠴᠡ ᠬᠣᠢᠢᠰᠢ 872 ᠡᠮᠡᠭᠲᠡᠢ ᠡᠩᠬᠡ ᠢᠢ ᠰᠠᠬᠢᠭᠤᠯᠬᠤ ᠪᠣᠯᠤᠨ ᠣᠯᠠᠨ ᠤᠯᠤᠰ ᠤᠨ ᠠᠵᠢᠯᠯᠠᠭᠠᠨ ᠳᠤ ᠣᠷᠣᠯᠴᠠᠵᠠᠢ᠃
ᠮᠣᠩ᠋ᠭᠣᠯ ᠤᠯᠤᠰ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠳᠥ ᠴᠡᠷᠢᠭ ᠬᠠᠨᠳᠢᠪᠯᠠᠭᠴᠢ 100 ᠭᠠᠷᠤᠢ ᠣᠷᠣᠨ ᠠᠴᠠ ᠡᠮᠡᠭᠲᠡᠢ ᠡᠩᠬᠡ ᠢᠢ ᠰᠠᠬᠢᠭᠤᠯᠤᠭᠴᠢᠳ ᠤᠨ ᠲᠣᠭ᠎ᠠ ᠪᠠᠷ ᠢᠶᠠᠨ 17 ᠳ᠋ᠤᠭᠠᠷ ᠲᠤ᠂ ᠵᠡᠭᠦᠨ ᠬᠣᠢᠢᠳ ᠠᠽᠢ ᠳᠤ ᠨᠢᠭᠡᠳᠦᠭᠡᠷ ᠲᠥ ᠡᠷᠢᠮᠪᠡᠯᠡᠭᠳᠡᠳᠡᠭ ᠶᠤᠮ᠃