Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ᠬᠦᠷᠡᠯᠰᠦ᠋ᠬᠡ᠂ ᠠᠮᠧᠷᠢᠺᠠ ᠢᠢᠨ ᠨᠢᠭᠡᠳᠦᠭᠰᠡᠨ ᠤᠯᠤᠰ ᠤᠨ ᠶᠡᠷᠦᠩᠬᠡᠢᠢᠯᠡᠭᠴᠢ ᠵᠤ‍ ∙ ᠪᠠᠢᠢᠳᠧᠨ ᠨᠠᠷ ᠵᠠᠬᠢᠳᠠᠯ ᠰᠣᠯᠢᠯᠴᠠᠵᠤ᠂ ᠮᠡᠨᠳᠦᠴᠢᠯᠡᠭᠡ ᠳᠡᠪᠰᠢᠭᠦᠯᠪᠡ

ᠣᠳᠣ ᠠᠴᠠ 35 ᠵᠢᠯ ᠦᠨ ᠡᠮᠦᠨ᠎ᠡ ᠡᠨᠡ ᠡᠳᠦᠷ ᠮᠣᠩ᠋ᠭᠣᠯ ᠤᠯᠤᠰ᠂ ᠠᠮᠧᠷᠢᠺᠠ ᠢᠢᠨ ᠨᠢᠭᠡᠳᠦᠭᠰᠡᠨ ᠤᠯᠤᠰ ᠤᠨ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠪᠥᠭᠡᠳ ᠡᠳᠦᠭᠡ ᠮᠠᠨ ᠤ ᠬᠣᠶᠠᠷ ᠤᠯᠤᠰ ᠠᠷᠠᠳᠴᠢᠯᠠᠯ ᠢ ᠡᠷᠬᠢᠮᠯᠡᠭᠰᠡᠨ ᠨᠡᠢᠢᠲᠡᠯᠢᠭ ᠦᠨᠡᠲᠦ ᠵᠦᠢᠯᠡᠰ ᠲᠡᠢ ᠰᠲ᠋ᠠᠷᠠᠲ᠋ᠸᠺᠢ ᠢᠢᠨ ᠲᠦᠨᠰᠢ ᠣᠷᠣᠨ ᠨᠤᠭᠤᠳ ᠪᠣᠯᠵᠠᠢ᠃

ᠮᠣᠩ᠋ᠭᠣᠯ᠂ ᠠᠮᠧᠷᠢᠺᠠ ᠢᠢᠨ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠥᠩᠭᠡᠷᠡᠭᠰᠡᠨ ᠬᠤᠭᠤᠴᠠᠭᠠᠨ ᠳᠤ ᠪᠦᠬᠦᠢ ᠯᠠ ᠰᠠᠯᠪᠤᠷᠢ ᠳᠤ ᠥᠷᠭᠡᠵᠢᠵᠦ᠂ ᠠᠷᠠᠳᠴᠢᠯᠠᠯ ᠤᠨ ᠲᠦᠯᠤᠭᠡ ᠬᠢ ᠨᠡᠢᠢᠲᠡᠯᠢᠭ ᠦᠨᠡᠲᠦ ᠵᠦᠢᠯᠡᠰ᠂ ᠡᠩᠬᠡ ᠲᠠᠢᠢᠪᠤᠩ᠂ ᠲᠣᠭᠲᠠᠪᠤᠷᠢᠲᠠᠢ ᠪᠠᠢᠢᠳᠠᠯ ᠢ ᠬᠠᠩᠭ᠋ᠠᠬᠤ ᠬᠠᠮᠲᠤ ᠢᠢᠨ ᠠᠰᠢᠭ ᠰᠣᠨᠢᠷᠬᠠᠯ ᠳᠤ ᠲᠤᠯᠭᠠᠭᠤᠷᠢᠯᠠᠨ ᠢᠳᠡᠪᠬᠢᠲᠡᠢ ᠬᠥᠭ᠍ᠵᠢᠵᠥ ᠪᠠᠢᠢᠨ᠎ᠠ᠃ ᠡᠨᠡᠬᠦ ᠣᠢ ᠢᠢᠨ ᠵᠢᠯ ᠳᠥ ᠮᠠᠨ ᠤ ᠬᠣᠶᠠᠷ ᠤᠯᠤᠰ ᠬᠠᠮᠲᠤ ᠢᠢᠨ ᠠᠵᠢᠯᠯᠠᠭᠠᠨ ᠤ ᠣᠯᠤᠯᠲᠠ ᠠᠮᠵᠢᠯᠲᠠ ᠪᠠᠨ ᠪᠠᠲᠤᠳᠬᠠᠵᠤ᠂ ᠴᠢᠨᠠᠭᠰᠢᠳᠠ ᠰᠲ᠋ᠠᠷᠢᠲ᠋ᠸᠺᠢ ᠢᠢᠨ ᠲᠦᠨᠰᠢᠯᠡᠯ ᠢᠶᠡᠨ ᠪᠡᠬᠢᠵᠢᠭᠦᠯᠵᠦ᠂ ᠤᠯᠠᠮ ᠪᠦᠷ ᠥᠷᠭᠡᠵᠢᠭᠦᠯᠬᠦ᠂ ᠢᠯᠠᠩᠭ᠋ᠤᠶ᠎ᠠ ᠬᠣᠶᠠᠷ ᠲᠠᠯ᠎ᠠ ᠢᠢᠨ ᠬᠠᠷᠢᠯᠴᠠᠭᠠᠨ ᠳᠤ ᠡᠳ᠋  ᠦᠨ ᠵᠠᠰᠠᠭ ᠤᠨ ᠬᠠᠮᠲᠤ ᠢᠢᠨ ᠠᠵᠢᠯᠯᠠᠭᠠᠨ ᠤ ᠡᠵᠡᠯᠡᠬᠦ ᠪᠠᠢᠢᠷᠢ ᠰᠠᠭᠤᠷᠢ ᠢᠢ ᠨᠡᠮᠡᠭᠳᠡᠭᠦᠯᠬᠦ᠂ ᠴᠠᠷ᠎ᠠ ᠲᠠᠬᠤᠯ ᠤᠨ ᠳᠠᠷᠠᠭᠠᠬᠢ ᠦᠶ᠎ᠡ ᠢᠢᠨ ᠡᠳ᠋  ᠦᠨ ᠵᠠᠰᠠᠭ ᠢᠶᠠᠨ ᠰᠡᠷᠭᠦᠭᠡᠬᠦ ᠳᠥ ᠴᠢᠭᠯᠡᠭᠰᠡᠨ᠂ ᠬᠣᠶᠠᠷ ᠲᠠᠯ᠎ᠠ ᠢᠢᠨ ᠬᠥᠭ᠍ᠵᠢᠯ ᠳᠥ ᠬᠤᠪᠢ ᠨᠡᠮᠡᠭᠦᠷᠢ ᠲᠡᠢ᠂ ᠪᠣᠳᠠᠲᠤ᠂ ᠬᠠᠷᠢᠯᠴᠠᠨ ᠠᠰᠢᠭᠲᠠᠢ ᠠᠵᠢᠯ ᠢ ᠬᠡᠷᠡᠭᠵᠢᠭᠦᠯᠬᠦ ᠲᠣᠮᠣᠬᠠᠨ ᠵᠣᠷᠢᠯᠲᠠ ᠲᠠᠯᠪᠢᠨ ᠠᠵᠢᠯᠯᠠᠵᠤ ᠪᠠᠢᠢᠨ᠎ᠠ᠃

ᠣᠢ ᠢᠢᠨ ᠡᠳᠥᠷ ᠢ ᠲᠣᠬᠢᠶᠠᠯᠳᠤᠭᠤᠯᠤᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊᠂ ᠬᠦᠷᠡᠯᠰᠦ᠋ᠬᠡ᠂ ᠠᠮᠧᠷᠢᠺᠠ ᠢᠢᠨ ᠨᠢᠭᠡᠳᠥᠭᠰᠡᠨ ᠤᠯᠤᠰ ᠤᠨ ᠶᠡᠷᠦᠩᠬᠡᠢᠢᠯᠡᠭᠴᠢ ᠵᠤ‍ ∙ ᠪᠠᠢᠢᠳᠧᠨ ᠨᠠᠷ ᠵᠠᠬᠢᠳᠠᠯ ᠰᠣᠯᠢᠯᠴᠠᠵᠤ᠂ ᠮᠡᠨᠳᠥᠴᠢᠯᠡᠭᠡ ᠳᠡᠪᠰᠢᠭᠦᠯᠪᠡ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ ᠮᠡᠨᠳᠥᠴᠢᠯᠡᠭᠡᠨ ᠳᠥ ᠪᠡᠨ 《ᠭᠤᠴᠢᠨ ᠲᠠᠪᠤᠨ ᠵᠢᠯ ᠭᠡᠳᠡᠭ ᠬᠤᠭᠤᠴᠠᠭ᠎ᠠ ᠪᠣᠭᠣᠨᠢ ᠮᠡᠲᠦ ᠪᠣᠯᠪᠠᠴᠤ ᠬᠣᠶᠠᠷ ᠲᠠᠯ᠎ᠠ ᠢᠢᠨ ᠬᠦᠴᠦ ᠴᠢᠷᠮᠠᠢᠢᠯᠲᠠ ᠢᠢᠨ ᠳ᠋ᠦᠩ ᠳᠥ ᠮᠣᠩ᠋ᠭᠣᠯ᠂ ᠠᠮᠧᠷᠢᠺᠠ ᠢᠢᠨ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠠᠷᠠᠳᠴᠢᠯᠠᠯ᠂ ᠬᠦᠮᠦᠨ ᠦ ᠡᠷᠬᠡ᠂ ᠡᠷᠬᠡ ᠴᠢᠯᠦᠭᠡ᠂ ᠡᠷᠬᠡ ᠵᠦᠢ ᠳᠥ ᠶᠣᠰᠣ᠂ ᠢᠯᠡ ᠲᠣᠳᠣ᠂ ᠨᠡᠭᠡᠭᠡᠯᠲᠡ ᠲᠡᠢ ᠪᠠᠢᠢᠳᠠᠯ ᠵᠡᠷᠭᠡ ᠨᠡᠢᠢᠲᠡᠯᠢᠭ ᠦᠨᠡᠲᠦ ᠵᠦᠢᠯᠡᠰ ᠲᠥ ᠲᠤᠯᠭᠠᠭᠤᠷᠢᠯᠠᠨ ᠢᠳᠡᠪᠬᠢᠲᠡᠢ ᠥᠷᠭᠡᠵᠢᠨ ᠬᠥᠭ᠍ᠵᠢᠵᠥ᠂ ᠡᠳᠥᠭᠡ ᠰᠲ᠋ᠠᠷᠠᠲ᠋ᠸᠺᠢ ᠢᠢᠨ ᠳᠥᠨᠰᠢᠯᠡᠯ ᠦᠨ ᠲᠦᠪᠰᠢᠨ ᠳᠥ ᠬᠦᠷ᠍᠍᠍᠋᠋ᠡ᠋᠋᠌᠍ᠭᠡᠳ ᠪᠠᠢᠢᠭ᠎ᠠ ᠢᠢ ᠲᠡᠮᠳᠡᠭᠯᠡᠬᠦ ᠳᠥ ᠨᠡᠩ ᠲᠠᠭᠠᠲᠠᠢ ᠪᠠᠢᠢᠨ᠎ᠠ ᠁ ᠠᠮᠧᠷᠢᠺᠠ ᠢᠢᠨ ᠨᠢᠭᠡᠳᠥᠭᠰᠡᠨ ᠤᠯᠤᠰ ᠨᠢ ᠮᠣᠩ᠋ᠭᠣᠯ ᠤᠯᠤᠰ ᠤᠨ ᠴᠢᠬᠤᠯᠠ ᠭᠤᠷᠪᠠᠳᠠᠭᠴᠢ ᠬᠥᠷᠰᠢ ᠪᠥᠭᠡᠳ ᠡᠳᠥᠭᠡ ᠰᠲ᠋ᠠᠷᠠᠲ᠋ᠸᠺᠢ  ᠢᠢᠨ ᠲᠦᠨᠰᠢᠯᠡᠯ  ᠦᠨ ᠲᠦᠪᠰᠢᠨ ᠳᠥ ᠬᠦᠷᠦᠭᠰᠡᠨ ᠬᠣᠶᠠᠷ ᠤᠯᠤᠰ ᠤᠨ ᠡᠨᠡᠬᠦ ᠣᠢᠢᠷ᠎ᠠ ᠳᠣᠲᠣᠨᠣ ᠲᠦᠨᠰᠢᠯᠡᠯ ᠢ ᠴᠢᠨᠠᠭᠰᠢᠳᠠ ᠤᠯᠠᠮ ᠪᠦᠷ ᠪᠠᠲᠤᠳᠬᠠᠨ ᠪᠡᠬᠢᠵᠢᠭᠦᠯᠬᠦ ᠢᠢᠨ ᠲᠥᠯᠦᠭᠡ ᠨᠢᠭᠲᠠ ᠬᠠᠮᠲᠤᠷᠠᠨ ᠠᠵᠢᠯᠯᠠᠬᠤ ᠳᠤ ᠪᠠᠨ ᠪᠠᠶᠠᠷ ᠲᠠᠢ ᠪᠠᠢᠢᠨ᠎ᠠ》 ᠭᠡᠵᠦ ᠲᠡᠮᠳᠡᠭᠯᠡᠪᠡ᠃

ᠠᠮᠧᠷᠢᠺᠠ ᠢᠢᠨ ᠨᠢᠭᠡᠳᠥᠭᠰᠡᠨ ᠤᠯᠤᠰ ᠤᠨ ᠶᠡᠷᠦᠩᠬᠡᠢᠢᠯᠡᠭᠴᠢ ᠵᠤ‍ ∙ ᠪᠠᠢᠢᠳᠧᠨ ᠮᠡᠨᠳᠥᠴᠢᠯᠡᠭᠡᠨ ᠳᠥ ᠪᠡᠨ《ᠠᠮᠧᠷᠢᠺᠠ ᠢᠢᠨ ᠨᠢᠭᠡᠳᠥᠭᠰᠡᠨ ᠤᠯᠤᠰ ᠨᠢ ᠮᠣᠩ᠋ᠭᠣᠯ ᠤᠯᠤᠰ ᠤᠨ ᠰᠲ᠋ᠠᠷᠠᠲ᠋ᠸᠺᠢ  ᠢᠢᠨ ᠲᠦᠨᠰᠢ ᠪᠥᠭᠡᠳ ᠭᠤᠷᠪᠠᠳᠠᠭᠴᠢ ᠬᠥᠷᠰᠢ ᠪᠠᠢᠢᠳᠠᠭ ᠢᠶᠠᠷ ᠢᠶᠠᠨ ᠪᠠᠬᠠᠷᠬᠠᠳᠠᠭ᠂ ᠠᠮᠧᠷᠢᠺᠠ ᠢᠢᠨ ᠨᠢᠭᠡᠳᠥᠭᠰᠡᠨ ᠤᠯᠤᠰ ᠨᠢ ᠮᠣᠩ᠋ᠭᠣᠯ ᠤᠯᠤᠰ ᠤᠨ ᠠᠷᠠᠳᠴᠢᠯᠠᠭᠰᠠᠨ ᠲᠣᠭᠲᠠᠯᠴᠠᠭ᠎ᠠ ᠢᠢ ᠪᠠᠨ ᠪᠡᠬᠢᠵᠢᠭᠦᠯᠬᠦ᠂ ᠡᠷᠬᠡ ᠵᠦᠢᠳᠤ ᠶᠣᠰᠣ ᠢᠢ ᠪᠠᠷᠢᠮᠲᠠᠯᠠᠬᠤ ᠪᠣᠯᠤᠨ ᠡᠳ᠋  ᠦᠨ ᠵᠠᠰᠠᠭ ᠢᠶᠠᠨ ᠲᠥᠷᠦᠯᠵᠢᠭᠦᠯᠬᠦ ᠳᠥ ᠴᠢᠭᠯᠡᠭᠳᠡᠭᠰᠡᠨ ᠬᠦᠴᠦ ᠴᠢᠷᠮᠠᠢᠢᠯᠲᠠ ᠢᠢ ᠲᠤᠤᠱᠲᠠᠢ ᠳᠡᠮᠵᠢᠬᠦ ᠪᠡᠨ ᠢᠯᠡᠷᠬᠡᠢᠢᠯᠡᠶ᠎ᠡ᠁ ᠪᠢᠳᠡ ᠢᠷᠡᠭᠡᠳᠥᠢ ᠪᠡᠨ ᠲᠥᠰᠥᠭᠡᠯᠡᠬᠦ ᠳᠥ ᠪᠡᠨ ᠮᠣᠩ᠋ᠭᠣᠯ ᠤᠯᠤᠰ ᠢ ᠠᠭᠤᠷ ᠠᠮᠢᠰᠬᠤᠯ ᠤᠨ ᠥᠭᠡᠷᠡᠴᠢᠯᠡᠯᠲᠡ ᠲᠡᠢ ᠲᠡᠮᠡᠴᠡᠬᠦ᠂ ᠳᠡᠯᠡᠬᠡᠢ ᠳᠠᠬᠢᠨ ᠢᠶᠠᠨ ᠡᠷᠡᠭᠦᠯ ᠮᠡᠨᠳᠥ ᠢᠢᠨ ᠠᠶᠤᠯ ᠦᠭᠡᠢ ᠪᠠᠢᠢᠳᠠᠯ ᠢ ᠪᠡᠬᠢᠵᠢᠭᠦᠯᠬᠦ᠂ ᠰᠡᠷᠭᠡᠭᠳᠡᠬᠦ ᠡᠷᠴᠢᠮ ᠬᠦᠴᠦ ᠢᠢ ᠥᠷᠭᠡᠨ ᠢᠶᠡᠷ ᠠᠰᠢᠭᠯᠠᠬᠤ᠂ ᠡᠳ᠋  ᠦᠨ ᠵᠠᠰᠠᠭ ᠤᠨ ᠲᠣᠭᠲᠠᠪᠤᠷᠢᠲᠠᠢ ᠪᠥᠭᠡᠳ ᠲᠡᠭᠰᠢ ᠥᠰᠦᠯᠲᠡ ᠢᠢ ᠬᠠᠩᠭ᠋ᠠᠬᠤ ᠳᠤ ᠨᠡᠩ ᠴᠢᠬᠤᠯᠠ ᠲᠦᠨᠳᠢ ᠣᠷᠣᠨ ᠭᠡᠵᠦ ᠦᠵᠡᠵᠦ ᠪᠠᠢᠢᠨ᠎ᠠ》 ᠬᠡᠮᠡᠪᠡ᠃

ᠬᠣᠶᠠᠷ ᠣᠷᠣᠨ ᠤ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 35 ᠵᠢᠯ ᠦᠨ ᠣᠢ ᠢᠢ ᠪᠦᠲᠦᠨ ᠵᠢᠯ ᠦᠨ ᠲᠤᠷᠰᠢ ᠬᠠᠮᠲᠤᠷᠠᠨ ᠲᠡᠮᠳᠡᠭᠯᠡᠬᠦ ᠪᠥᠭᠡᠳ ᠡᠨᠡ ᠬᠦᠷᠢᠶᠡᠨ ᠳᠥ ᠬᠠᠮᠲᠤᠷᠠᠨ ᠬᠡᠷᠡᠭᠵᠢᠭᠦᠯᠬᠦ ᠠᠵᠢᠯ᠂ ᠠᠷᠭ᠎ᠠ ᠬᠡᠮᠵᠢᠶ᠎ᠡ ᠢᠢ ᠲᠣᠳᠣᠷᠬᠠᠢᠢᠯᠠᠵᠤ᠂ ᠬᠠᠷᠢᠯᠴᠠᠨ ᠠᠢᠢᠯᠴᠢᠯᠠᠯ ᠵᠣᠬᠢᠶᠠᠨ ᠪᠠᠢᠢᠭᠤᠯᠬᠤ ᠵᠡᠷᠭᠡ ᠣᠯᠠᠨ ᠠᠷᠭ᠎ᠠ ᠬᠡᠮᠵᠢᠶ᠎ᠡ ᠢᠢ ᠬᠡᠷᠡᠭᠵᠢᠭᠦᠯᠬᠦ ᠪᠡᠷ ᠲᠥᠯᠥᠪᠯᠡᠵᠦ ᠪᠠᠢᠢᠨ᠎ᠠ᠃