Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠶᠢᠯᠡᠭᠴᠢ ᠤ᠊᠂ ᠬᠦᠷᠡᠯᠰᠦ᠋ᠬᠡ ᠭᠧᠣᠳᠧᠽᠢ᠂ ᠵᠢᠷᠤᠭ ᠵᠦᠢ ᠶᠢᠨ ᠰᠠᠯᠪᠤᠷᠢ ᠶᠢᠨ ᠬᠢᠨ ᠳᠤ ᠮᠡᠨᠳᠦᠴᠢᠯᠡᠭᠡ ᠳᠡᠪᠰᠢᠭᠦᠯᠪᠡ

ᠮᠣᠩ᠋ᠭᠣᠯ ᠤᠯᠤᠰ ᠲᠤ ᠭᠧᠣᠳᠧᠽᠢ᠂ ᠵᠢᠷᠤᠭ ᠵᠦᠢ ᠶᠢᠨ ᠰᠠᠯᠪᠤᠷᠢ ᠡᠭᠦᠰᠴᠦ ᠬᠥᠭ᠍ᠵᠢᠭ᠍ᠰᠡᠨ ᠦ ᠲᠡᠦᠬᠡᠲᠦ 90 ᠵᠢᠯ᠂ ᠡᠷᠬᠢᠯᠡᠭᠰᠡᠨ ᠲᠥᠷᠥ ᠶᠢᠨ ᠵᠠᠬᠢᠷᠭᠠᠨ ᠤ ᠪᠠᠶᠢᠭᠤᠯᠤᠯᠭ᠎ᠠ ᠪᠠᠶᠢᠭᠤᠯᠤᠭᠳᠠᠰᠤᠨ ᠤ 50 ᠵᠢᠯ ᠦᠨ ᠣᠢ ᠶᠢ ᠲᠣᠬᠢᠶᠠᠯᠳᠤᠭᠤᠯᠤᠨ ᠮᠣᠩ᠋ᠭᠣᠯ ᠤᠯᠤᠰ ᠤᠨ ᠶᠡᠷᠦᠩᠬᠡᠶᠢᠯᠡᠭᠴᠢ ᠤ᠊᠂ ᠬᠦᠷᠡᠯᠰᠦ᠋ᠬᠡ ᠪᠠᠶᠠᠷ ᠤᠨ ᠮᠡᠨᠳᠦᠴᠢᠯᠡᠭᠡ ᠳᠡᠪᠰᠢᠭᠦᠯᠦᠯ᠎ᠡ᠃

ᠮᠣᠩ᠋ᠭᠣᠯ ᠤᠯᠤᠰ ᠤᠨ ᠶᠡᠷᠦᠩᠬᠡᠶᠢᠯᠡᠭᠴᠢ ᠮᠡᠨᠳᠦᠴᠢᠯᠡᠭᠡ ᠳᠡᠭᠡᠨ᠄
《ᠮᠣᠩ᠋ᠭᠣᠯ ᠤᠯᠤᠰ ᠲᠤ ᠭᠧᠣᠳᠧᠽᠢ᠂ ᠵᠢᠷᠤᠭ ᠵᠦᠢ ᠶᠢᠨ ᠰᠠᠯᠪᠤᠷᠢ ᠡᠭᠦᠰᠴᠦ ᠬᠥᠭ᠍ᠵᠢᠭ᠍ᠰᠡᠨ ᠦ ᠲᠡᠦᠬᠡᠲᠦ 90 ᠵᠢᠯ᠂ ᠡᠷᠬᠢᠯᠡᠭᠰᠡᠨ ᠲᠥᠷᠥ ᠶᠢᠨ ᠵᠠᠬᠢᠷᠭᠠᠨ ᠤ ᠪᠠᠶᠢᠭᠤᠯᠤᠯᠭ᠎ᠠ ᠪᠠᠶᠢᠭᠤᠯᠤᠭᠳᠠᠰᠤᠨ ᠤ 50 ᠵᠢᠯ ᠦᠨ ᠣᠢ ᠶᠢᠨ ᠪᠠᠶᠠᠷ ᠤᠨ ᠮᠡᠨᠳᠦ ᠶᠢ ᠰᠠᠯᠪᠤᠷᠢ ᠶᠢᠨ ᠦᠶ᠎ᠡ ᠦᠶ᠎ᠡ ᠶᠢᠨ ᠤᠳᠤᠷᠢᠳᠤᠯᠭ᠎ᠠ᠂ ᠠᠵᠢᠯᠲᠠᠨ᠂ ᠠᠯᠪᠠᠨ ᠬᠠᠭᠠᠭᠴᠢ᠂ ᠢᠨᠵᠧᠨᠧᠷ᠂ ᠲᠸ᠋ᠭ᠍ᠨᠢᠭ᠍ᠴᠢ᠂ ᠡᠷᠳᠡᠮᠲᠡᠨ᠂ ᠰᠤᠳᠤᠯᠤᠭᠠᠴᠢ ᠲᠠ ᠪᠦᠬᠦᠨ ᠳᠥ ᠪᠡᠨ ᠡᠷᠭᠦᠨ ᠳᠡᠪᠰᠢᠭᠦᠯᠦᠶ᠎ᠡ᠃

ᠮᠣᠩ᠋ᠭᠣᠯ ᠤᠯᠤᠰ ᠤᠨ ᠲᠤᠰᠠᠭᠠᠷ ᠲᠣᠭᠲᠠᠨᠢᠯ᠂ ᠪᠦᠷᠢᠨ ᠡᠷᠬᠡᠲᠦ ᠪᠠᠶᠢᠳᠠᠯ᠂ ᠬᠢᠯᠢ ᠬᠢᠵᠠᠭᠠᠷ ᠤᠨ ᠬᠠᠯᠳᠠᠰᠢ ᠦᠭᠡᠢ ᠳᠠᠷᠬᠠᠨ ᠪᠠᠶᠢᠳᠠᠯ᠂ ᠨᠤᠲᠤᠭ ᠳᠡᠪᠢᠰᠬᠡᠷ ᠦᠨ ᠪᠦᠷᠢᠨ ᠪᠦᠲᠦᠨ ᠪᠠᠶᠢᠳᠠᠯ ᠪᠣᠯᠤᠨ ᠮᠣᠩ᠋ᠭᠣᠯ ᠰᠤᠶᠤᠯ ᠢᠷᠭᠡᠨᠰᠢᠯ ᠦᠨ ᠠᠶᠤᠯ ᠦᠭᠡᠢ ᠪᠠᠶᠢᠳᠠᠯ᠂ ᠬᠦᠮᠦᠨ ᠠᠮᠠ᠂ ᠤᠳᠤᠮ ᠤᠨ ᠰᠠᠩ ᠤᠨ ᠠᠶᠤᠯ ᠦᠭᠡᠢ ᠪᠠᠶᠢᠳᠠᠯ ᠢ ᠬᠠᠩᠭ᠋ᠠᠬᠤ ᠳᠤ ᠭᠧᠣᠳᠧᠽᠢ᠂ ᠵᠢᠷᠤᠭ ᠵᠦᠢ ᠶᠢᠨ ᠰᠠᠯᠪᠤᠷᠢ ᠶᠢᠨ ᠬᠤᠪᠢ ᠨᠡᠮᠡᠭᠦᠷᠢ ᠶᠡᠬᠡ ᠪᠢᠯᠡ᠃

ᠠᠯᠢᠪᠠ ᠤᠯᠤᠰ ᠣᠷᠣᠨ ᠤ ᠪᠠᠲᠤᠯᠠᠨ ᠬᠠᠮᠠᠭᠠᠯᠠᠬᠤ᠂ ᠬᠥᠳᠡᠭᠡ ᠠᠵᠤ ᠠᠬᠤᠢ᠂ ᠭᠧᠣᠯᠣᠭᠢ᠂ ᠠᠭᠤᠯᠠ ᠠᠭᠤᠷᠬᠠᠢ᠂ ᠰᠤᠶᠤᠯ᠂ ᠰᠢᠨᠵᠢᠯᠡᠬᠦ ᠤᠬᠠᠭᠠᠨ᠂ ᠪᠠᠷᠢᠯᠭ᠎ᠠ᠂ ᠬᠣᠲᠠ ᠪᠠᠶᠢᠭᠤᠯᠤᠯᠲᠠ᠂ ᠭᠠᠵᠠᠷ ᠵᠣᠬᠢᠶᠠᠨ ᠪᠠᠶᠢᠭᠤᠯᠤᠯᠲᠠ᠂ ᠳᠡᠳ᠋ ᠪᠦᠲᠦᠴᠡ ᠶᠢᠨ ᠬᠥᠭ᠍ᠵᠢᠯ᠂ ᠪᠠᠶᠢᠭᠠᠯᠢ ᠣᠷᠴᠢᠨ ᠤ ᠬᠠᠮᠠᠭᠠᠯᠠᠯ ᠵᠡᠷᠭᠡ ᠡᠳ᠋  ᠤᠨ ᠵᠠᠰᠠᠭ᠂ ᠨᠡᠶᠢᠭᠡᠮ ᠤᠨ ᠪᠦᠬᠦᠢ ᠯᠠ ᠰᠠᠯᠪᠤᠷᠢ ᠶᠢᠨ ᠲᠥᠯᠥᠪᠯᠡᠯᠲᠡ᠂ ᠡᠳᠦᠷ ᠲᠤᠲᠤᠮ ᠤᠨ ᠦᠢᠯᠡ ᠠᠵᠢᠯᠯᠠᠭᠠᠨ ᠳᠤ ᠭᠧᠣᠳᠧᠽᠢ᠂ ᠵᠢᠷᠤᠭ ᠵᠦᠢ ᠶᠢᠨ ᠰᠤᠳᠤᠯᠭ᠎ᠠ᠂ ᠮᠡᠳᠡᠭᠡ ᠮᠡᠳᠡᠭᠡᠯᠡᠯ ᠢ ᠥᠷᠭᠡᠨ ᠢᠶᠡᠷ ᠠᠰᠢᠭᠯᠠᠳᠠᠭ᠃

ᠡᠶᠢᠮᠦ ᠳᠥ ᠥᠭᠡᠷᠡᠴᠢᠯᠡᠭᠳᠡᠨ ᠪᠤᠢ ᠳᠡᠯᠡᠬᠡᠢ ᠶᠢᠷᠲᠢᠨᠴᠦ ᠶᠢᠨ ᠮᠥᠩᠬᠡ ᠶᠢᠨ ᠬᠥᠳᠡᠯᠭᠡᠭᠡᠨ ᠢ ᠲᠣᠭᠠᠴᠠᠨ ᠭᠧᠣᠳᠧᠽᠢ ᠶᠢᠨ ᠰᠦᠯᠵᠢᠶ᠎ᠡ ᠶᠢ ᠰᠢᠨᠡᠴᠢᠯᠡᠵᠦ᠂ ᠭᠠᠵᠠᠷ ᠨᠤᠲᠤᠭ ᠢ ᠪᠦᠷᠢᠨ ᠵᠢᠷᠤᠭᠵᠢᠭᠤᠯᠬᠤ ᠠᠵᠢᠯ ᠮᠣᠩ᠋ᠭᠣᠯ ᠤᠯᠤᠰ ᠤᠨ ᠬᠥᠭ᠍ᠵᠢᠯ ᠳ᠋ᠦ ᠨᠡᠩ ᠴᠢᠬᠤᠯᠠ ᠡᠭᠦᠷᠭᠡ ᠭᠦᠢᠴᠡᠳᠭᠡᠵᠦ ᠪᠠᠶᠢᠨ᠎ᠠ᠃

ᠰᠠᠯᠪᠤᠷᠢ ᠶᠢᠨ ᠮᠡᠷᠭᠡᠵᠢᠯᠲᠡᠨ ᠲᠠ ᠪᠦᠬᠦᠨ ᠮᠣᠩ᠋ᠭᠣᠯ ᠤᠯᠤᠰ ᠤᠨ 8200 ᠭᠠᠷᠤᠢ ᠺᠢᠯᠣᠮᠧᠲ᠋ᠷ ᠤᠷᠲᠤ ᠬᠢᠯᠢ ᠶᠢ ᠬᠠᠮᠲᠤᠷᠠᠨ ᠲᠣᠭᠲᠠᠭᠠᠬᠤ᠂ ᠰᠢᠯᠭᠠᠬᠤ᠂ ᠵᠢᠷᠤᠭᠯᠠᠬᠤ᠂ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠳᠤ ᠪᠥᠷᠢᠳᠬᠡᠭᠦᠯᠬᠦ᠂ ᠤᠯᠤᠰ ᠤᠨ ᠨᠡᠶᠢᠲᠡ ᠨᠤᠲᠤᠭ ᠳᠡᠪᠢᠰᠬᠡᠷ ᠪᠣᠯᠤᠨ ᠰᠠᠭᠤᠷᠢᠨ ᠭᠠᠵᠠᠷ ᠤᠨ ᠲᠥᠪ ᠢ ᠥᠨᠳᠥᠷ ᠨᠠᠷᠢᠪᠴᠢᠯᠠᠯᠲᠠᠢ ᠵᠢᠷᠤᠭᠵᠢᠭᠤᠯᠬᠤ᠂ ᠦᠨᠳᠦᠰᠦᠨ ᠦ ᠠᠲ᠋ᠯᠠᠰ ᠵᠣᠬᠢᠶᠠᠬᠤ ᠵᠡᠷᠭᠡ ᠮᠣᠩ᠋ᠭᠣᠯ ᠤᠯᠤᠰ ᠤᠨ ᠬᠢᠯᠢ ᠳᠠᠷᠬᠠᠨ ᠪᠠᠶᠢᠬᠤ᠂ ᠭᠠᠵᠠᠷ ᠨᠤᠲᠤᠭ ᠪᠦᠷᠢᠨ ᠪᠦᠲᠦᠨ ᠪᠠᠶᠢᠬᠤ ᠦᠢᠯᠡ ᠬᠡᠷᠡᠭ ᠲᠥ ᠴᠢᠬᠤᠯᠠ ᠡᠭᠦᠷᠭᠡ ᠭᠦᠢᠴᠡᠳᠭᠡᠵᠦ ᠢᠷᠡᠭᠰᠡᠨ᠃

ᠲᠡᠷᠡᠴᠢᠯᠡᠨ 416 ᠺᠢᠯᠣᠮᠧᠲ᠋ᠷ ᠤᠷᠲᠤ ᠲᠠᠪᠤᠨᠲᠣᠯᠣᠭᠠᠢ – ᠵᠡᠭᠦᠨᠪᠠᠶᠠᠨ᠂ 240 ᠺᠢᠯᠣᠮᠧᠲ᠋ᠷ ᠤᠷᠲᠤ ᠲᠠᠪᠤᠨᠲᠣᠯᠣᠭᠠᠢ – ᠭᠠᠰᠢᠭᠤᠨᠰᠤᠬᠠᠢ ᠲᠤ ᠴᠢᠭᠯᠡᠯ ᠦᠨ ᠲᠡᠮᠦᠷ ᠵᠠᠮ ᠤᠨ ᠲᠦᠪᠰᠢᠨ ᠢ ᠲᠣᠭᠲᠠᠭᠠᠬᠤ᠂ ᠣᠶᠤᠨᠲᠣᠯᠣᠭᠠᠢ ᠣᠷᠳᠣ ᠶᠢᠨ 1300 ᠮᠧᠲ᠋ᠷ ᠦᠨ ᠭᠦᠨ ᠳ᠋ᠡᠬᠢ ᠪᠠᠷᠢᠯᠭ᠎ᠠ ᠶᠢᠨ ᠭᠧᠣᠳᠧᠽᠢ ᠶᠢᠨ ᠠᠵᠢᠯ ᠢ ᠨᠡᠷ᠎ᠡ ᠲᠥᠷᠥ ᠲᠡᠢ ᠭᠦᠢᠴᠡᠳᠭᠡᠵᠦ ᠪᠠᠶᠢᠭ᠎ᠠ ᠨᠢ ᠰᠠᠯᠪᠤᠷᠢ ᠶᠢᠨ ᠬᠥᠭ᠍ᠵᠢᠯ ᠳᠡᠪᠰᠢᠯ᠂ ᠠᠮᠵᠢᠯᠲᠠ ᠪᠦᠲᠦᠭᠡᠯ ᠢ ᠲᠣᠳᠣᠷᠬᠠᠢ ᠬᠠᠷᠠᠭᠤᠯᠵᠤ ᠪᠠᠶᠢᠨ᠎ᠠ᠃

ᠲᠡᠦᠬᠡᠨ ᠣᠢ ᠶᠢᠨ ᠪᠠᠶᠠᠷ ᠤᠨ ᠡᠨᠡ ᠡᠳᠦᠷ ᠬᠢᠭ᠍ᠰᠡᠨ ᠢᠶᠡᠨ ᠦᠨᠡᠯᠡᠨ ᠳ᠋ᠦᠩᠨᠡᠵᠦ᠂ ᠬᠢᠵᠦ ᠪᠠᠶᠢᠭ᠎ᠠ ᠪᠠᠨ ᠡᠷᠭᠢᠴᠡᠭᠦᠯᠦᠨ ᠴᠡᠩᠨᠡᠵᠦ᠂ ᠬᠢᠬᠦ ᠪᠡᠨ ᠲᠥᠯᠥᠪᠯᠡᠨ ᠪᠣᠳᠣᠬᠤ ᠨᠢ ᠵᠦᠢ ᠶᠢᠨ ᠬᠡᠷᠡᠭ᠃

ᠭᠧᠣᠳᠧᠽᠢ᠂ ᠵᠢᠷᠤᠭ ᠵᠦᠢ ᠶᠢᠨ ᠰᠠᠯᠪᠤᠷᠢ ᠤᠨ ᠬᠢᠨ ᠤ 1980-1985 ᠣᠨ ᠳᠤ ᠲᠣᠭᠲᠠᠭᠠᠵᠤ ᠪᠠᠲᠤᠯᠠᠭᠠᠵᠢᠭᠤᠯᠤᠭᠰᠠᠨ ᠠᠭᠤᠯᠠ᠂ ᠤᠰᠤ᠂ ᠭᠠᠵᠠᠷ ᠨᠤᠲᠤᠭ ᠤᠨ ᠨᠡᠷᠡᠰ ᠥᠭᠡᠷᠡᠴᠢᠯᠡᠭᠳᠡᠬᠦ᠂ ᠮᠠᠷᠲᠠᠭᠳᠠᠬᠤ ᠶᠠᠪᠤᠳᠠᠯ ᠰᠡᠭᠦᠯ ᠦᠨ ᠦᠶ᠎ᠡ ᠳᠥ ᠭᠠᠷᠬᠤ ᠪᠣᠯᠤᠭᠰᠠᠨ ᠲᠤᠯᠠ ᠲᠡᠳᠡᠭᠡᠷ ᠢ ᠬᠠᠮᠠᠭᠠᠯᠠᠬᠤ᠂ ᠰᠡᠷᠭᠦᠭᠡᠨ ᠲᠣᠳᠣᠷᠠᠭᠤᠯᠬᠤ ᠵᠠᠮ ᠢᠶᠠᠷ ᠢᠷᠡᠭᠡᠳᠦᠢ ᠬᠣᠶᠢᠴᠢ ᠦᠶ᠎ᠡ ᠳ᠋ᠡᠭᠡᠨ ᠥᠪᠯᠡᠭᠦᠯᠦᠨ ᠦᠯᠡᠳᠡᠭᠡᠬᠦ ᠠᠰᠠᠭᠤᠳᠠᠯ ᠲᠠ ᠪᠢᠳᠡᠨ ᠦ ᠡᠮᠦᠨ᠎ᠡ ᠲᠤᠯᠭᠠᠷᠴᠤ ᠪᠠᠶᠢᠨ᠎ᠠ᠃

ᠢᠳᠡᠷ ᠵᠠᠯᠠᠭᠤᠰ ᠠᠬᠠᠮᠠᠳ ᠦᠶ᠎ᠡ ᠦᠯᠢᠭᠡᠷᠯᠡᠨ ᠳᠠᠭᠤᠷᠢᠶᠠᠵᠤ ᠮᠡᠷᠭᠡᠵᠢᠯ ᠳᠥ ᠪᠡᠨ ᠰᠢᠨᠵᠢᠯᠡᠬᠦ ᠤᠬᠠᠭᠠᠨᠴᠢ ᠪᠠᠷ᠂ ᠴᠢᠡᠭ ᠰᠡᠳᠬᠢᠯ ᠢᠶᠡᠷ᠂ ᠦᠨᠡᠨᠴᠢ ᠰᠢᠳᠤᠷᠭᠤ ᠬᠠᠨᠳᠤᠨ ᠰᠠᠯᠪᠤᠷᠢ ᠶᠢᠨ ᠢᠶᠠᠨ ᠬᠥᠭ᠍ᠵᠢᠯ ᠢ ᠳᠡᠯᠡᠬᠡᠢ ᠶᠢᠨ ᠵᠢᠱᠢᠭ ᠲᠥ ᠨᠡᠶᠢᠴᠡᠭᠦᠯᠵᠦ᠂ ᠲᠤᠰᠠᠭᠠᠷ ᠲᠣᠭᠲᠠᠨᠢᠯ᠂ ᠪᠦᠷᠢᠨ ᠡᠷᠬᠡᠲᠦ ᠪᠠᠶᠢᠳᠠᠯ᠂ ᠨᠤᠲᠤᠭ ᠳᠡᠪᠢᠰᠬᠡᠷ᠂ ᠬᠢᠯᠢ ᠬᠢᠵᠠᠭᠠᠷ ᠤᠨ ᠬᠠᠯᠳᠠᠰᠢ ᠦᠭᠡᠢ ᠪᠦᠷᠢᠨ ᠪᠦᠲᠦᠨ ᠪᠠᠶᠢᠳᠠᠯ᠂ ᠠᠷᠠᠳ ᠲᠦᠮᠡᠨ ᠦ ᠲᠡᠦᠬᠡ᠂ ᠰᠤᠶᠤᠯ ᠢ ᠬᠠᠮᠠᠭᠠᠯᠠᠬᠤ ᠠᠷᠢᠭᠤᠨ ᠦᠢᠯᠡᠰ ᠢᠶᠡᠨ ᠨᠡᠷ᠎ᠡ ᠲᠥᠷᠥ᠂ ᠡᠭᠦᠷᠭᠡ᠂ ᠬᠠᠷᠢᠭᠤᠴᠠᠯᠭ᠎ᠠ ᠲᠠᠢ ᠪᠠᠷ ᠦᠷᠭᠦᠯᠵᠢᠯᠡᠭᠦᠯᠦᠨ ᠪᠡᠶᠡᠯᠡᠭᠦᠯᠦᠨ᠎ᠡ ᠭᠡᠳᠡᠭ ᠲᠥ ᠮᠣᠩ᠋ᠭᠣᠯ ᠤᠯᠤᠰ ᠤᠨ ᠶᠡᠷᠦᠩᠬᠡᠶᠢᠯᠡᠭᠴᠢ᠂ ᠲᠥᠷᠥ ᠶᠢᠨ ᠲᠡᠷᠢᠭᠦᠨ ᠮᠢᠨᠦ ᠪᠡᠶ᠎ᠡ ᠣᠭᠲᠣᠬᠠᠨ ᠴᠤ ᠡᠷᠡᠭᠡᠯᠵᠡᠬᠦ ᠦᠭᠡᠢ ᠪᠠᠶᠢᠨ᠎ᠠ᠃

ᠭᠧᠣᠳᠧᠽᠢ᠂ ᠵᠢᠷᠤᠭ ᠵᠦᠢ ᠶᠢᠨ ᠰᠠᠯᠪᠤᠷᠢ ᠶᠢᠨ ᠨᠡᠶᠢᠲᠡ ᠬᠠᠮᠲᠤ ᠣᠯᠠᠨ ᠲᠠ ᠪᠦᠬᠦᠨ ᠳᠥ ᠪᠡᠨ ᠰᠠᠯᠪᠤᠷᠢ ᠶᠢᠨ ᠲᠡᠦᠬᠡᠲᠦ 90 ᠵᠢᠯ ᠦᠨ ᠣᠢ ᠶᠢᠨ ᠪᠠᠶᠠᠷ ᠤᠨ ᠬᠠᠯᠠᠭᠤᠨ ᠮᠡᠨᠳᠦ ᠶᠢ ᠳᠠᠬᠢᠨ ᠳᠡᠪᠰᠢᠭᠦᠯᠵᠦ᠂ ᠠᠵᠢᠯ᠂ ᠦᠢᠯᠡᠰ ᠲᠥ ᠨᠢ ᠠᠮᠵᠢᠯᠲᠠ ᠪᠦᠲᠦᠭᠡᠯ ᠦᠨ ᠳᠡᠭᠡᠳᠦ ᠶᠢ᠂ ᠠᠮᠢᠳᠤᠷᠠᠯ ᠳᠤ ᠨᠢ ᠠᠵᠠ ᠵᠢᠷᠭᠠᠯ᠂ ᠰᠠᠶᠢᠨ ᠰᠠᠶᠢᠬᠠᠨ ᠤ ᠳᠡᠭᠡᠵᠢ ᠶᠢ ᠬᠦᠰᠡᠨ ᠢᠷᠦᠭᠡᠶ᠎ᠡ︕

ᠮᠥᠩᠬᠡ ᠲᠩᠷᠢ ᠶᠢᠨ ᠬᠦᠴᠦᠨ ᠳᠣᠣᠷ᠎ᠠ᠂ ᠡᠪᠦᠭᠡ ᠳᠡᠭᠡᠳᠦᠰ ᠡᠴᠡ ᠥᠪᠯᠡᠭᠦᠯᠦᠭᠰᠡᠨ ᠡᠬᠡ ᠨᠤᠲᠤᠭ ᠲᠤ ᠪᠠᠨ

ᠮᠣᠩ᠋ᠭᠣᠯ ᠤᠯᠤᠰ᠂ ᠮᠣᠩ᠋ᠭᠣᠯ ᠤᠨ ᠠᠷᠠᠳ ᠲᠦᠮᠡᠨ ᠥᠨᠢ ᠮᠥᠩᠬᠡ᠂ ᠡᠩᠬᠡ ᠠᠮᠤᠭᠤᠯᠠᠩ ᠤᠷᠤᠰᠢᠬᠤ ᠪᠣᠯᠲᠤᠭᠠᠢ》 ᠭᠡᠵᠡᠢ᠃