Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ᠬᠦᠷᠡᠯᠰᠦ᠋ᠬᠡ ᠬᠣᠷᠰᠢᠶᠠᠯᠠᠭᠴᠢᠳ ᠳᠤ 100 ᠵᠢᠯ ᠦᠨ ᠣᠢ ᠢᠢᠨ ᠮᠡᠨᠳᠦᠴᠢᠯᠡᠭᠡ ᠳᠡᠪᠰᠢᠭᠦᠯᠦᠯ᠎ᠡ

ᠮᠣᠩ᠋ᠭᠣᠯ ᠤᠯᠤᠰ ᠲᠤ ᠬᠣᠷᠰᠢᠶᠠᠯᠠᠯ ᠤᠨ ᠰᠠᠯᠪᠤᠷᠢ ᠡᠭᠦᠰᠴᠦ ᠬᠥᠭ᠍ᠵᠢᠭ᠍ᠰᠡᠨ ᠦ 100 ᠵᠢᠯ ᠦᠨ ᠣᠢ ᠢᠢᠨ ᠦᠨᠳᠦᠰᠦᠨ ᠦ ᠴᠢᠭᠤᠯᠭᠠᠨ ᠳᠤ ᠣᠷᠣᠯᠴᠠᠵᠤ ᠪᠠᠢᠢᠭ᠎ᠠ ᠬᠣᠷᠰᠢᠶᠠᠯᠠᠭᠴᠢᠳ ᠳᠤ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ ᠪᠠᠶᠠᠷ ᠤᠨ ᠮᠡᠨᠳᠦᠴᠢᠯᠡᠭᠡ ᠳᠡᠪᠰᠢᠭᠦᠯᠦᠯ᠎ᠡ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠮᠡᠨᠳᠦᠴᠢᠯᠡᠭᠡ᠄
《ᠳᠡᠯᠭᠡᠷ ᠰᠠᠢᠢᠬᠠᠨ ᠡᠬᠡ ᠣᠷᠣᠨ ᠤ ᠪᠠᠨ ᠥᠨᠴᠥᠭ ᠪᠤᠯᠤᠩ ᠪᠦᠷᠢ ᠡᠴᠡ ᠠᠵᠢᠯ ᠤᠨ ᠠᠮᠵᠢᠯᠲᠠ᠂ ᠪᠦᠲᠦᠭᠡᠯ ᠢᠶᠡᠷ ᠢᠶᠡᠨ ᠮᠠᠩᠯᠠᠢᠢᠯᠠᠨ ᠰᠢᠯᠭᠠᠷᠴᠤ᠂ 100 ᠵᠢᠯ ᠦᠨ ᠣᠢ ᠢᠢᠨ ᠦᠨᠳᠦᠰᠦᠨ ᠦ ᠴᠢᠭᠤᠯᠭᠠᠨ ᠳᠤ ᠬᠣᠷᠰᠢᠶᠠᠨ ᠤ ᠭᠡᠰᠢᠭᠦᠳ ᠢᠶᠡᠨ ᠲᠥᠯᠥᠭᠡᠯᠡᠨ ᠨᠡᠢᠢᠰᠯᠡᠯ ᠬᠤᠳᠠᠨ᠎ᠠ ᠬᠤᠷᠠᠨ ᠴᠢᠭᠤᠯᠵᠤ ᠪᠤᠢ ᠬᠣᠷᠰᠢᠶᠠᠯᠠᠭᠴᠢ ᠲᠠ ᠪᠦᠬᠦᠨ ᠳᠥ ᠪᠡᠨ ᠣᠢ ᠢᠢᠨ ᠪᠠᠶᠠᠷ ᠤᠨ ᠮᠡᠨᠳᠦ ᠬᠦᠷᠭᠡᠵᠦ᠂ ᠴᠢᠡᠭ ᠰᠡᠳᠬᠢᠯ ᠦᠨ ᠮᠡᠨᠳᠦᠴᠢᠯᠡᠭᠡ ᠳᠡᠪᠰᠢᠭᠦᠯᠦᠶ᠎ᠡ᠃

ᠮᠠᠨ ᠤ ᠤᠯᠤᠰ ᠲᠤ ᠬᠣᠷᠰᠢᠶ᠎ᠠ ᠪᠠᠢᠢᠭᠤᠯᠬᠤ ᠠᠩᠬᠠᠨ ᠤ ᠰᠠᠨᠠᠭᠠᠴᠢᠯᠠᠭ᠎ᠠ ᠢᠢ 1917 ᠣᠨ ᠳᠤ ᠳ ∙ ᠴᠠᠭᠳᠠᠷᠵᠠᠪ᠂ ᠭᠦᠨ ᠴᠡᠳᠥᠪᠰᠦ᠋ᠷᠦᠩ ᠲᠡᠷᠢᠭᠦᠲᠡᠢ 17 ᠬᠦᠮᠦᠨ ᠭᠠᠷᠭᠠᠵᠤ ᠪᠠᠢᠢᠭᠰᠠᠨ ᠴᠤ 1921 ᠣᠨ ᠳᠤ ᠰᠠᠩ ᠤᠨ ᠶᠠᠮᠤᠨ ᠤ ᠲᠡᠷᠢᠭᠦᠨ ᠰᠠᠢᠢᠳ ᠰᠤ‍ ∙ ᠳ᠋ᠠᠨᠽᠠᠨ ᠨᠠᠷ ᠤᠨ ᠳᠡᠮᠵᠢᠯᠭᠡ ᠪᠡᠷ ᠪᠡᠶᠡᠯᠡᠯ ᠢᠶᠡᠨ ᠣᠯᠵᠤ᠂ ᠪᠣᠭᠳᠠ ᠬᠠᠭᠠᠨ ᠵᠥᠪᠰᠢᠶᠡᠷᠡᠭᠰᠡᠨ ᠢᠶᠡᠷ ᠮᠣᠩ᠋ᠭᠣᠯ ᠠᠷᠠᠳ ᠤᠨ ᠬᠠᠷᠢᠯᠴᠠᠨ ᠲᠤᠰᠠᠯᠠᠯᠴᠠᠬᠤ ᠬᠣᠷᠰᠢᠶ᠎ᠠ ᠪᠠᠢᠢᠭᠤᠯᠤᠭᠳᠠᠵᠤ᠂ ᠳᠠᠷᠤᠭ᠎ᠠ ᠪᠠᠷ ᠨᠢ ᠳ ∙ ᠴᠠᠭᠳᠠᠷᠵᠠᠪ ᠢ ᠰᠣᠩᠭᠣᠭᠰᠠᠨ ᠲᠡᠦᠬᠡ ᠲᠡᠢ᠃

ᠲᠡᠷᠲᠡᠭᠡ 100 ᠵᠢᠯ ᠦᠨ ᠡᠮᠦᠨ᠎ᠡ ᠮᠣᠩ᠋ᠭᠣᠯᠴᠤᠳ ᠪᠢᠳᠡ ᠬᠥᠭ᠍ᠵᠢᠯ ᠦᠨ ᠰᠠᠭᠤᠷᠢ ᠪᠣᠳᠣᠯᠭ᠎ᠠ ᠪᠠᠨ ᠲᠣᠳᠣᠷᠬᠠᠢᠢᠯᠠᠬᠤ ᠳᠤ ᠬᠠᠮᠤᠭ ᠤᠨ ᠴᠢᠬᠤᠯᠠ ᠨᠢ ᠢᠷᠭᠡᠳ ᠦᠨ ᠡᠪᠯᠡᠯᠳᠦᠨ ᠨᠢᠭᠡᠳᠦᠯ ᠪᠤᠶᠤ ᠦᠨᠳᠦᠰᠦᠨ ᠦ ᠬᠣᠷᠰᠢᠶ᠎ᠠ ᠪᠠᠢᠢᠭᠤᠯᠬᠤ ᠰᠠᠨᠠᠭᠠᠴᠢᠯᠠᠭ᠎ᠠ ᠪᠠᠢᠢᠯ᠎ᠠ᠃

ᠳᠡᠯᠡᠬᠡᠢ ᠳᠠᠶᠠᠭᠠᠷ ᠲᠠᠷᠬᠠᠭᠠᠳ ᠪᠤᠢ ᠴᠠᠷ᠎ᠠ ᠲᠠᠬᠤᠯ ᠤᠨ ᠤᠯᠠᠮ ᠠᠴᠠ ᠤᠯᠤᠰ ᠣᠷᠣᠨ ᠨᠤᠭᠤᠳ ᠬᠦᠨᠳᠦ ᠰᠣᠷᠢᠯᠲᠠ ᠨᠤᠭᠤᠳ ᠢ ᠳᠠᠪᠠᠨ ᠲᠤᠭᠤᠯᠵᠤ ᠪᠠᠢᠢᠨ᠎ᠠ᠃ ᠤᠯᠤᠰ ᠪᠦᠬᠦᠨ ᠡᠳ᠋  ᠦᠨ ᠵᠠᠰᠠᠭ ᠤᠨ ᠰᠡᠷᠭᠦᠯᠲᠡ ᠢᠢᠨ ᠪᠣᠳᠣᠯᠭ᠎ᠠ ᠪᠣᠯᠪᠠᠰᠤᠷᠠᠭᠤᠯᠵᠤ᠂ ᠬᠡᠷᠡᠭᠵᠢᠭᠦᠯᠬᠦ ᠪᠡᠷ ᠰᠢᠮᠳᠠᠵᠤ ᠪᠠᠢᠢᠭ᠎ᠠ ᠡᠨᠡ ᠦᠶ᠎ᠡ ᠳᠥ ᠦᠨᠳᠦᠰᠦᠨ ᠦ ᠪᠠᠶᠠᠯᠢᠭ ᠪᠦᠲᠦᠭᠡᠭᠡᠴᠢ ᠪᠣᠯᠬᠤ ᠬᠣᠷᠰᠢᠶᠠᠯᠠᠭᠴᠢ ᠲᠠ ᠪᠦᠬᠦᠨ ᠥᠩᠭᠡᠷᠡᠭᠰᠡᠨ 100 ᠵᠢᠯ ᠦᠨ ᠬᠥᠳᠡᠯᠮᠦᠷᠢ᠂ ᠦᠢᠯᠡ ᠠᠵᠢᠯᠯᠠᠭᠠᠨ ᠤ ᠪᠠᠨ ᠣᠯᠤᠯᠲᠠ᠂ ᠠᠮᠵᠢᠯᠲᠠ ᠢᠢ ᠳ᠋ᠦᠩᠨᠡᠵᠦ᠂ ᠢᠷᠡᠭᠡᠳᠦᠢ ᠢᠢᠨ 100 ᠵᠢᠯ ᠦᠨ ᠬᠥᠭ᠍ᠵᠢᠯ ᠦᠨ ᠪᠣᠳᠣᠯᠭ᠎ᠠ ᠪᠠᠨ ᠲᠣᠳᠣᠷᠬᠠᠢᠢᠯᠠᠬᠤ ᠪᠠᠷ ᠴᠢᠭᠤᠯᠵᠤ ᠪᠠᠢᠢᠭᠠᠳ ᠲᠠᠯᠠᠷᠬᠠᠵᠤ ᠪᠠᠢᠢᠨ᠎ᠠ᠃

ᠦᠶ᠎ᠡ ᠦᠶ᠎ᠡ ᠢᠢᠨ ᠬᠣᠷᠰᠢᠶᠠᠯᠠᠭᠴᠢ ᠲᠠ ᠪᠦᠬᠦᠨ ᠦ ᠠᠵᠢᠯ ᠤᠨ ᠪᠠᠢᠢᠷᠢ ᠰᠢᠨ᠎ᠡ ᠪᠡᠷ ᠪᠤᠢ ᠪᠣᠯᠭᠠᠬᠤ᠂ ᠡᠷᠦᠬᠡ ᠢᠢᠨ ᠣᠷᠣᠯᠭ᠎ᠠ ᠢᠢ ᠨᠡᠮᠡᠭᠳᠡᠭᠦᠯᠬᠦ᠂ ᠶᠠᠳᠠᠭᠤᠷᠠᠯ ᠢ ᠪᠠᠭᠤᠷᠠᠭᠤᠯᠬᠤ᠂ ᠡᠳ᠋  ᠦᠨ ᠵᠠᠰᠠᠭ ᠤᠨ ᠦᠷ᠎ᠡ ᠦᠭᠡᠭᠦᠭᠡᠵᠢ ᠢᠢ ᠳᠡᠭᠡᠭᠰᠢᠯᠡᠭᠦᠯᠬᠦ᠂ ᠪᠠᠶᠠᠯᠢᠭ ᠪᠦᠲᠦᠭᠡᠬᠦ ᠳᠥ ᠦᠨᠡᠲᠡᠢ ᠬᠤᠪᠢ ᠨᠡᠮᠡᠭᠦᠷᠢ ᠣᠷᠣᠭᠤᠯᠵᠤ ᠢᠷᠡᠭᠰᠡᠨ ᠭᠠᠪᠢᠶ᠎ᠠ ᠶᠡᠬᠡ ᠪᠢᠯᠡ᠃

ᠴᠠᠷ᠎ᠠ ᠲᠠᠬᠤᠯ ᠤᠨ ᠦᠶ᠎ᠡ ᠳᠥ ᠴᠤ ᠲᠠ ᠪᠦᠬᠦᠨ ᠠᠵᠢᠯ ᠤᠨ ᠪᠠᠢᠢᠷᠢ ᠨᠤᠭᠤᠳ ᠢ ᠬᠠᠳᠠᠭᠠᠯᠠᠵᠤ᠂ 2021 ᠣᠨ ᠤ 09 ᠳ᠋ᠦ᠋ᠭᠡᠷ ᠰᠠᠷ᠎ᠠ ᠢᠢᠨ ᠪᠠᠢᠢᠳᠠᠯ ᠢᠶᠠᠷ ᠤᠯᠤᠰ ᠤᠨ ᠬᠡᠮᠵᠢᠶᠡᠨ ᠳᠥ 297᠂000 ᠠᠵᠢᠯ ᠤᠨ ᠪᠠᠢᠢᠷᠢ ᠬᠠᠳᠠᠭᠠᠯᠠᠭᠰᠠᠨ ᠮᠡᠳᠡᠭᠡ ᠬᠦᠯᠢᠶᠡᠵᠦ ᠠᠪᠤᠭᠰᠠᠨ᠃

ᠥᠨᠥᠳᠥᠷ ᠮᠠᠨ ᠤ ᠤᠯᠤᠰ ᠲᠤ 4᠂500 ᠣᠷᠴᠢᠮ ᠬᠣᠷᠰᠢᠶ᠎ᠠ᠂ ᠡᠭᠦᠨ ᠡᠴᠡ 3᠂700 ᠣᠷᠴᠢᠮ ᠨᠢ ᠣᠷᠣᠨ ᠨᠤᠲᠤᠭ ᠲᠤ᠂ 800 ᠣᠷᠴᠢᠮ ᠨᠢ ᠤᠯᠠᠭᠠᠨᠪᠠᠭᠠᠲᠤᠷ ᠬᠤᠳᠠ ᠳᠤ᠂ ᠨᠡᠢᠢᠲᠡ 230 ᠭᠠᠷᠤᠢ ᠮᠢᠩᠭ᠋ᠠᠨ ᠭᠡᠰᠢᠭᠦᠨ ᠲᠡᠢ᠂ 49.6 ᠲᠡᠷᠪᠤᠮ ᠲᠥᠭᠥᠷᠢᠢᠡ᠋᠋᠌᠍  ᠦᠨ ᠬᠤᠪᠢ ᠨᠡᠢᠢᠯᠡᠭᠦᠯᠦᠭᠰᠡᠨ ᠬᠥᠷᠥᠩᠭᠡ ᠲᠡᠢ ᠪᠡᠷ ᠦᠢᠯᠡ ᠠᠵᠢᠯᠯᠠᠭ᠎ᠠ ᠶᠠᠪᠤᠭᠤᠯᠵᠤ ᠪᠠᠢᠢᠨ᠎ᠠ᠃

ᠡᠨᠡ ᠨᠢ ᠬᠣᠷᠰᠢᠶᠠᠯᠠᠯ ᠤᠯᠤᠰ ᠣᠷᠣᠨ ᠤ ᠲᠡᠷᠢᠭᠦᠯᠡᠬᠦ ᠬᠥᠭ᠍ᠵᠢᠯ ᠦᠨ ᠰᠠᠯᠪᠤᠷᠢ ᠪᠣᠯᠵᠤ ᠬᠥᠭ᠍ᠵᠢᠭᠰᠡᠨ ᠢ ᠨᠣᠲᠠᠯᠠᠵᠤ ᠪᠠᠢᠢᠨ᠎ᠠ᠃ ᠬᠣᠷᠰᠢᠶᠠᠯᠠᠭᠴᠢᠳ ᠤᠨ ᠰᠠᠨᠠᠯ᠂ ᠰᠠᠨᠠᠭᠠᠴᠢᠯᠠᠭ᠎ᠠ ᠢᠢ ᠳᠡᠮᠵᠢᠵᠦ 2021 ᠣᠨ ᠳᠤ ᠤᠯᠤᠰ ᠤᠨ ᠶᠡᠬᠡ ᠬᠤᠷᠠᠯ ᠬᠣᠷᠰᠢᠶᠠᠨ ᠤ ᠲᠤᠬᠠᠢ ᠬᠠᠤᠯᠢ ᠢᠢ ᠰᠢᠨᠡᠴᠢᠯᠡᠨ ᠨᠠᠢᠢᠷᠠᠭᠤᠯᠵᠤ ᠪᠠᠲᠤᠯᠠᠭᠰᠠᠨ ᠢᠶᠠᠷ ᠡᠷᠬᠡ ᠵᠦᠢ ᠢᠢᠨ ᠴᠣ ᠰᠢᠨ᠎ᠡ ᠣᠷᠴᠢᠨ ᠪᠥᠷᠢᠳᠦᠭᠡᠳ ᠪᠠᠢᠢᠨ᠎ᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠪᠣᠳᠣᠯᠭ᠎ᠠ᠂ ᠦᠢᠯᠡ ᠠᠵᠢᠯᠯᠠᠭᠠᠨ ᠤ ᠬᠥᠲᠥᠯᠪᠦᠷᠢ ᠳᠥ ᠡᠺᠰᠫᠣᠷᠲ᠋ᠯᠤᠭᠴᠢ ᠤᠯᠤᠰ ᠪᠣᠯᠬᠤ ᠵᠣᠷᠢᠯᠲᠠ ᠳᠡᠪᠰᠢᠭᠦᠯᠦᠯ᠎ᠡ᠃ ᠡᠨᠡ ᠬᠦᠷᠢᠶᠡᠨ ᠳᠥ ᠪᠢᠳᠡ ᠢᠷᠭᠡᠳ ᠢᠶᠡᠨ ᠡᠷᠡᠭᠦᠯ᠂ ᠠᠶᠤᠯ ᠦᠭᠡᠢ ᠬᠦᠨᠡᠰᠦ ᠪᠡᠷ ᠬᠠᠩᠭ᠋ᠠᠬᠤ᠂ ᠭᠠᠵᠠᠷ ᠲᠠᠷᠢᠶᠠᠯᠠᠩ᠂ ᠬᠦᠨᠡᠰᠦᠨ ᠦ ᠦᠢᠯᠡᠳᠪᠦᠷᠢᠯᠡᠯ ᠢ ᠡᠷᠴᠢᠮᠲᠡᠢ ᠬᠥᠭᠡᠵᠢᠭᠦᠯᠬᠦ᠂ ᠤᠯᠠᠮᠵᠢᠯᠠᠯᠲᠤ ᠮᠠᠯ ᠠᠵᠤ ᠠᠬᠤᠢ ᠢᠢᠨ ᠳᠠᠪᠠᠭᠤ ᠲᠠᠯ᠎ᠠ ᠢᠢ ᠡᠷᠴᠢᠮᠵᠢᠭᠰᠡᠨ ᠮᠠᠯ ᠠᠵᠤ ᠠᠬᠤᠢ ᠢᠢᠨ ᠣᠯᠤᠯᠲᠠ᠂ ᠠᠮᠵᠢᠯᠲᠠᠲᠠᠢ ᠬᠣᠣᠰᠯᠠᠭᠤᠯᠤᠨ ᠵᠠᠭᠪᠤᠷᠴᠢᠯᠠᠨ ᠬᠥᠭᠡᠵᠢᠭᠦᠯᠬᠦ 《ᠬᠥᠳᠡᠭᠡ ᠠᠵᠤ ᠠᠬᠤᠢ ᠢᠢᠨ ᠬᠣᠷᠰᠢᠶᠠᠯᠠᠯ》 ᠤᠨ ᠪᠣᠳᠣᠯᠭ᠎ᠠ ᠢᠢ ᠴᠣᠭᠴᠠ ᠪᠠᠷ ᠨᠢ ᠳᠡᠮᠵᠢᠬᠦ ᠪᠡᠷ ᠠᠵᠢᠯᠯᠠᠵᠤ ᠪᠠᠢᠢᠨ᠎ᠠ᠃

ᠦᠨᠳᠦᠰᠦᠨ ᠦ ᠴᠢᠭᠤᠯᠭᠠᠨ ᠳᠤ ᠣᠷᠣᠯᠴᠠᠭᠴᠢᠳ ᠠ᠋᠄

ᠪᠢᠳᠡ ᠴᠢᠨᠠᠭᠰᠢᠳᠠ ᠲᠥᠷᠥ᠂ ᠵᠠᠰᠠᠭ ᠲᠠᠢ ᠪᠠᠨ ᠬᠠᠮᠲᠤᠷᠠᠵᠤ ᠰᠢᠨ᠎ᠡ ᠵᠠᠭᠤᠨ ᠤ ᠬᠥᠭᠡᠵᠢᠯ ᠦᠨ ᠪᠣᠳᠣᠯᠭ᠎ᠠ ᠪᠠᠨ ᠲᠣᠳᠣᠷᠬᠠᠢᠢᠯᠠᠨ᠂ ᠬᠥᠳᠡᠭᠡ ᠠᠵᠤ ᠠᠬᠤᠢ ᠢᠢᠨ ᠪᠦᠲᠦᠭᠡᠭᠳᠡᠬᠦᠨ ᠦ ᠦᠨᠡᠭᠦᠢᠢᠳᠡᠯ ᠢ ᠠᠷᠢᠯᠭᠠᠬᠤ᠂ ᠮᠠᠯ ᠤᠨ ᠭᠠᠷᠤᠯ ᠲᠠᠢ ᠲᠦᠭᠦᠬᠡᠢ ᠡᠳ᠋  ᠦᠨ ᠦᠨ᠎ᠡ ᠴᠡᠨ᠎ᠡ ᠢ ᠨᠡᠮᠡᠭᠳᠡᠭᠦᠯᠬᠦ᠂ ᠢᠮᠫᠣᠷᠲ ᠢ ᠤᠷᠤᠯᠠᠬᠤ᠂ ᠡᠴᠦᠰ ᠦᠨ ᠪᠦᠲᠦᠭᠡᠭᠡᠳᠡᠬᠦᠨ ᠦᠢᠯᠡᠳᠪᠦᠷᠢᠯᠡᠬᠦ᠂ ᠳᠣᠲᠣᠭᠠᠳᠤ ᠢᠢᠨ ᠬᠡᠷᠡᠭᠴᠡᠭᠡ ᠢᠢ ᠭᠣᠣᠯ ᠨᠡᠷ᠎ᠡ ᠢᠢᠨ ᠬᠦᠨᠡᠰᠦ ᠪᠡᠷ ᠪᠦᠷᠢᠨ ᠬᠠᠩᠭ᠋ᠠᠬᠤ᠂ ᠬᠣᠷᠰᠢᠶᠠᠯᠠᠭᠴᠢᠳ ᠤᠨ ᠰᠠᠩᠬᠦᠦ ᠢᠢᠨ ᠴᠢᠳᠠᠮᠵᠢ ᠢᠢ ᠪᠡᠬᠢᠵᠢᠭᠦᠯᠬᠦ᠂ ᠠᠵᠤ ᠠᠬᠤᠢ ᠢᠢ ᠬᠥᠬᠡᠵᠢᠭᠦᠯᠬᠦ ᠳᠥ ᠲᠤᠰᠬᠠᠢᠢᠯᠠᠭᠰᠠᠨ ᠵᠡᠭᠡᠯᠢ ᠣᠯᠭᠣᠬᠤ᠂ ᠬᠥᠷᠥᠩᠭᠡ ᠣᠷᠣᠭᠤᠯᠤᠯᠲᠠ ᠢᠢᠨ ᠳᠡᠮᠵᠢᠯᠭᠡ ᠦᠵᠡᠭᠦᠯᠬᠦ᠂ ᠣᠯᠠᠨ ᠲᠥᠷᠥᠯ ᠲᠥ ᠬᠣᠷᠰᠢᠶ᠎ᠠ ᠪᠤᠢ ᠪᠣᠯᠭᠠᠬᠤ᠂ ᠤᠯᠤᠰ ᠤᠨ ᠬᠡᠮᠵᠢᠶᠡᠨ ᠳᠦ ᠬᠣᠷᠰᠢᠶᠠᠨ ᠤ ᠰᠢᠨᠡᠴᠢᠯᠡᠭᠰᠡᠨ ᠪᠦᠷᠢᠳᠬᠡᠯ ᠬᠢᠬᠦ ᠵᠡᠷᠭᠡ ᠲᠥ ᠢᠳᠡᠪᠬᠢ᠂ ᠰᠠᠨᠠᠭᠠᠴᠢᠯᠭ᠎ᠠ ᠲᠠᠢ ᠤᠷᠤᠯᠴᠠᠬᠤ ᠱᠠᠭᠠᠷᠳᠠᠯᠭ᠎ᠠ ᠲᠠᠢ ᠶᠤᠮ᠃

ᠮᠢᠨᠦ ᠪᠡᠶ᠎ᠡ᠂ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠬᠤᠪᠢᠶᠠᠷᠢ ᠮᠣᠩ᠋ᠭᠣᠯ ᠣᠷᠣᠨ ᠤ ᠪᠠᠢᠭᠠᠯᠢ  ᠢᠢᠨ ᠲᠡᠩᠴᠡᠪᠦᠷᠢᠲᠦ ᠪᠠᠢᠢᠳᠠᠯ ᠤᠨ ᠠᠯᠳᠠᠭᠳᠠᠯ᠂ ᠴᠥᠯᠵᠢᠯᠲᠡ᠂ ᠡᠺᠣᠰᠢᠰᠲ᠋ᠧᠮ ᠪᠣᠯᠤᠨ ᠠᠭᠤᠷ ᠠᠮᠢᠰᠬᠤᠯ ᠤᠨ ᠥᠭᠡᠷᠡᠴᠢᠯᠡᠯᠲᠡ ᠲᠡᠢ ᠠᠷᠠᠳ ᠣᠯᠠᠨ ᠲᠠᠢ ᠪᠠᠨ ᠬᠠᠮᠲᠤᠷᠠᠨ ᠲᠡᠮᠡᠴᠡᠬᠦ ᠪᠡᠷ 《ᠲᠡᠷᠪᠤᠮ ᠮᠣᠳᠣ》 ᠦᠨᠳᠦᠰᠦᠨ ᠦ ᠬᠥᠳᠡᠯᠭᠡᠭᠡᠨ ᠢ ᠰᠠᠨᠠᠭᠠᠴᠢᠯᠠᠭᠰᠠᠨ᠃

ᠦᠨᠳᠦᠰᠦᠨ ᠦ ᠪᠦᠲᠦᠭᠡᠨ ᠪᠠᠢᠢᠭᠤᠯᠤᠯᠲᠠ ᠪᠣᠯᠬᠤ ᠲᠡᠷᠪᠤᠮ ᠢᠶᠠᠷ ᠲᠣᠭᠠᠯᠠᠭᠳᠠᠬᠤ ᠮᠣᠳᠣ ᠲᠠᠷᠢᠵᠤ ᠤᠷᠭᠤᠭᠤᠯᠬᠤ ᠳᠤ ᠬᠣᠷᠰᠢᠶᠠᠯᠠᠭᠴᠢ ᠲᠠ ᠪᠦᠭᠦᠳᠡ ᠢᠢᠨ ᠣᠷᠣᠯᠴᠠᠭ᠎ᠠ ᠨᠡᠩ ᠴᠢᠬᠤᠯᠠ᠃

ᠦᠨᠳᠦᠰᠦᠨ ᠦ ᠬᠣᠷᠰᠢᠶᠠᠯᠠᠭᠴᠢᠳ ᠲᠠ ᠪᠦᠬᠦᠨ ᠦ ᠬᠢᠵᠦ᠂ ᠬᠡᠷᠡᠭᠵᠢᠭᠦᠯᠵᠦ ᠪᠤᠢ ᠠᠵᠢᠯ᠂ ᠰᠢᠨ᠎ᠡ ᠳᠡᠪᠰᠢᠯᠲᠡᠲᠦ ᠰᠠᠨᠠᠯ᠂ ᠰᠠᠨᠠᠭᠠᠴᠢᠯᠠᠭ᠎ᠠ ᠢᠢ ᠲᠥᠷᠥ ᠢᠢᠨ ᠲᠡᠷᠢᠭᠦᠨ ᠦ ᠬᠤᠪᠢ ᠳᠤ ᠳᠡᠮᠵᠢᠵᠦ᠂ ᠬᠠᠮᠲᠤᠷᠠᠵᠤ ᠠᠵᠢᠯᠯᠠᠬᠤ ᠪᠣᠯᠤᠨ᠎ᠠ᠃

ᠤᠯᠤᠰ᠂ ᠣᠷᠣᠨ ᠤ ᠪᠠᠨ ᠲᠡᠦᠬᠡᠲᠦ ᠬᠥᠬᠡᠵᠢᠯ ᠦᠨ ᠵᠠᠭᠤᠨ ᠢ ᠲᠦᠭᠦᠴᠢᠭᠡᠯᠡᠵᠦ᠂ ᠨᠡᠢᠢᠭᠡᠮ᠂ ᠡᠳ᠋  ᠦᠨ ᠵᠠᠰᠠᠭ ᠤᠨ ᠭᠣᠣᠯᠯᠠᠬᠤ ᠰᠠᠯᠪᠤᠷᠢ ᠲᠤ ᠦᠶ᠎ᠡ ᠢᠢᠨ ᠦᠶ᠎ᠡ ᠳᠥ ᠨᠥᠷᠢ ᠶᠡᠬᠡ ᠬᠥᠳᠡᠯᠮᠦᠷᠢ᠂ ᠪᠦᠲᠦᠭᠡᠯ ᠢᠶᠡᠷ ᠢᠶᠡᠨ ᠬᠣᠰᠢᠭᠤᠴᠢᠯᠠᠵᠤ ᠢᠷᠡᠭᠰᠡᠨ ᠬᠣᠷᠰᠢᠶᠠᠯᠠᠭᠴᠢᠳ ᠲᠠ ᠪᠦᠬᠦᠨ ᠳᠥ ᠪᠡᠨ ᠡᠮᠦᠨ᠎ᠡ ᠪᠡᠨ ᠲᠠᠯᠪᠢᠭᠰᠠᠨ ᠵᠣᠷᠢᠯᠲᠠ ᠨᠤᠭᠤᠳ ᠢᠶᠠᠨ ᠠᠮᠵᠢᠯᠲᠠ ᠲᠠᠢ ᠬᠡᠷᠡᠭᠵᠢᠭᠦᠯᠬᠦ ᠢᠢ ᠬᠦᠰᠡᠨ ᠢᠷᠦᠭᠡᠶ᠎ᠡ᠃

ᠮᠣᠩ᠋ᠭᠣᠯ ᠤᠨ ᠠᠷᠠᠳ ᠲᠦᠮᠡᠨ ᠦ ᠠᠷᠢᠭᠤᠨ ᠴᠠᠭᠠᠨ ᠠᠵᠢᠯ ᠬᠥᠳᠡᠯᠮᠦᠷᠢ ᠦᠶ᠎ᠡ ᠢᠢᠨ ᠦᠶ᠎ᠡ ᠳᠥ ᠳᠡᠪᠵᠢᠨ ᠳᠡᠭᠡᠬᠡᠰᠢᠯᠡᠵᠦ᠂ ᠠᠰᠢᠭ ᠰᠢᠮ᠎ᠡ ᠨᠢ ᠦᠷ᠎ᠡ ᠢᠢᠨ ᠦᠷ᠎ᠡ ᠳᠥ ᠦᠷᠭᠦᠯᠵᠢᠯᠡᠬᠦ ᠪᠣᠯᠲᠤᠭᠠᠢ》 ᠭᠡᠵᠡᠢ᠃