Та "Internet explorer"-ийн сүүлийн хувилбар болох "Microsoft edge"-г ашиглана уу

Хэрэв "Microsoft edge"-г татах бол энд дарж татаж авна уу

ᠱᠸᠧᠳ᠋‍ ᠤᠨ ᠬᠠᠭᠠᠨᠲᠤ ᠤᠯᠤᠰ ᠠᠴᠠ ᠮᠣᠳᠤ ᠦᠷᠡᠵᠢᠭᠦᠯᠭᠡ ᠢᠢᠨ ᠲᠧᠭᠨᠣᠯᠣᠭᠢ ᠨᠡᠪᠲᠡᠷᠡᠭᠦᠯᠬᠦ ᠴᠢᠭᠯᠡᠯ ᠳᠥ ᠬᠠᠮᠲᠤᠷᠠᠨ ᠠᠵᠢᠯᠯᠠᠨ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠰᠠᠨᠠᠭᠠᠴᠢᠯᠠᠭᠰᠠᠨ 《ᠲᠡᠷᠪᠤᠮ ᠮᠣᠳᠣ》 ᠦᠨᠳᠦᠰᠦᠨ ᠦ ᠬᠥᠳᠡᠯᠭᠡᠭᠡᠨ ᠦ ᠬᠦᠷᠢᠶᠡᠨ ᠳᠥ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠶᠠ᠊ ∙ ᠰᠣᠳᠤᠪᠠᠭᠠᠲᠤᠷ ᠱᠸᠧᠳ᠋‍ ᠤᠨ ᠬᠠᠭᠠᠨᠲᠤ ᠤᠯᠤᠰ ᠤᠨ ᠨᠡᠢᠢᠰᠯᠡᠯ ᠰᠲ᠋ᠣᠺᠬ᠋ᠤᠯᠮ ᠬᠣᠲᠠ ᠳ᠋ᠥ ᠠᠵᠢᠯᠯᠠᠵᠤ᠂ ᠲᠤᠰ ᠤᠯᠤᠰ ᠤᠨ ᠬᠣᠯᠪᠣᠭᠣᠳᠠᠬᠤ ᠠᠯᠪᠠᠨ ᠲᠤᠰᠢᠶᠠᠯᠲᠠᠨ ᠨᠤᠭᠤᠳ ᠲᠠᠢ ᠠᠭᠤᠯᠵᠠᠯ᠎ᠠ᠃

ᠱᠸᠧᠳ᠋‍ᠤᠯᠤᠰ ᠤᠨ ᠨᠤᠲᠤᠭ ᠳᠡᠪᠢᠰᠬᠡᠷ ᠦᠨ 68 ᠬᠤᠪᠢ ᠨᠢ ᠣᠢ ᠪᠠᠷ ᠪᠦᠷᠬᠦᠭᠳᠡᠭᠰᠡᠨ ᠪᠥᠭᠡᠳ ᠨᠡᠢᠢᠲᠡ ᠣᠢ ᠢᠢᠨ ᠰᠠᠩ ᠤᠨ 17 ᠬᠤᠪᠢ ᠨᠢ ᠤᠯᠤᠰ ᠤᠨ᠂ 83 ᠬᠤᠪᠢ ᠨᠢ ᠬᠤᠪᠢ ᠢᠢᠨ ᠬᠡᠪᠰᠢᠯ ᠪᠣᠯᠤᠨ ᠪᠤᠰᠤᠳ ᠬᠡᠯᠪᠡᠷᠢ ᠢᠢᠨ ᠡᠵᠡᠮᠰᠢᠯ ᠳᠥ ᠪᠠᠢᠢᠨ᠎ᠠ᠃ ᠣᠢ ᠢᠢᠨ ᠰᠠᠯᠪᠤᠷᠢ ᠨᠢ ДНБ ᠍ ᠦ ᠬᠣᠶᠠᠷ ᠬᠤᠪᠢ᠂ ᠡᠺᠰᠫᠣᠷᠲ ᠤᠨ ᠣᠷᠣᠯᠭ᠎ᠠ ᠢᠢᠨ 10 ᠬᠤᠪᠢ ᠶᠢ ᠪᠦᠷᠢᠳᠦᠭᠦᠯᠳᠡᠭ ᠶᠤᠮ᠃

ᠲᠤᠰ ᠤᠯᠤᠰ ᠤᠨ ᠣᠢ ᠢᠢᠨ ᠰᠠᠯᠪᠤᠷᠢ ᠢᠢᠨ ᠪᠣᠳᠣᠯᠭ᠎ᠠ ᠵᠣᠬᠢᠴᠠᠭᠤᠯᠤᠯᠲᠠ ᠢᠢ ᠠᠵᠤ ᠠᠬᠤᠢ ᠢᠢᠨ ᠨᠢᠭᠡᠴᠡ᠂ ᠢᠨᠨᠣᠸᠠᠴᠼ ᠢᠢᠨ ᠶᠠᠮᠤᠨ ᠤ ᠬᠠᠷᠢᠶ᠎ᠠ ᠣᠢ ᠢᠢᠨ ᠠᠭᠧᠨ᠋ᠲᠯᠠᠭ ᠬᠠᠷᠢᠭᠤᠴᠠᠵᠤ ᠪᠠᠢᠢᠨ᠎ᠠ᠃ ᠲᠤᠬᠠᠢᠢᠯᠠᠪᠠᠯ᠂ ᠲᠤᠰ ᠠᠭᠧᠨ᠋ᠲᠯᠠᠭ ᠠᠴᠠ ᠣᠢ ᠢᠢᠨ ᠰᠠᠯᠪᠤᠷᠢ ᠢᠢᠨ ᠮᠡᠳᠡᠭᠡᠯᠡᠯ ᠦᠨ ᠨᠢᠭᠡᠳᠦᠭᠰᠡᠨ ᠴᠠᠬᠢᠮ ᠰᠠᠩ ᠢ ᠬᠥᠭ᠍ᠵᠢᠭᠦᠯᠵᠦ᠂ ᠲᠡᠭᠦᠪᠡᠷ ᠳᠠᠮᠵᠢᠭᠤᠯᠤᠨ ᠤᠯᠤᠰ ᠤᠨ ᠬᠡᠮᠵᠢᠶᠡᠨ ᠳᠥ ᠣᠢᠢᠵᠢᠭᠤᠯᠤᠯᠲᠠ᠂ ᠣᠢ ᠢᠢᠨ ᠮᠧᠨᠧᠵᠮᠧᠨ᠋ᠲ ᠲᠥ ᠬᠢᠨᠠᠯᠲᠠ ᠲᠠᠯᠪᠢᠨ ᠠᠵᠢᠯᠯᠠᠳᠠᠭ ᠶᠤᠮ᠃

ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠶᠠ᠊ ∙ ᠰᠣᠳᠤᠪᠠᠭᠠᠲᠤᠷ ᠱᠸᠧᠳ᠋‍ ᠤᠯᠤᠰ ᠤᠨ ᠪᠠᠢᠢᠭᠠᠯᠢ ᠣᠷᠴᠢᠨ ᠤ ᠳᠡᠳ᠋ ᠰᠠᠢᠢᠳ ᠠᠨ᠋ᠳᠧᠷᠰ ᠭᠷᠣᠨᠸᠣᠯᠯ᠂ ᠠᠵᠤ ᠠᠬᠤᠢ ᠢᠢᠨ ᠨᠢᠭᠡᠴᠡ᠂ ᠢᠨᠨᠣᠸᠠᠼ ᠢᠢᠨ ᠶᠠᠮᠤᠨ ᠤ ᠣᠢ᠂ ᠪᠠᠢᠢᠭᠠᠯᠢ ᠣᠷᠴᠢᠨ ᠪᠣᠯᠤᠨ ᠰᠤᠳᠤᠯᠭᠠᠨ ᠤ ᠭᠠᠵᠠᠷ ᠤᠨ ᠳᠠᠷᠤᠭ᠎ᠠ ᠠᠨᠨᠧᠯᠢᠶ᠎ᠡ ᠰᠲ᠋ᠢᠭᠯᠡᠦᠨ᠋ᠳ᠋ ᠨᠠᠷ ᠲᠠᠢ ᠠᠭᠤᠯᠵᠠᠵᠤ᠂ ᠣᠢ ᠢᠢᠨ ᠰᠠᠯᠪᠤᠷᠢ ᠢᠢᠨ ᠬᠠᠮᠲᠤ ᠢᠢᠨ ᠠᠵᠢᠯᠯᠠᠭ᠎ᠠ ᠢᠢ ᠬᠥᠭ᠍ᠵᠢᠭᠦᠯᠬᠦ ᠪᠣᠯᠤᠮᠵᠢ ᠨᠤᠭᠤᠳ ᠤᠨ ᠲᠠᠯ᠎ᠠ ᠪᠠᠷ ᠰᠠᠨᠠᠯ ᠰᠤᠯᠢᠯᠴᠠᠪᠠ᠃
ᠮᠥᠨ ᠣᠢ ᠢᠢᠨ ᠠᠭᠧᠨ᠋ᠲ᠋ᠯᠠᠭ ᠤᠨ ᠬᠡᠯᠲᠡᠰ ᠦᠨ ᠳᠠᠷᠤᠭ᠎ᠠ ᠮᠠᠾᠨᠦᠰ ᠸᠢᠺᠯᠤᠨ᠋ᠳ᠋᠂ ᠪᠣᠳᠣᠯᠭ᠎ᠠ ᠢᠢᠨ ᠠᠬᠠᠯᠠᠬᠤ ᠵᠥᠪᠯᠡᠬᠦ ᠫᠧᠲ᠋ᠧᠷ ᠪᠯᠤᠮᠪᠠᠺ ᠨᠠᠷ ᠲᠠᠢ ᠠᠭᠤᠯᠵᠠᠬᠤ ᠦᠶ᠎ᠡ ᠪᠡᠷ ᠢᠶᠡᠨ ᠣᠢ ᠢᠢᠨ ᠰᠠᠯᠪᠤᠷᠢ ᠢᠢᠨ ᠮᠡᠳᠡᠭᠡᠯᠡᠯ ᠦᠨ ᠴᠠᠬᠢᠮ ᠰᠠᠩ ᠤᠨ ᠬᠥᠭ᠍ᠵᠢᠭᠦᠯᠦᠯᠲᠡ ᠨᠢ 《ᠲᠡᠷᠪᠤᠮ ᠮᠣᠳᠣ》 ᠦᠨᠳᠦᠰᠦᠨ ᠦ ᠬᠥᠳᠡᠯᠭᠡᠭᠡᠨ ᠢ ᠬᠡᠷᠡᠭᠵᠢᠭᠦᠯᠬᠦ ᠳᠥ ᠴᠢᠬᠤᠯᠠ ᠰᠤᠳᠤᠯᠤᠭᠳᠠᠬᠤᠨ ᠪᠣᠯᠤᠨ᠎ᠠ ᠭᠡᠵᠦ ᠦᠵᠡᠵᠦ ᠪᠠᠢᠢᠭ᠎ᠠ ᠪᠠᠨ ᠢᠯᠡᠷᠬᠡᠢᠢᠯᠡᠪᠡ᠃

ᠲᠠᠯ ᠤᠳ ᠮᠣᠳᠣ ᠦᠷᠡᠵᠢᠭᠦᠯᠦᠭ᠂ ᠲᠠᠷᠢᠯᠳᠤ ᠪᠣᠯᠤᠨ ᠮᠧᠬᠠᠨᠢᠭᠵᠢᠭᠤᠯᠤᠯᠲᠠ ᠢᠢᠨ ᠰᠢᠨ᠎ᠡ ᠲᠧᠭᠨᠣᠯᠣᠭᠢ᠂ ᠢᠨᠨᠣᠸᠠᠼ ᠢ ᠮᠣᠩ᠋ᠭᠣᠯ ᠳᠤ ᠨᠡᠪᠲᠡᠷᠡᠭᠦᠯᠬᠦ᠂ ᠶᠡᠬᠡ᠂ ᠳᠡᠭᠡᠳᠦ ᠰᠤᠷᠭᠠᠭᠤᠯᠢ᠂ ᠡᠷᠳᠡᠮ ᠰᠢᠨᠵᠢᠯᠡᠭᠡᠨ ᠦ ᠪᠠᠢᠢᠭᠤᠯᠤᠯᠭ᠎ᠠ ᠢᠢᠨ ᠬᠠᠮᠲᠤ ᠢᠢᠨ ᠠᠵᠢᠯᠯᠠᠭ᠎ᠠ ᠢᠢ ᠬᠥᠭ᠍ᠵᠢᠭᠦᠯᠬᠦ ᠵᠡᠷᠭᠡ ᠴᠢᠭᠯᠡᠯ ᠳᠥ ᠰᠠᠨᠠᠭᠠᠴᠢᠯᠠᠭ᠎ᠠ ᠲᠠᠢ ᠠᠵᠢᠯᠯᠠᠬᠤ ᠲᠠᠯ᠎ᠠ ᠪᠠᠷ ᠰᠠᠨᠠᠯ ᠨᠢᠭᠡᠳᠦᠯ᠎ᠡ᠃