Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠬᠥᠪᠰᠥᠭᠥᠯ ᠨᠠᠭᠤᠷ ᠢ ᠬᠠᠮᠠᠭᠠᠯᠠᠬᠤ ᠦᠨᠳᠦᠰᠦᠨ ᠦ ᠴᠢᠭᠤᠯᠭᠠᠨ ᠳᠤ ᠬᠡᠯᠡᠭᠰᠡᠨ ᠦᠭᠡ ᠢᠢ ᠪᠦᠷᠢᠨ ᠡᠬᠢ ᠪᠡᠷ ᠨᠢ ᠬᠦᠷᠭᠡᠵᠦ ᠪᠠᠢᠢᠨ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊᠂ ᠬᠦᠷᠡᠯᠰᠦ᠋ᠬᠡ ᠢᠢᠨ ᠬᠥᠪᠰᠥᠭᠥᠯ ᠨᠠᠭᠤᠷ ᠢ ᠬᠠᠮᠠᠭᠠᠯᠠᠬᠤ ᠦᠨᠳᠦᠰᠦᠨ ᠦ ᠴᠢᠭᠤᠯᠭᠠᠨ ᠤ ᠨᠡᠭᠡᠭᠡᠯᠲᠡ ᠳᠥ ᠬᠡᠯᠡᠭᠰᠡᠨ ᠦᠭᠡ ᠢᠢ ᠪᠦᠷᠢᠨ ᠡᠬᠢ ᠪᠡᠷ ᠨᠢ ᠬᠦᠷᠭᠡᠵᠦ ᠪᠠᠢᠢᠨ᠎ᠠ᠃
ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊᠂ ᠬᠦᠷᠡᠯᠰᠦ᠋ᠬᠡ ᠄
《ᠡᠷᠬᠢᠮ ᠬᠦᠨᠳᠡᠲᠥ ᠴᠢᠭᠤᠯᠭᠠᠨ ᠤ ᠲᠥᠯᠥᠭᠡᠯᠡᠭᠴᠢ᠂ ᠬᠦᠨᠳᠡᠲᠥ ᠵᠣᠴᠢᠳ ᠠ᠋᠄

ᠲᠥᠷᠥ ᠢᠢᠨ ᠠᠯᠪᠠᠨ ᠬᠠᠭᠠᠭᠴᠢᠳ ᠡ

ᠲᠠ ᠪᠦᠬᠦᠨ ᠳᠥ ᠡᠨᠡ ᠥᠷᠯᠥᠭᠡᠨ ᠦ ᠮᠡᠨᠳᠦ ᠢᠢ ᠡᠷᠭᠦᠨ ᠳᠡᠪᠰᠢᠭᠦᠯᠦᠶ᠎ᠡ︕

ᠠᠮᠢᠳᠤᠷᠠᠯ ᠤᠨ ᠡᠬᠢ ᠤᠰᠤ᠂ ᠤᠰᠤᠨ ᠤ ᠡᠬᠢ ᠮᠣᠳᠣ ᠭᠡᠵᠦ ᠮᠠᠨ ᠤ ᠠᠷᠠᠳ ᠲᠦᠮᠡᠨ ᠶᠠᠷᠢᠳᠠᠭ᠃

ᠥᠨᠥᠳᠥᠷ ᠪᠢᠳᠡ ᠠᠮᠢᠳᠤᠷᠠᠯ ᠤᠨ ᠡᠬᠢ ᠪᠣᠯᠤᠭᠰᠠᠨ ᠴᠢᠨᠳᠠᠮᠠᠨᠢ ᠡᠷᠳᠡᠨᠢ ᠤᠰᠤᠨ ᠤ ᠲᠠᠯ᠎ᠠ ᠪᠠᠷ᠂ ᠲᠣᠳᠣᠷᠠᠭᠤᠯᠪᠠᠯ ᠬᠥᠪᠰᠥᠭᠥᠯ ᠨᠠᠭᠤᠷ ᠢᠶᠠᠨ ᠬᠡᠷᠬᠢᠨ ᠬᠠᠮᠠᠭᠠᠯᠠᠬᠤ᠂ ᠬᠥᠭ᠍ᠵᠢᠭᠦᠯᠬᠦ ᠠᠰᠠᠭᠤᠳᠠᠯ ᠢᠶᠠᠷ ᠰᠠᠨᠠᠯ ᠪᠣᠳᠣᠯ ᠢᠶᠠᠨ ᠰᠣᠯᠢᠯᠴᠠᠵᠤ᠂ ᠲᠣᠳᠣᠷᠬᠠᠢ ᠪᠣᠳᠣᠯᠭ᠎ᠠ ᠰᠢᠢᠳᠪᠦᠷᠢ ᠲᠥ ᠬᠦᠷᠡᠬᠦ ᠪᠡᠷ ᠡᠨᠡᠬᠦ ᠲᠠᠩᠬᠢᠮ ᠳᠤ ᠬᠤᠷᠠᠨ ᠴᠤᠭᠯᠠᠭᠠᠳ ᠪᠠᠢᠢᠨ᠎ᠠ᠃

ᠮᠠᠨ ᠤ ᠤᠯᠤᠰ ᠤᠨ ᠴᠡᠩᠭᠡᠭ ᠤᠰᠤᠨ ᠤ 74.6 ᠬᠤᠪᠢ᠂ ᠳᠡᠯᠡᠬᠡᠢ ᠢᠢᠨ ᠴᠡᠩᠭᠡᠭ ᠤᠰᠤᠨ ᠤ 0.4 ᠬᠤᠪᠢ ᠢ ᠪᠦᠷᠢᠳᠦᠭᠦᠯᠳᠡᠭ ᠬᠥᠪᠰᠥᠭᠥᠯ ᠨᠠᠭᠤᠷ ᠪᠣᠯ ᠳᠡᠯᠡᠬᠡᠢ ᠢᠢᠨ ᠬᠠᠮᠤᠭ ᠤᠨ ᠭᠦᠨ ᠪᠥᠭᠡᠳ ᠴᠡᠩᠭᠡᠭ ᠤᠰᠤ ᠲᠠᠢ᠂ ᠬᠣᠶᠠᠷ ᠰᠠᠶ᠎ᠠ ᠵᠢᠯ ᠦᠨ ᠨᠠᠰᠤᠲᠠᠢ᠂ ᠨᠡᠩ ᠡᠷᠲᠡᠨ ᠦ ᠨᠠᠭᠤᠷ ᠤᠳ ᠤᠨ ᠨᠢᠭᠡ ᠶᠤᠮ᠎ᠠ᠃

ᠮᠣᠩ᠋ᠭᠣᠯᠴᠤᠳ ᠪᠢᠳᠡ ᠦᠵᠡᠰᠬᠦᠯᠡᠩᠲᠦ ᠬᠥᠪᠰᠥᠭᠥᠯ ᠨᠠᠭᠤᠷ ᠢᠶᠠᠨ ᠳᠠᠯᠠᠢ ᠡᠵᠢ 《ᠬᠥᠬᠡ ᠰᠤᠪᠤᠳ》 ᠬᠡᠮᠡᠨ ᠬᠦᠨᠳᠦᠳᠬᠡᠨ ᠨᠡᠷᠡᠯᠡᠵᠦ᠂ ᠲᠠᠬᠢᠨ ᠰᠢᠲᠦᠵᠦ᠂ ᠳᠠᠯᠠᠢ ᠡᠵᠢ ᠡᠴᠡ ᠪᠡᠨ ᠤᠮᠳᠠᠭᠠᠯᠠᠵᠤ᠂ ᠳᠠᠯᠠᠢ ᠡᠵᠢ ᠳᠥ ᠪᠡᠨ ᠤᠮᠪᠠᠨ ᠱᠤᠩᠪᠠᠳᠠᠭ ᠪᠢᠯᠡ᠃

ᠬᠥᠪᠰᠥᠭᠥᠯ ᠳᠠᠯᠠᠢ ᠵᠥᠪᠬᠡᠨ ᠮᠣᠩ᠋ᠭᠣᠯᠴᠤᠳ ᠪᠢᠳᠡᠨ ᠦ ᠠᠮᠢᠳᠤᠷᠠᠯ ᠢ ᠲᠡᠳᠬᠦᠭᠡᠳ ᠵᠣᠭᠰᠣᠬᠤ ᠦᠭᠡᠢ᠂ ᠣᠷᠣᠰ ᠤᠨ ᠬᠣᠯᠪᠣᠭᠠᠨ ᠤ ᠤᠯᠤᠰ ᠤᠨ ᠴᠡᠩᠭᠡᠭ ᠤᠰᠤᠨ ᠤ 90 ᠬᠤᠪᠢ᠂ ᠳᠡᠯᠡᠬᠡᠢ ᠢᠢᠨ ᠴᠡᠩᠭᠡᠭ ᠤᠰᠤᠨ ᠤ 20 ᠬᠤᠪᠢ ᠢ ᠪᠦᠷᠢᠳᠦᠭᠦᠯᠳᠡᠭ ᠪᠠᠢᠭᠠᠯ ᠳᠠᠯᠠᠢ ᠳᠤ ᠴᠢᠳᠬᠤᠨ᠂ ᠳᠡᠯᠡᠬᠡᠢ ᠢᠢᠨ ᠡᠺᠣᠰᠢᠰᠲ᠋ᠧᠮ ᠢ ᠲᠡᠳᠬᠦᠵᠦ ᠪᠠᠢᠢᠳᠠᠭ ᠪᠢᠯᠡ᠃

ᠭᠡᠲᠡᠯ᠎ᠡ ᠰᠡᠭᠦᠯ ᠦᠨ ᠵᠢᠯ ᠦᠳ ᠲᠥ ᠣᠭᠴᠣᠮ ᠥᠰᠦᠨ ᠨᠡᠮᠡᠭᠳᠡᠵᠦ ᠪᠠᠢᠢᠭ᠎ᠠ ᠬᠦᠮᠦᠨ ᠦ ᠬᠡᠷᠡᠭᠴᠡᠭᠡ᠂ ᠠᠶᠠᠯᠠᠯ ᠵᠢᠭᠤᠯᠴᠢᠯᠠᠯ᠂ ᠨᠠᠭᠤᠷ ᠲᠤ ᠵᠢᠪᠪᠤᠭ᠍ᠰᠠᠨ ᠮᠠᠰᠢᠨ ᠲᠧᠭᠨᠢᠭ᠂ ᠬᠣᠭ ᠬᠠᠶᠠᠭᠳᠠᠯ᠂ ᠨᠠᠭᠤᠷ ᠢ ᠲᠦᠰᠢᠭᠯᠡᠨ ᠦᠢᠯᠡ ᠠᠵᠢᠯᠯᠠᠭ᠎ᠠ ᠶᠠᠪᠤᠭᠤᠯᠵᠤ ᠪᠤᠢ ᠵᠠᠷᠢᠮ ᠨᠢᠭᠡ ᠬᠠᠷᠢᠭᠤᠴᠠᠯᠭ᠎ᠠ ᠦᠭᠡᠢ ᠠᠵᠤ ᠠᠬᠤᠢ ᠢᠢᠨ ᠨᠢᠭᠡᠴᠡ᠂ ᠢᠷᠭᠡᠳ ᠦᠨ ᠵᠦᠢ ᠵᠣᠬᠢᠰ ᠦᠭᠡᠢ ᠦᠢᠯᠡ ᠠᠵᠢᠯᠯᠠᠭᠠᠨ ᠤ ᠤᠯᠠᠮ ᠠᠴᠠ ᠬᠥᠪᠰᠥᠭᠥᠯ ᠨᠠᠭᠤᠷ ᠤᠨ ᠡᠺᠣᠰᠢᠰᠲ᠋ᠧᠮ ᠠᠯᠳᠠᠭᠳᠠᠬᠤ ᠠᠶᠤᠯ ᠨᠢᠭᠤᠷᠯᠠᠵᠤ᠂ ᠨᠠᠭᠤᠷ ᠤᠨ ᠤᠰᠤ ᠶᠡᠬᠡ ᠪᠡᠷ ᠪᠣᠬᠢᠷᠳᠠᠵᠤ᠂ ᠪᠠᠢᠢᠭᠠᠯᠢ ᠤᠷᠴᠢᠨ ᠳᠤ ᠰᠥᠷᠬᠦ ᠪᠡᠷ ᠨᠦᠯᠦᠭᠡᠯᠡᠬᠦ ᠪᠣᠯᠤᠯ᠎ᠠ᠃

ᠲᠡᠢᠢᠮᠦ ᠡᠴᠡ ᠬᠥᠪᠰᠥᠭᠥᠯ ᠨᠠᠭᠤᠷ ᠢ ᠬᠠᠮᠠᠭᠠᠯᠠᠬᠤ᠂ ᠵᠦᠢ ᠵᠣᠬᠢᠰᠲᠠᠢ ᠪᠠᠷ ᠠᠰᠢᠭᠯᠠᠬᠤ᠂ ᠬᠥᠭ᠍ᠵᠢᠭᠦᠯᠬᠦ ᠵᠣᠷᠢᠯᠭ᠎ᠠ ᠪᠠᠷ ᠡᠨᠡᠬᠦ ᠦᠨᠳᠦᠰᠦᠨ ᠦ ᠴᠢᠭᠤᠯᠭᠠᠨ ᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠰᠠᠨᠠᠭᠠᠴᠢᠯᠠᠨ ᠵᠣᠬᠢᠶᠠᠨ ᠪᠠᠢᠢᠭᠤᠯᠵᠤ ᠪᠠᠢᠢᠨ᠎ᠠ᠃

ᠮᠢᠨᠦ ᠪᠡᠶ᠎ᠡ ᠮᠣᠩ᠋ᠭᠣᠯ ᠤᠯᠤᠰ ᠤᠨ ᠶᠡᠷᠦᠩᠬᠡᠢ ᠰᠠᠢᠢᠳ ᠢᠶᠠᠷ ᠠᠵᠢᠯᠯᠠᠵᠤ ᠪᠠᠢᠢᠬᠤ ᠳᠤ ᠪᠠᠨ 2019 ᠣᠨ ᠳᠤ ᠵᠠᠰᠠᠭ ᠤᠨ ᠭᠠᠵᠠᠷ ᠤᠨ 332 ᠳ᠋ᠤᠭᠠᠷ ᠲᠣᠭᠲᠠᠭᠠᠯ ᠭᠠᠷᠭᠠᠵᠤ᠂ 2019-2023 ᠣᠨ ᠳᠤ ᠬᠥᠪᠰᠥᠭᠥᠯ ᠨᠠᠭᠤᠷ ᠣᠷᠴᠢᠮ ᠤᠨ ᠡᠺᠣ ᠠᠶᠠᠯᠠᠯ ᠵᠢᠭᠤᠯᠴᠢᠯᠠᠯ ᠤᠨ ᠪᠥᠰᠡ ᠢᠢ ᠬᠥᠭ᠍ᠵᠢᠭᠦᠯᠬᠦ ᠲᠥᠯᠥᠪᠯᠡᠭᠡ ᠢᠢ ᠪᠠᠲᠤᠯᠠᠨ᠂ ᠶᠡᠷᠦᠩᠬᠡᠢ ᠰᠠᠢᠢᠳ ᠤᠨ 2020 ᠣᠨ ᠤ 117 ᠳ᠋ᠤᠭᠠᠷ ᠵᠠᠬᠢᠷᠤᠮᠵᠢ ᠪᠠᠷ ᠬᠥᠪᠰᠥᠭᠥᠯ ᠨᠠᠭᠤᠷ ᠤᠨ ᠪᠣᠬᠢᠷᠳᠠᠯ ᠢ ᠪᠠᠭᠤᠷᠠᠭᠤᠯᠬᠤ ᠵᠣᠷᠢᠯᠭ᠎ᠠ ᠪᠠᠷ ᠬᠣᠯᠪᠣᠭᠳᠠᠬᠤ ᠠᠵᠢᠯ ᠤᠨ ᠬᠡᠰᠡᠭ ᠪᠠᠢᠢᠭᠤᠯᠤᠨ ᠠᠵᠢᠯᠯᠠᠭᠰᠠᠨ ᠨᠢ ᠵᠠᠷᠢᠮ ᠲᠠᠯ᠎ᠠ ᠪᠠᠷ ᠦᠷ᠎ᠡ ᠳ᠋ᠦᠩ ᠳᠥ ᠬᠦᠷᠴᠦ ᠪᠠᠢᠢᠨ᠎ᠠ᠃

ᠡᠨᠡᠬᠦ ᠬᠥᠪᠰᠥᠭᠥᠯ ᠳᠠᠯᠠᠢ ᠢᠢ ᠬᠠᠮᠠᠭᠠᠯᠠᠬᠤ᠂ ᠬᠥᠭ᠍ᠵᠢᠭᠦᠯᠬᠦ ᠠᠵᠢᠯ ᠢ ᠴᠢᠨᠠᠭᠰᠢᠳᠠ ᠤᠯᠠᠮ ᠡᠷᠴᠢᠮᠵᠢᠭᠦᠯᠦᠨ᠂ ᠵᠣᠬᠢᠬᠤ ᠦᠷ᠎ᠡ ᠳ᠋ᠦᠡᠭ ᠳᠥ ᠬᠦᠷᠬᠦ ᠨᠢ ᠮᠠᠨ ᠤ ᠤᠯᠤᠰ ᠲᠡᠳᠦᠢ ᠦᠭᠡᠢ ᠳᠡᠯᠡᠬᠡᠢ ᠨᠡᠢᠢᠲᠡ ᠢᠢᠨ ᠡᠷᠬᠡ ᠠᠰᠢᠭ ᠲᠤ ᠪᠦᠷᠢᠨ᠎ᠡ ᠨᠡᠢᠢᠴᠡᠨ᠎ᠡ ᠬᠡᠮᠡᠨ ᠲᠥᠷᠥ ᠢᠢᠨ ᠲᠡᠷᠢᠭᠦᠨ ᠦᠵᠡᠵᠦ ᠪᠠᠢᠢᠨ᠎ᠠ᠃

1950-  ᠊ᠭᠠᠳ ᠣᠨ ᠠᠴᠠ ᠡᠬᠢᠯᠡᠨ ᠡᠪᠦᠯ ᠦᠨ ᠤᠯᠠᠷᠢᠯ ᠳᠤ ᠲᠦᠯᠡᠰᠢ᠂ ᠪᠣᠷᠳᠣᠭ᠎ᠠ᠂ ᠰᠢᠲᠠᠬᠤᠨ᠂ ᠪᠠᠷᠠᠭ᠎ᠠ ᠮᠠᠲ᠋ᠧᠷᠢᠶᠠᠯ ᠲᠡᠭᠡᠭᠡᠪᠦᠷᠢᠯᠡᠳᠡᠭ ᠠᠤᠢᠲ᠋ᠤ᠋ ᠮᠠᠰᠢᠨ ᠨᠤᠭᠤᠳ ᠬᠥᠪᠰᠥᠭᠥᠯ ᠨᠠᠭᠤᠷᠠᠨ ᠳᠡᠭᠡᠭᠦᠷ ᠵᠣᠷᠴᠢᠬᠤ ᠦᠶ᠎ᠡ ᠳᠥ ᠨᠠᠭᠤᠷ ᠤᠨ ᠮᠥᠰᠥ ᠴᠦᠮᠦᠷᠴᠤ ᠵᠢᠪᠤᠭ᠍ᠰᠠᠡ ᠡᠴᠡ ᠬᠥᠪᠰᠥᠭᠥᠯ ᠳᠠᠯᠠᠢ ᠢᠢᠨ ᠢᠷᠤᠭᠠᠷ ᠲᠤ ᠥᠨᠥᠳᠥᠷ ᠢ ᠬᠦᠷᠲᠡᠯ᠎ᠡ ᠲᠣᠮᠣ᠂ ᠵᠢᠵᠢᠭ ᠨᠡᠢᠢᠯᠡᠭᠡᠳ 50 ᠭᠠᠷᠤᠢ ᠲᠡᠭᠡᠭᠡᠪᠦᠷᠢ ᠢᠢᠨ ᠬᠡᠷᠡᠭᠰᠡᠯ ᠨᠠᠭᠤᠷ ᠤᠨ ᠡᠺᠣᠰᠢᠰᠲ᠋ᠧᠮ ᠢ ᠪᠣᠬᠢᠷᠳᠠᠭᠤᠯᠤᠨ᠂ ᠬᠣᠣᠷᠲᠤ ᠬᠠᠪᠤᠳᠠᠷ ᠮᠡᠲᠦ ᠪᠠᠢᠢᠭᠰᠠᠭᠠᠷ ᠪᠠᠢᠢᠨ᠎ᠠ᠃

ᠬᠥᠪᠰᠥᠭᠥᠯ ᠨᠠᠭᠤᠷ ᠤᠨ ᠤᠰᠤᠨ ᠤ ᠨᠥᠭᠡᠴᠡ 381 ᠺᠢᠯᠣᠮᠧᠲ᠋ᠷ ᠺᠦᠪ ᠪᠥᠭᠡᠳ ᠨᠠᠭᠤᠷ ᠤᠨ ᠢᠷᠤᠭᠠᠷ ᠲᠤ ᠪᠠᠢᠢᠭ᠎ᠠ ᠮᠠᠰᠢᠨ ᠲᠧᠭᠨᠢᠭ ᠡᠴᠡ 100 ᠯᠢᠲ᠋ᠷ ᠰᠢᠲᠠᠬᠤᠨ ᠠᠯᠳᠠᠭᠳᠠᠬᠤ ᠳᠤ ᠨᠠᠭᠤᠷ ᠤᠨ ᠤᠰᠤᠨ ᠤ 0.26 ᠬᠤᠪᠢ ᠨᠢ ᠪᠣᠬᠢᠷᠳᠠᠬᠤ ᠡᠷᠦᠰᠳᠡᠯ ᠲᠡᠢ ᠭᠡᠰᠡᠨ ᠲᠣᠭᠠᠴᠠᠭ᠎ᠠ ᠰᠤᠳᠤᠯᠭ᠎ᠠ ᠪᠠᠢᠢᠨ᠎ᠠ᠃

ᠨᠠᠭᠤᠷᠠᠨ ᠳᠤ ᠵᠢᠪᠡᠰᠦᠨ ᠠᠤᠢᠲ᠋ᠤ᠋ ᠮᠠᠰᠢᠨ  ᠨᠤᠭᠤᠳ ᠲᠤ ᠬᠠᠳᠠᠭᠠᠯᠠᠭᠳᠠᠵᠤ ᠪᠠᠢᠢᠭ᠎ᠠ ᠰᠢᠲᠠᠬᠤᠨ᠂ ᠲᠤᠰᠤ᠂ ᠲᠣᠰᠤᠯᠠᠭᠠᠨ ᠤ ᠮᠠᠲ᠋ᠧᠷᠢᠶᠠᠯ ᠠᠯᠳᠠᠭᠳᠠᠪᠠᠯ ᠨᠠᠭᠤᠷ ᠤᠨ ᠡᠺᠣᠯᠣᠭᠢ᠂ ᠯᠢᠮᠨᠣᠯᠣᠭᠢ ᠪᠣᠯᠤᠨ ᠨᠠᠭᠤᠷ ᠣᠷᠴᠢᠮ ᠤᠨ ᠪᠢᠣᠯᠣᠭᠢ ᠢᠢᠨ ᠣᠯᠠᠨ ᠶᠠᠩᠵᠤ ᠪᠠᠢᠢᠳᠠᠯ ᠵᠡᠷᠭᠡ ᠨᠠᠭᠤᠷ ᠤᠨ ᠡᠺᠣᠰᠢᠰᠲ᠋ᠧᠮ ᠳᠥ ᠠᠰᠤᠷᠤ ᠶᠡᠬᠡ ᠬᠣᠣᠷ ᠬᠣᠬᠢᠷᠠᠯ ᠤᠴᠠᠷᠠᠭᠤᠯᠵᠤ ᠪᠣᠯᠵᠣᠰᠢ ᠦᠭᠡᠢ ᠪᠠᠢᠢᠨ᠎ᠠ
ᠡᠢᠢᠮᠦ ᠡᠴᠡ ᠬᠥᠪᠰᠥᠭᠥᠯ ᠨᠠᠭᠤᠷ ᠢ ᠠᠶᠤᠯᠲᠠᠢ ᠬᠣᠭ ᠬᠠᠶᠠᠭᠳᠠᠯ ᠠᠴᠠ ᠨᠡᠩ ᠳᠠᠷᠤᠢ ᠴᠡᠪᠡᠷᠯᠡᠵᠦ᠂ ᠢᠷᠡᠭᠡᠳᠦᠢ ᠳᠥ ᠤᠴᠢᠷᠴᠤ ᠪᠣᠯᠵᠣᠰᠢ ᠦᠭᠡᠢ ᠡᠷᠦᠰᠳᠡᠯ ᠡᠴᠡ ᠤᠷᠢᠳᠴᠢᠯᠠᠨ ᠰᠡᠷᠭᠡᠢᠢᠯᠡᠬᠦ ᠠᠷᠭ᠎ᠠ ᠬᠡᠮᠵᠢᠶ᠎ᠡ ᠢᠢ ᠨᠡᠩ ᠶᠠᠭᠠᠷᠠᠯ ᠲᠠᠢ ᠠᠪᠴᠤ ᠬᠡᠷᠡᠭᠵᠢᠭᠦᠯᠬᠦ ᠱᠠᠭᠠᠷᠳᠠᠯᠭ᠎ᠠ ᠲᠠᠢ ᠪᠠᠢᠢᠨ᠎ᠠ᠃

ᠥᠨᠥᠳᠥᠷ ᠪᠢᠳᠡ ᠬᠥᠪᠰᠥᠭᠥᠯ ᠨᠠᠭᠤᠷ ᠤᠨ ᠤᠨᠳᠤᠷᠭ᠎ᠠ ᠠᠩᠬᠠᠨ ᠤ ᠪᠠᠢᠢᠳᠠᠯ ᠠᠴᠠ ᠪᠠᠨ ᠬᠡᠷᠬᠢᠨ ᠥᠭᠡᠷᠡᠴᠢᠯᠡᠭᠳᠡᠭᠰᠡᠨ᠂ ᠨᠠᠭᠤᠷ ᠤᠨ ᠰᠠᠪᠠ ᠰᠢᠮ᠎ᠡ ᠶᠢᠷᠲᠢᠨᠴᠦ ᠶᠠᠮᠠᠷ ᠪᠠᠢᠢᠳᠠᠯ ᠲᠠᠢ ᠪᠠᠢᠢᠨ᠎ᠠ ᠪᠤᠢ ᠭᠡᠳᠡᠭ ᠢ ᠰᠢᠨᠵᠢᠯᠡᠬᠦ ᠤᠬᠠᠭᠠᠨᠴᠢ ᠪᠠᠷ ᠰᠤᠳᠤᠯᠵᠤ᠂ ᠲᠣᠳᠣᠷᠬᠠᠢ ᠦᠨᠡᠯᠡᠯᠲᠡ ᠳ᠋ᠦᠩᠨᠡᠯᠲᠡ ᠥᠭᠴᠦ ᠴᠢᠳᠠᠵᠤ ᠪᠠᠢᠢᠨ᠎ᠠ ᠤᠤ
ᠡᠭᠦᠨ ᠳᠥ ᠢᠲᠡᠭᠡᠯ ᠲᠡᠭᠦᠰ ᠬᠠᠷᠢᠭᠤᠯᠬᠤ ᠢᠢᠨ ᠲᠤᠯᠠᠳᠠ ᠬᠥᠪᠰᠥᠭᠥᠯ ᠨᠠᠭᠤᠷ ᠰᠤᠳᠤᠯᠤᠯ ᠢ ᠪᠦᠬᠦ ᠲᠠᠯ᠎ᠠ ᠪᠠᠷ ᠬᠥᠭ᠍ᠵᠢᠭᠦᠯᠦᠨ᠂ ᠳᠠᠯᠠᠢ ᠡᠵᠢ ᠪᠡᠨ ᠲᠠᠯ᠎ᠠ ᠪᠦᠷᠢ ᠡᠴᠡ ᠨᠢ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠡᠳᠡᠵᠦ᠂ ᠲᠡᠭᠦᠨ ᠳᠥ ᠲᠤᠯᠭᠠᠮᠳᠠᠭᠰᠠᠨ ᠠᠰᠠᠭᠤᠳᠠᠯ ᠤᠳ ᠢ ᠰᠢᠢᠳᠪᠦᠷᠢᠯᠡᠬᠦ ᠢᠢᠨ ᠲᠤᠯᠠᠳᠠ ᠮᠠᠨ ᠤ ᠰᠢᠨᠵᠢᠯᠡᠬᠦ ᠤᠬᠠᠭᠠᠨ ᠤ ᠠᠺᠠᠳᠧᠮᠢ᠂ ᠬᠣᠯᠪᠣᠭᠳᠠᠬᠤ ᠮᠡᠷᠭᠡᠵᠢᠯ ᠦᠨ ᠪᠠᠢᠢᠭᠤᠯᠤᠯᠭ᠎ᠠ ᠨᠤᠭᠤᠳ᠂ ᠡᠷᠳᠡᠮᠲᠡᠨ᠂ ᠰᠤᠳᠤᠯᠤᠭᠠᠴᠢᠳ ᠥᠨᠳᠥᠷ ᠠᠴᠢ ᠬᠣᠯᠪᠣᠭᠳᠠᠯ ᠥᠭᠴᠦ᠂ ᠪᠣᠳᠠᠲᠤ ᠦᠷ᠎ᠡ ᠳ᠋ᠦᠡᠭ ᠭᠠᠷᠭᠠᠨ ᠠᠵᠢᠯᠯᠠᠬᠤ ᠬᠡᠷᠡᠭᠲᠡᠢ ᠪᠠᠢᠢᠨ᠎ᠠ᠃

ᠥᠩᠭᠡᠷᠡᠭᠰᠡᠨ ᠵᠢᠯ ᠪᠢᠳᠡ ᠡᠷᠳᠡᠮᠲᠡᠨ᠂ ᠰᠤᠳᠤᠯᠤᠭᠠᠴᠢᠳ ᠤᠨ ᠢᠶᠠᠨ ᠲᠣᠭᠠᠴᠠᠭ᠎ᠠ᠂ ᠰᠤᠳᠤᠯᠭᠠᠨ ᠳᠤ ᠦᠨᠳᠦᠰᠦᠯᠡᠨ ᠬᠣᠯᠪᠣᠭᠳᠠᠬᠤ ᠴᠢᠭᠯᠡᠯ ᠦᠨ ᠶᠠᠮᠤ᠂ ᠦᠨᠳᠦᠰᠦᠨ ᠦ ᠠᠶᠤᠯ ᠦᠭᠡᠢ ᠪᠠᠢᠢᠳᠠᠯ ᠢ ᠬᠠᠮᠠᠭᠠᠯᠠᠬᠤ ᠲᠤᠰᠬᠠᠢ ᠴᠢᠢᠡ᠋᠋᠌᠍ ᠡᠭᠦᠷᠭᠡ ᠢᠢᠨ ᠪᠠᠢᠢᠭᠤᠯᠤᠯᠭ᠎ᠠ ᠨᠤᠭᠤᠳ ᠤᠨ ᠳᠡᠮᠵᠢᠯᠭᠡ ᠲᠡᠢ ᠪᠡᠷ ᠬᠥᠪᠰᠥᠭᠥᠯ ᠨᠠᠭᠤᠷ ᠲᠤ 36 ᠵᠢᠯ ᠦᠨ ᠡᠮᠦᠨ᠎ᠡ ᠵᠢᠪᠪᠤᠭ᠍ᠰᠠᠡ《ᠰᠦᠬᠡᠪᠠᠭᠠᠲᠤᠷ》 ᠬᠦᠯᠥᠭ ᠣᠩᠭᠣᠴᠠ ᠢᠢ ᠲᠠᠲᠠᠨ ᠭᠠᠷᠭᠠᠵᠤ᠂ ᠨᠠᠭᠤᠷ ᠤᠨ ᠤᠰᠤ ᠢᠢ ᠪᠣᠬᠢᠷᠳᠠᠭᠤᠯᠵᠤ ᠪᠠᠢᠢᠭᠰᠠᠨ ᠨᠢᠭᠡᠨ ᠲᠣᠮᠣ ᠡᠬᠢ ᠡᠭᠦᠰᠪᠦᠷᠢ ᠢᠢ ᠠᠶᠤᠯ ᠦᠭᠡᠢ ᠪᠣᠯᠭᠠᠭᠰᠠᠨ᠃

ᠡᠢᠢᠨᠬᠦᠦ ᠤᠰᠤᠨ ᠤ ᠬᠦᠨ ᠳᠥ ᠡᠷᠡᠰᠳᠡᠯ᠂ ᠪᠣᠬᠢᠷᠳᠠᠯ ᠪᠣᠯᠤᠨ ᠵᠢᠪᠤᠭ᠍ᠰᠠᠡᠨ《ᠰᠦᠬᠡᠪᠠᠭᠠᠲᠤᠷ》 ᠬᠦᠯᠥᠭ ᠣᠩᠭᠣᠴᠠ ᠥᠨᠥᠳᠥᠷ ᠭᠠᠳᠠᠭᠠᠳᠤ᠂ ᠳᠣᠲᠣᠭᠠᠳᠤ ᠢᠢᠨ ᠵᠢᠭᠤᠯᠴᠢᠳ ᠤᠨ 《ᠦᠵᠡᠮᠦᠷᠢ》 ᠪᠣᠯᠤᠨ ᠬᠤᠪᠢᠷᠠᠭᠰᠠᠨ ᠪᠥᠭᠡᠳ ᠳᠠᠯᠠᠢ ᠢᠢᠨ ᠲᠡᠭᠡᠭᠡᠪᠦᠷᠢ ᠳᠥ ᠪᠡᠨ ᠳᠠᠬᠢᠨ ᠭᠠᠷᠬᠤ ᠦᠭᠡᠢ ᠴᠤ ᠭᠡᠰᠡᠨ ᠡᠷᠭᠢ ᠢᠢᠨ ᠵᠣᠭᠰᠣᠭᠠᠯ ᠳᠤ ᠪᠠᠨ ᠮᠦᠡᠭ᠍ᠬᠡᠳᠡ ᠵᠣᠭᠰᠣᠵᠤ᠂ ᠮᠣᠩ᠋ᠭᠣᠯ ᠤᠨ ᠤᠰᠤᠨ ᠲᠡᠭᠡᠭᠡᠪᠦᠷᠢ ᠢᠢᠨ ᠲᠡᠦᠬᠡ ᠢᠢ ᠦᠭᠦᠯᠡᠭᠰᠡᠨ ᠪᠣᠳᠠᠲᠤ ᠭᠡᠷᠡᠴᠢ ᠪᠣᠯᠤᠭᠰᠠᠭᠠᠷ ᠪᠠᠢᠢᠬᠤ ᠪᠣᠯᠤᠨ᠎ᠠ᠃

ᠵᠢᠪᠪᠤᠭ᠍ᠰᠠᠡ ᠬᠥᠯᠥᠭ ᠣᠩᠭᠣᠴᠠ ᠢᠢ ᠠᠮᠵᠢᠯᠲᠠ ᠲᠠᠢ ᠲᠠᠲᠠᠨ ᠭᠠᠷᠭᠠᠭᠰᠠᠨ ᠨᠢ ᠮᠣᠩ᠋ᠭᠣᠯᠴᠤᠳ ᠪᠢᠳᠡ ᠴᠡᠩᠭᠡᠭ ᠤᠰᠤᠨ ᠤ ᠪᠠᠨ ᠲᠣᠮᠣᠬᠠᠨ ᠡᠬᠢ ᠡᠭᠦᠰᠪᠦᠷᠢ ᠪᠣᠯᠬᠤ ᠳᠠᠯᠠᠢ ᠡᠵᠢ ᠪᠡᠨ ᠪᠣᠬᠢᠷᠳᠠᠯ ᠠᠴᠠ ᠪᠦᠷᠢᠨ ᠰᠠᠯᠭᠠᠵᠤ ᠴᠢᠳᠠᠬᠤ ᠪᠣᠯᠤᠮᠵᠢ ᠲᠠᠢ ᠭᠡᠳᠡᠭ ᠢᠶᠡᠨ ᠨᠣᠲᠠᠯᠠᠨ ᠬᠠᠷᠠᠭᠤᠯᠤᠭᠰᠠᠨ ᠪᠣᠳᠠᠲᠤ ᠦᠢᠯᠡ ᠶᠠᠪᠤᠳᠠᠯ ᠪᠣᠯᠤᠭᠰᠠᠨ ᠶᠤᠮ᠃

ᠴᠠᠭ ᠠᠭᠤᠷ ᠤᠨ ᠬᠦᠨᠳᠦᠷᠡᠯ ᠲᠠᠢ ᠨᠥᠬᠥᠴᠡᠯ ᠳᠥ ᠡᠷ᠎ᠡ ᠵᠣᠷᠢᠭ᠂ ᠲᠡᠰᠪᠦᠷᠢ ᠲᠡᠪᠴᠢᠶᠡᠷᠢ ᠭᠠᠷᠭᠠᠨ ᠲᠥᠷᠥ ᠢᠢᠨ ᠲᠡᠷᠢᠭᠦᠨ ᠦ ᠪᠡᠨ ᠥᠭ᠍ᠭᠦᠭᠰᠡᠨ ᠡᠭᠦᠷᠭᠡ ᠳᠠᠭᠠᠭᠠᠯᠭᠠᠪᠤᠷᠢ ᠢᠢ ᠨᠡᠷ᠎ᠡ ᠲᠥᠷᠥ ᠲᠡᠢ ᠪᠡᠶᠡᠯᠡᠭᠦᠯᠵᠦ᠂ ᠡᠨᠡᠬᠦ ᠴᠢᠬᠤᠯᠠ ᠠᠵᠢᠯᠯᠠᠭ᠎ᠠ ᠢᠢ ᠠᠮᠵᠢᠯᠲᠠ ᠲᠠᠢ ᠭᠦᠢᠴᠡᠳᠭᠡᠭ᠍ᠰᠡᠨ ᠪᠦᠬᠦ ᠬᠦᠮᠦᠰ᠂ ᠪᠡᠶ᠎ᠡ ᠪᠦᠷᠢᠯᠳᠦᠬᠦᠨ᠂ ᠠᠯᠪᠠᠨ ᠬᠠᠭᠠᠭᠴᠢᠳ ᠲᠤ ᠪᠠᠨ ᠠᠷᠠᠳ ᠲᠦᠮᠡᠨ ᠦ ᠪᠡᠨ ᠨᠡᠷ᠎ᠡ ᠢᠢᠨ ᠡᠮᠦᠨ᠎ᠡ ᠡᠴᠡ ᠭᠦᠨ ᠲᠠᠯᠠᠷᠬᠠᠯ ᠢᠯᠡᠷᠬᠡᠢᠢᠯᠡᠶ᠎ᠡ᠃

ᠳᠠᠯᠠᠢ ᠡᠵᠢ ᠲᠠ ᠪᠦᠬᠦᠨ ᠢ ᠮᠦᠡᠭ᠍ᠬᠡᠳᠡ ᠲᠡᠳᠭᠦᠬᠦ ᠪᠣᠯᠲᠤᠭᠠᠢ᠃

ᠴᠢᠨᠠᠭᠰᠢᠳᠠ ᠨᠠᠭᠤᠷ ᠲᠤ ᠵᠢᠪᠤᠭ᠍ᠰᠠᠡᠨ ᠠᠥ᠋ᠲ᠋ᠤ᠋ ᠮᠠᠰᠢᠨ ᠨᠤᠭᠤᠳ ᠤᠨ ᠪᠠᠢᠢᠷᠢᠰᠢᠯ ᠢ ᠨᠠᠷᠢᠪᠴᠢᠯᠠᠨ ᠲᠣᠭᠲᠠᠭᠠᠵᠤ᠂ ᠮᠡᠷᠭᠡᠵᠢᠯ ᠦᠨ ᠲᠦᠪᠰᠢᠨ ᠳᠥ ᠣᠰᠣᠯ ᠠᠶᠤᠯ ᠦᠭᠡᠢ ᠲᠠᠲᠠᠨ ᠭᠠᠷᠭᠠᠬᠤ ᠦᠢᠯᠡ ᠠᠵᠢᠯᠯᠠᠭ᠎ᠠ ᠢᠢ ᠦᠶ᠎ᠡ ᠱᠠᠲᠤ ᠲᠠᠢ ᠪᠠᠷ ᠵᠣᠬᠢᠶᠠᠨ ᠪᠠᠢᠢᠭᠤᠯᠵᠤ᠂ 2024 ᠣᠨ ᠭᠡᠬᠦ ᠳᠥ ᠨᠠᠭᠤᠷ ᠢ ᠵᠢᠪᠤᠭ᠍ᠰᠠᠡᠨ ᠮᠠᠰᠢᠨ᠂ ᠲᠧᠭᠨᠢᠭ ᠬᠡᠷᠡᠭᠰᠡᠯ᠂ ᠬᠣᠭ ᠬᠠᠶᠠᠭᠳᠠᠯ ᠠᠴᠠ ᠪᠦᠷᠢᠨ ᠴᠡᠪᠡᠷᠯᠡᠵᠦ ᠳᠠᠭᠤᠰᠬᠠᠬᠤ ᠶᠣᠰᠣᠲᠠᠢ᠃

ᠡᠨᠡᠬᠦ ᠠᠷᠭ᠎ᠠ ᠬᠡᠮᠵᠢᠶ᠎ᠡ ᠢᠢ ᠬᠡᠷᠡᠭᠵᠢᠭᠦᠯᠦᠭᠰᠡᠨ ᠢᠶᠡᠷ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠦᠨ ᠶᠡᠷᠦᠩᠬᠡᠢ ᠠᠰᠰᠠᠮᠪᠯᠧᠢ ᠢᠢᠨ 70 ᠳ᠋ᠤᠭᠠᠷ ᠴᠢᠭᠤᠯᠭᠠᠨ ᠢᠶᠠᠷ ᠪᠠᠲᠤᠯᠠᠭᠰᠠᠨ ᠲᠣᠭᠲᠠᠪᠤᠷᠢᠲᠠᠢ ᠬᠥᠭ᠍ᠵᠢᠯ ᠦᠨ ᠵᠣᠷᠢᠯᠲᠠ ᠨᠤᠭᠤᠳ ᠪᠣᠯᠬᠤ ᠠᠭᠤᠷ ᠠᠮᠢᠰᠬᠤᠯ ᠤᠨ ᠥᠭᠡᠷᠡᠴᠢᠯᠡᠯᠲᠡ ᠢᠢᠨ ᠦᠷ᠎ᠡ ᠨᠥᠯᠥᠭᠡ ᠢᠢ ᠪᠠᠭᠠᠰᠭᠠᠬᠤ ᠪᠣᠯᠤᠨ ᠳᠠᠯᠠᠢ ᠲᠡᠩᠭᠢᠰ ᠦᠨ ᠨᠥᠭᠡᠴᠡ ᠢᠢ ᠬᠠᠮᠠᠭᠠᠯᠠᠬᠤ ᠦᠢᠯᠡᠰ ᠲᠥ ᠮᠣᠩ᠋ᠭᠣᠯ ᠤᠯᠤᠰ ᠪᠣᠳᠠᠲᠤ ᠬᠤᠪᠢ ᠨᠡᠮᠡᠷᠢ ᠪᠡᠨ ᠣᠷᠣᠭᠤᠯᠵᠤ ᠪᠤᠢ ᠬᠡᠷᠡᠭ ᠶᠤᠮ᠃

ᠡᠢᠢᠮᠦ ᠳᠥ ᠲᠤᠰ ᠦᠢᠯᠡ ᠠᠵᠢᠯᠯᠠᠭᠠᠨ ᠳᠤ ᠱᠠᠭᠠᠷᠳᠠᠭᠳᠠᠬᠤ ᠵᠠᠷᠤᠳᠠᠯ ᠮᠥᠩᠭᠥ᠂ ᠲᠥᠰᠥᠪ ᠦᠨ ᠬᠤᠪᠢᠶᠠᠷᠢ ᠢᠢ ᠣᠨᠣᠪᠴᠢᠲᠠᠢ ᠬᠢᠵᠦ᠂ ᠵᠢᠯ ᠪᠦᠷᠢ ᠢᠢᠨ ᠤᠯᠤᠰ ᠤᠨ ᠪᠣᠯᠤᠨ ᠣᠷᠣᠨ ᠨᠤᠲᠤᠭ ᠤᠨ ᠲᠥᠰᠥᠪ ᠲᠥ ᠲᠤᠰᠬᠠᠵᠤ ᠠᠵᠢᠯᠯᠠᠬᠤ ᠠᠴᠠ ᠭᠠᠳᠠᠨ᠎ᠠ ᠭᠠᠳᠠᠭᠠᠳᠤ ᠬᠠᠮᠲᠤ ᠢᠢᠨ ᠠᠵᠢᠯᠯᠠᠭᠠᠨ ᠤ ᠬᠦᠷᠢᠶᠡᠨ ᠳᠥ ᠨᠠᠭᠤᠷ ᠢ ᠡᠷᠦᠰᠳᠡᠯ ᠲᠡᠢ ᠬᠣᠭ ᠬᠠᠶᠠᠭᠳᠠᠯ ᠠᠴᠠ ᠴᠡᠪᠡᠷᠯᠡᠬᠦ ᠲᠥᠰᠥᠯ ᠬᠥᠲᠥᠯᠪᠦᠷᠢ ᠬᠡᠷᠡᠭᠵᠢᠭᠦᠯᠵᠦ ᠠᠵᠢᠯᠯᠠᠬᠤ ᠢᠢ ᠵᠠᠰᠠᠭ ᠤᠨ ᠭᠠᠵᠠᠷ᠂ ᠬᠤᠯᠪᠤᠭᠳᠠᠬᠤ ᠪᠠᠢᠢᠭᠤᠯᠤᠯᠭ᠎ᠠ ᠨᠤᠭᠤᠳ ᠲᠤ ᠴᠢᠭᠯᠡᠯ ᠪᠣᠯᠭᠠᠵᠤ ᠪᠠᠢᠢᠨ᠎ᠠ᠃

ᠬᠥᠪᠰᠥᠭᠥᠯ ᠨᠠᠭᠤᠷ ᠣᠷᠴᠢᠮ ᠤᠨ ᠭᠠᠵᠠᠷ ᠨᠤᠲᠤᠭ ᠤᠨ ᠬᠠᠮᠠᠭᠠᠯᠠᠯᠲᠠ ᠢᠢ ᠰᠠᠢᠢᠵᠢᠷᠠᠭᠤᠯᠵᠤ ᠪᠠᠢᠢᠭᠠᠯᠢ ᠣᠷᠴᠢᠨ᠂ ᠡᠺᠣᠰᠢᠰᠲ᠋ᠧᠮ ᠳᠥ ᠨᠢ ᠤᠴᠢᠷᠠᠵᠤ ᠪᠤᠢ ᠡᠷᠡᠰᠳᠡᠯ᠂ ᠲᠤᠯᠭᠠᠮᠳᠠᠭᠰᠠᠨ ᠠᠰᠠᠭᠤᠳᠠᠯ ᠤᠳ ᠢ ᠨᠢ ᠰᠢᠢᠳᠪᠦᠷᠢᠯᠡᠵᠦ᠂ ᠲᠣᠭᠲᠠᠪᠤᠷᠢᠲᠠᠢ ᠨᠣᠭᠣᠭᠠᠨ ᠬᠥᠭ᠍ᠵᠢᠯ ᠦᠨ ᠪᠥᠰᠡ ᠪᠣᠯᠭᠠᠨ᠂ ᠡᠺᠣ ᠠᠶᠠᠯᠠᠯ ᠵᠢᠭᠤᠯᠴᠢᠯᠠᠯ ᠢ ᠬᠥᠭ᠍ᠵᠢᠭᠦᠯᠬᠦ ᠱᠠᠭᠠᠷᠳᠠᠯᠭ᠎ᠠ ᠲᠠᠢ ᠪᠠᠢᠢᠭ᠎ᠠ ᠢᠢ ᠪᠠᠢᠢᠭᠠᠯᠢ ᠣᠷᠴᠢᠨ᠂ ᠠᠶᠠᠯᠠᠯ ᠵᠢᠭᠤᠯᠴᠢᠯᠠᠯ ᠤᠨ ᠶᠠᠮᠤ᠂ ᠬᠣᠯᠪᠣᠭᠳᠠᠬᠤ ᠭᠠᠵᠠᠷ ᠤᠳ᠂ ᠣᠷᠣᠨ ᠨᠤᠲᠤᠭ ᠤᠨ ᠲᠥᠷᠥ ᠵᠠᠬᠢᠷᠭᠠᠨ ᠤ ᠪᠠᠢᠢᠭᠤᠯᠤᠯᠭ᠎ᠠ ᠨᠤᠭᠤᠳ ᠣᠨᠤᠴᠤᠠᠭᠠᠢ ᠠᠩᠬᠠᠷᠴᠤ ᠠᠵᠢᠯᠯᠠᠬᠤ ᠶᠣᠰᠣᠲᠠᠢ᠃

ᠮᠥᠨ ᠲᠡᠭᠦᠨᠴᠢᠯᠡᠨ ᠰᠢᠨᠵᠢᠯᠡᠬᠦ ᠤᠬᠠᠭᠠᠨ ᠤ ᠠᠺᠠᠳᠧᠮᠢ᠂ ᠬᠣᠯᠪᠣᠭᠳᠠᠬᠤ ᠬᠦᠷᠢᠶᠡᠯᠡᠩ᠂ ᠰᠤᠳᠤᠯᠭᠠᠨ ᠤ ᠪᠠᠢᠢᠭᠤᠯᠤᠯᠭ᠎ᠠ ᠨᠤᠭᠤᠳ ᠬᠥᠪᠰᠥᠭᠥᠯ ᠨᠠᠭᠤᠷ ᠤᠨ ᠣᠷᠴᠢᠮ ᠤᠨ ᠭᠠᠮᠰᠢᠭ ᠤᠨ ᠡᠷᠡᠰᠳᠡᠯ ᠦᠨ ᠦᠨᠡᠯᠡᠭᠡ᠂ ᠡᠮᠵᠡᠭ ᠪᠠᠢᠢᠳᠠᠯ ᠤᠨ ᠰᠤᠳᠤᠯᠭ᠎ᠠ ᠢᠢ ᠬᠢᠵᠦ᠂ ᠡᠷᠡᠡᠰᠳᠡᠯ ᠢ ᠪᠠᠭᠤᠷᠠᠭᠤᠯᠬᠤ ᠠᠷᠭ᠎ᠠ ᠠᠷᠭᠠᠴᠢᠯᠠᠯ᠂ ᠵᠠᠭᠪᠤᠷᠴᠢᠯᠠᠯ᠂ ᠲᠣᠭᠠᠴᠠᠭᠠᠯᠠᠯ ᠢ ᠣᠯᠠᠨ ᠤᠯᠤᠰ ᠤᠨ ᠵᠢᠱᠢᠭ ᠲᠥ ᠨᠡᠢᠢᠴᠡᠭᠦᠯᠦᠨ ᠪᠣᠯᠪᠠᠰᠤᠷᠠᠭᠤᠯᠵᠤ᠂ ᠬᠡᠷᠡᠭᠵᠢᠯᠲᠡ ᠢᠢ ᠨᠢ ᠬᠠᠩᠭ᠋ᠠᠬᠤ ᠬᠡᠷᠡᠭᠲᠡᠢ᠃

ᠴᠢᠨᠠᠭᠰᠢᠳᠠ ᠬᠥᠪᠰᠥᠭᠥᠯ ᠨᠠᠭᠤᠷ ᠢ ᠰᠤᠳᠤᠯᠬᠤ ᠲᠥᠪ ᠪᠠᠢᠢᠭᠤᠯᠵᠤ᠂ ᠨᠠᠭᠤᠷ ᠤᠨ ᠤᠰᠤᠨ ᠤ ᠴᠢᠨᠠᠷ ᠤᠨ ᠯᠠᠪᠤᠷᠠᠲ᠋ᠣᠷᠢ ᠢᠢ ᠰᠢᠨᠡᠴᠢᠯᠡᠵᠦ᠂ ᠥᠷᠭᠡᠵᠢᠭᠦᠯᠬᠦ᠂ ᠨᠠᠭᠤᠷ ᠣᠷᠴᠢᠮ ᠤᠨ ᠠᠶᠠᠯᠠᠯ ᠵᠢᠭᠤᠯᠴᠢᠯᠠᠯ ᠢ ᠳᠡᠮᠵᠢᠭᠰᠡᠨ ᠳᠡᠳ᠋ ᠪᠦᠲᠦᠴᠡ ᠪᠣᠯᠤᠨ ᠮᠧᠨᠧᠵᠮᠧᠨ᠋ᠲ ᠦᠨ ᠦᠢᠯᠡ ᠠᠵᠢᠯᠯᠠᠭ᠎ᠠ ᠢᠢ ᠰᠠᠢᠢᠵᠢᠷᠠᠭᠤᠯᠬᠤ᠂ ᠬᠣᠭ ᠬᠠᠶᠠᠭᠳᠠᠯ ᠤᠨ ᠴᠡᠭ ᠢ ᠶᠠᠭᠠᠷᠠᠯᠲᠠᠢ ᠰᠢᠯᠵᠢᠭᠦᠯᠬᠦ᠂ ᠳᠠᠬᠢᠨ ᠲᠥᠯᠥᠪᠯᠡᠬᠦ᠂ ᠨᠠᠭᠤᠷ ᠣᠷᠴᠢᠮ ᠤᠨ ᠭᠠᠵᠠᠷ ᠣᠯᠭᠣᠯᠲᠠ ᠢᠢ ᠴᠡᠭᠴᠡᠯᠡᠬᠦ᠂ ᠨᠡᠮᠡᠵᠦ ᠭᠠᠵᠠᠷ ᠣᠯᠭᠤᠬᠤ ᠦᠭᠡᠢ ᠪᠠᠢᠢᠬᠤ᠂ ᠠᠶᠠᠯᠠᠯ ᠵᠢᠭᠤᠯᠴᠢᠯᠠᠯ ᠤᠨ ᠪᠠᠭᠠᠵᠠ ᠨᠤᠭᠤᠳ ᠤᠨ ᠪᠠᠢᠢᠷᠢᠰᠢᠯ ᠢ ᠣᠨᠣᠪᠴᠢᠲᠠᠢ ᠲᠥᠯᠥᠪᠯᠡᠬᠦ᠂ ᠰᠲ᠋ᠠᠨ᠋ᠳᠠᠷᠲ ᠲᠣᠭᠲᠠᠭᠠᠬᠤ᠂ ᠠᠷᠢᠭᠤᠨ ᠴᠡᠪᠡᠷ ᠦᠨ ᠪᠠᠢᠢᠭᠤᠯᠤᠮᠵᠢ᠂ ᠬᠣᠭ ᠬᠠᠶᠠᠭᠳᠠᠯ ᠤᠨ ᠬᠢᠨᠠᠯᠲᠠ ᠢᠢ ᠰᠠᠢᠢᠵᠢᠷᠠᠭᠤᠯᠬᠤ᠂ ᠬᠥᠷᠦᠰᠦᠨ ᠦ ᠪᠣᠬᠢᠷᠳᠠᠯ ᠤᠨ ᠡᠬᠢ ᠡᠭᠦᠰᠪᠦᠷᠢ ᠪᠣᠯᠤᠭᠰᠠᠨ ᠨᠦᠬᠡᠨ ᠵᠣᠷᠯᠣᠩ ᠤᠰᠠᠳᠬᠠᠬᠤ᠂ ᠬᠤᠷᠢᠭᠯᠠᠬᠤ᠂ ᠴᠡᠪᠡᠷ ᠪᠣᠬᠢᠷ ᠤᠰᠤ᠂ ᠵᠠᠮ ᠤᠨ ᠳᠡᠳ᠋ ᠪᠦᠲᠦᠴᠡ ᠢᠢ ᠰᠢᠰᠲ᠋ᠧᠮ ᠲᠡᠢ ᠲᠥᠯᠥᠪᠯᠡᠵᠦ ᠬᠡᠷᠡᠭᠵᠢᠭᠦᠯᠬᠦ᠂ ᠤᠰᠤᠨ ᠲᠡᠭᠡᠭᠡᠪᠦᠷᠢ ᠢᠢᠨ ᠦᠢᠯᠡ ᠠᠵᠢᠯᠯᠠᠭᠠᠨ ᠳᠤ ᠣᠯᠠᠨ ᠤᠯᠤᠰ ᠤᠨ ᠰᠲ᠋ᠠᠨ᠋ᠳᠠᠷᠲ ᠨᠡᠪᠲᠡᠷᠡᠭᠦᠯᠬᠦ᠂ ᠪᠦᠷᠢᠳᠬᠡᠯ ᠢ ᠰᠢᠨᠡᠳᠭᠡᠬᠦ ᠵᠡᠷᠭᠡ ᠠᠰᠠᠭᠤᠳᠠᠯ ᠤᠳ ᠢ ᠨᠡᠩ ᠳᠠᠷᠤᠢ ᠰᠢᠢᠳᠪᠦᠷᠢᠯᠡᠵᠦ᠂ ᠦᠢᠯᠡ ᠠᠵᠢᠯᠯᠠᠭ᠎ᠠ ᠢᠢ ᠨᠢ ᠴᠡᠭᠴᠡᠯᠡᠬᠦ ᠱᠠᠭᠠᠷᠳᠠᠯᠭ᠎ᠠ ᠲᠠᠢ ᠪᠠᠢᠢᠨ᠎ᠠ᠃

ᠡᠭᠦᠨ ᠳᠥ ᠲᠥᠷᠥ᠂ ᠬᠤᠪᠢ ᠢᠢᠨ ᠬᠡᠪᠰᠢᠯ ᠦᠨ ᠬᠠᠮᠲᠤ ᠢᠢᠨ ᠠᠵᠢᠯᠯᠠᠭ᠎ᠠ ᠴᠢᠬᠤᠯᠠ ᠪᠠᠢᠢᠨ᠎ᠠ᠃

ᠰᠡᠭᠦᠯ ᠦᠨ ᠵᠢᠯ ᠦᠳ ᠲᠥ ᠬᠥᠪᠰᠥᠭᠥᠯ ᠨᠠᠭᠤᠷ ᠣᠷᠴᠢᠮ ᠭᠠᠵᠠᠷ ᠬᠥᠳᠡᠯᠦᠯᠲᠡ ᠢᠢᠨ ᠴᠡᠴᠡᠷᠬᠢᠯᠡᠯ ᠡᠷᠡᠰ ᠨᠡᠮᠡᠭᠳᠡᠵᠦ᠂ ᠥᠩᠭᠡᠷᠡᠭᠰᠡᠨ ᠣᠨ ᠳᠤ 3.5 ᠮᠠᠭᠨᠢᠲ᠋  ᠤᠳ ᠠᠴᠠ ᠳᠡᠭᠡᠭ᠍ᠰᠢ ᠬᠦᠴᠦᠲᠡᠢ ᠭᠠᠵᠠᠷ ᠬᠥᠳᠡᠯᠦᠯᠲᠡ ᠬᠡᠳᠦ ᠬᠡᠳᠦᠨ ᠤᠳᠠᠭ᠎ᠠ ᠪᠣᠯᠤᠯ᠎ᠠ᠃

ᠡᠢᠢᠮᠦ ᠡᠴᠡ ᠬᠤᠯᠪᠤᠭᠳᠠᠬᠤ ᠮᠡᠷᠭᠡᠵᠢᠯ ᠦᠨ ᠪᠠᠢᠢᠭᠤᠯᠤᠯᠭ᠎ᠠ ᠨᠤᠭᠤᠳ ᠭᠠᠵᠠᠷ ᠬᠥᠳᠡᠯᠦᠯᠲᠡ ᠢᠢᠨ ᠭᠠᠮᠰᠢᠭ ᠲᠣᠬᠢᠶᠠᠯᠳᠤᠭᠰᠠᠨ ᠦᠶ᠎ᠡ ᠳᠥ ᠡᠷᠳᠡᠨᠢᠲᠦ ᠬᠦᠮᠦᠨ ᠦ ᠠᠮᠢ ᠨᠠᠰᠤ᠂ ᠡᠷᠡᠭᠦᠯ ᠮᠡᠨᠳᠦ᠂ ᠡᠳ᠋ ᠬᠥᠷᠥᠩᠭᠡ ᠢᠢ ᠬᠠᠮᠠᠭᠠᠯᠠᠬᠤ᠂ ᠨᠠᠭᠤᠷ ᠤᠨ ᠤᠰᠤ ᠢᠢ ᠪᠣᠬᠢᠷᠳᠠᠭᠤᠯᠵᠤ᠂ ᠡᠺᠣᠰᠢᠰᠲ᠋ᠧᠮ ᠳᠥ ᠨᠢ ᠨᠣᠴᠤᠲᠠᠢ ᠬᠣᠣᠷ ᠬᠣᠬᠢᠷᠠᠯ ᠤᠴᠠᠷᠠᠭᠤᠯᠵᠤ ᠪᠣᠯᠬᠤᠢᠢᠴᠠ ᠨᠠᠭᠤᠷ ᠤᠨ ᠣᠷᠴᠢᠮ ᠳᠤ ᠪᠠᠢᠢᠭ᠎ᠠ ᠳᠡᠳ᠋ ᠪᠦᠲᠦᠴᠡ᠂ ᠪᠠᠷᠢᠯᠭ᠎ᠠ ᠪᠠᠢᠢᠭᠤᠯᠤᠮᠵᠢ ᠢᠢᠨ ᠲᠣᠭᠠᠴᠠᠭ᠎ᠠ ᠰᠤᠳᠤᠯᠭ᠎ᠠ᠂ ᠦᠨᠡᠯᠡᠭᠡ ᠢᠢ ᠬᠢᠵᠦ᠂ ᠠᠶᠤᠯ ᠦᠭᠡᠢ ᠪᠠᠢᠢᠳᠠᠯ ᠢ ᠨᠢ ᠬᠠᠩᠭ᠋ᠠᠬᠤ᠂ ᠡᠷᠡᠰᠳᠡᠯ᠂ ᠡᠮᠵᠡᠭ ᠪᠠᠢᠢᠳᠠᠯ ᠢ ᠨᠢ ᠪᠠᠭᠤᠷᠠᠭᠤᠯᠬᠤ ᠳᠤ ᠴᠢᠭᠯᠡᠭᠰᠡᠨ ᠪᠠᠢᠭᠠᠯᠢ ᠢᠢᠨ ᠭᠠᠮᠰᠢᠭ ᠠᠴᠠ ᠤᠷᠢᠳᠴᠢᠯᠠᠨ ᠰᠡᠷᠭᠡᠢᠢᠯᠡᠬᠦ ᠠᠷᠭ᠎ᠠ ᠬᠡᠮᠵᠢᠶ᠎ᠡ ᠢᠢ ᠠᠪᠴᠤ ᠬᠡᠷᠡᠭᠵᠢᠭᠦᠯᠬᠦ ᠱᠠᠭᠠᠷᠳᠠᠯᠭ᠎ᠠ ᠲᠠᠢ ᠪᠠᠢᠢᠨ᠎ᠠ᠃

ᠮᠠᠨ ᠤ ᠤᠯᠤᠰ ᠤᠨ ᠠᠶᠠᠯᠠᠯ ᠵᠢᠭᠤᠯᠴᠢᠯᠠᠯ ᠤᠨ ᠭᠣᠣᠯ ᠮᠠᠷᠱᠷᠦ᠋ᠲ ᠬᠥᠪᠰᠥᠭᠥᠯ ᠨᠠᠭᠤᠷ ᠢ ᠴᠢᠭᠯᠡᠳᠡᠭ ᠪᠣᠯᠤᠯ᠎ᠠ᠃ ᠨᠠᠭᠤᠷ ᠢ ᠪᠣᠬᠢᠷᠳᠠᠭᠤᠯᠵᠤ ᠪᠠᠢᠢᠭ᠎ᠠ ᠪᠠᠰᠠ ᠨᠢᠭᠡᠨ ᠬᠦᠴᠦᠨ ᠵᠦᠢᠯ ᠨᠢ ᠨᠠᠭᠤᠷ ᠢ ᠲᠦᠰᠢᠭᠯᠡᠭᠰᠡᠨ ᠳᠣᠲᠣᠭᠠᠳᠤ᠂ ᠭᠠᠳᠠᠭᠠᠳᠤ ᠢᠢᠨ ᠠᠶᠠᠯᠠᠯ ᠵᠢᠭᠤᠯᠴᠢᠯᠠᠯ ᠤᠨ ᠬᠤᠷᠳᠤᠴᠠ ᠲᠠᠢ ᠥᠰᠦᠯᠲᠡ ᠶᠤᠮ᠃

2004 ᠣᠨ ᠳᠤ 7716 ᠵᠢᠭᠤᠯᠴᠢᠨ ᠬᠥᠪᠰᠥᠭᠥᠯ ᠨᠠᠭᠤᠷ ᠲᠤ ᠬᠦᠷᠴᠦ ᠠᠶᠠᠯᠠᠭᠰᠠᠨ ᠪᠣᠯ ᠥᠨᠥᠳᠥᠷ ᠳᠡᠭᠡᠷᠡᠬᠢ ᠲᠣᠭ᠎ᠠ 12 ᠳᠠᠬᠢᠨ ᠥᠰᠴᠦ᠂ 90 ᠮᠢᠩᠭ᠋᠎ᠠ ᠭᠠᠷᠤᠢ ᠵᠢᠭᠤᠯᠴᠢᠨ ᠣᠴᠢᠳᠠᠭ ᠪᠣᠯᠵᠠᠢ᠃

ᠲᠡᠭᠦᠨᠴᠢᠯᠡᠨ ᠨᠠᠭᠤᠷ ᠤᠨ ᠡᠷᠭᠢᠨ ᠲᠣᠭᠣᠷᠢᠨ ᠳᠤ 120 ᠭᠠᠷᠤᠢ ᠠᠵᠤ ᠠᠬᠤᠢ ᠢᠢᠨ ᠨᠢᠭᠡᠴᠡ ᠦᠢᠯᠡ ᠠᠵᠢᠯᠯᠠᠭ᠎ᠠ ᠶᠠᠪᠤᠭᠤᠯᠵᠤ᠂ 50 ᠭᠠᠷᠤᠢ ᠠᠶᠠᠯᠠᠯ ᠤᠨ ᠵᠠᠪᠢ ᠠᠵᠢᠯᠯᠠᠵᠤ᠂ ᠣᠯᠠᠨ ᠠᠷᠪᠠᠨ ᠬᠤᠳᠠᠯᠳᠤᠭ᠎ᠠ᠂ ᠦᠢᠯᠡᠴᠢᠯᠡᠭᠡ ᠶᠠᠪᠤᠭᠳᠠᠵᠤ ᠪᠠᠢᠢᠨ᠎ᠠ᠃

ᠡᠳᠡᠭᠡᠷ ᠡᠴᠡ ᠤᠷᠤᠬᠤ ᠣᠷᠣᠯᠭ᠎ᠠ ᠪᠠᠷ ᠠᠷᠠᠳ ᠢᠷᠭᠡᠳ ᠮᠠᠨᠢ ᠠᠮᠢᠵᠢᠷᠠᠭ᠎ᠠ ᠢᠢ ᠪᠠᠨ ᠵᠠᠯᠭᠠᠭᠤᠯᠵᠤ᠂ ᠠᠵᠤ ᠠᠬᠤᠢ ᠢᠢᠨ ᠨᠢᠭᠡᠴᠡ ᠨᠦᠭᠦᠳ ᠮᠠᠨᠢ ᠦᠢᠯᠡ ᠠᠵᠢᠯᠯᠠᠭ᠎ᠠ ᠢᠢ ᠪᠠᠨ ᠲᠠᠰᠤᠷᠠᠯᠲᠠ ᠦᠭᠡᠢ ᠶᠠᠪᠤᠭᠤᠯᠵᠤ᠂ ᠠᠵᠢᠯ ᠤᠨ ᠪᠠᠢᠢᠷᠢ ᠪᠤᠢ ᠪᠣᠯᠭᠠᠨ ᠠᠰᠢᠭ ᠣᠷᠣᠯᠭ᠎ᠠ ᠣᠯᠵᠤ ᠪᠠᠢᠢᠭ᠎ᠠ ᠨᠢ ᠨᠡᠩ ᠰᠠᠢᠢᠰᠢᠶᠠᠯᠲᠠᠢ ᠪᠣᠯᠪᠠᠴᠤ ᠳᠠᠯᠠᠢ ᠡᠵᠢ ᠪᠡᠨ ᠬᠠᠮᠠᠭᠠᠯᠠᠬᠤ᠂ ᠵᠦᠢ ᠵᠣᠬᠢᠰᠲᠠᠢ ᠪᠠᠷ ᠠᠰᠢᠭᠯᠠᠬᠤ᠂ ᠴᠡᠪᠡᠷᠯᠡᠬᠦ ᠠᠵᠢᠯ ᠢ ᠬᠢᠷᠢ ᠵᠡᠷᠭᠡ ᠬᠢᠵᠦ ᠪᠠᠢᠢᠭ᠎ᠠ ᠳᠤ ᠪᠠᠨ ᠦᠨᠡᠯᠡᠯᠲᠡ ᠳ᠋ᠦᠩᠨᠡᠯᠲᠡ ᠥᠭᠴᠦ᠂ ᠳᠣᠣᠷ᠎ᠠ ᠪᠦᠷᠢᠨ᠎ᠡ ᠨᠢᠭᠡ ᠢᠢ ᠪᠣᠳᠣᠬᠤ ᠴᠠᠭ ᠪᠣᠯᠵᠠᠢ᠃

ᠡᠬᠡ ᠣᠷᠣᠨ ᠢᠶᠠᠨ ᠭᠡᠰᠡᠨ ᠰᠡᠳᠬᠢᠯ᠂ ᠬᠠᠨᠳᠤᠯᠭ᠎ᠠ ᠢᠷᠭᠡᠨ ᠪᠦᠬᠦᠨ ᠦ ᠠᠮᠢᠳᠤᠷᠠᠯ ᠢ ᠴᠢᠭᠯᠡᠭᠦᠯᠦᠭᠴᠢ ᠪᠠᠢᠢᠬᠤ ᠤᠴᠢᠷᠲᠠᠢ᠃ ᠡᠬᠡ ᠣᠷᠣᠨ ᠢᠷᠭᠡᠨ ᠲᠠᠨ ᠠᠴᠠ ᠡᠬᠢᠯᠡᠳᠡᠭ ᠭᠡᠳᠡᠭ ᠢ ᠬᠡᠵᠢᠶ᠎ᠡ ᠴᠤ ᠪᠤᠤ ᠮᠠᠷᠲᠠ᠃

ᠬᠥᠪᠰᠥᠭᠥᠯ ᠨᠠᠭᠤᠷ ᠢ ᠬᠠᠮᠠᠭᠠᠯᠠᠬᠤ ᠳᠤ ᠨᠤᠲᠤᠭ ᠤᠨ ᠢᠷᠭᠡᠳ᠂ ᠨᠠᠭᠤᠷ ᠲᠦᠰᠢᠭᠯᠡᠭᠰᠡᠨ ᠠᠵᠤ ᠠᠬᠤᠢ ᠢᠢᠨ ᠨᠢᠭᠡᠴᠡ ᠪᠠᠢᠢᠭᠤᠯᠤᠯᠭ᠎ᠠ᠂ ᠪᠢᠽᠢᠨ᠋᠋ᠧᠰ ᠡᠷᠬᠢᠯᠡᠭᠴᠢᠳ᠂ ᠲᠥᠷᠥ ᠵᠠᠰᠠᠭ᠂ ᠠᠢᠢᠮᠠᠭ ᠣᠷᠣᠨ ᠨᠤᠲᠤᠭ ᠤᠨ ᠲᠥᠷᠥ ᠵᠠᠬᠢᠷᠭᠠᠨ ᠤ ᠪᠠᠢᠢᠭᠤᠯᠤᠯᠭ᠎ᠠ ᠨᠤᠭᠤᠳ᠂ ᠡᠷᠳᠡᠮᠲᠡᠳ᠂ ᠰᠤᠳᠤᠯᠤᠭᠠᠴᠢᠳ ᠪᠣᠯᠤᠨ ᠡᠬᠡ ᠣᠷᠣᠨ ᠢᠶᠠᠨ᠂ ᠡᠬᠡ ᠳᠡᠯᠡᠬᠡᠢ ᠪᠡᠨ ᠭᠡᠰᠡᠨ ᠰᠡᠳᠬᠢᠯ ᠲᠡᠢ ᠮᠣᠩ᠋ᠭᠣᠯ ᠬᠦᠮᠦᠨ ᠪᠦᠷᠢ ᠢᠢᠨ ᠣᠷᠣᠯᠴᠠᠭ᠎ᠠ᠂ ᠬᠢᠴᠢᠶᠡᠯ ᠵᠢᠳᠬᠦᠯ᠂ ᠰᠠᠨᠠᠯ ᠰᠠᠨᠠᠭᠠᠴᠢᠯᠠᠭ᠎ᠠ᠂ ᠬᠠᠨᠳᠤᠯᠭ᠎ᠠ᠂ ᠬᠠᠷᠢᠭᠤᠴᠠᠯᠭ᠎ᠠ᠂ ᠬᠠᠮᠲᠤ ᠢᠢᠨ ᠠᠵᠢᠯᠯᠠᠭ᠎ᠠ ᠴᠢᠬᠤᠯᠠ ᠶᠤᠮ᠃

ᠳᠠᠯᠠᠢ ᠡᠵᠢ ᠢᠢ ᠪᠡᠨ ᠴᠡᠪᠡᠷ ᠴᠡᠮᠴᠡᠭᠡᠷ᠂ ᠠᠷᠢᠭᠤᠨ ᠲᠤᠩᠭ᠋ᠠᠯᠠᠭ ᠪᠠᠢᠢᠯᠭᠠᠵᠤ᠂ ᠦᠷ᠎ᠡ ᠬᠣᠢᠢᠴᠢ ᠦᠶ᠎ᠡ ᠳ᠋ᠡᠭᠡᠨ ᠤᠨᠠᠭᠠᠨ ᠲᠥᠷᠬᠥ ᠪᠡᠷ ᠨᠢ ᠬᠠᠳᠠᠭᠠᠯᠠᠨ ᠥᠪᠯᠡᠭᠦᠯᠬᠦ ᠨᠢ ᠲᠠ ᠪᠢᠳᠡᠨ ᠦ ᠡᠷᠬᠢᠮ ᠡᠭᠦᠷᠭᠡ ᠪᠢᠯᠡ᠃

ᠪᠢᠳᠡᠨ ᠦ ᠡᠪᠦᠭᠡ ᠳᠡᠭᠡᠳᠦᠰ᠂ ᠠᠬᠠᠮᠠᠳ ᠦᠶ᠎ᠡ ᠡᠭᠦᠨ ᠢ ᠬᠢᠵᠦ᠂ ᠬᠡᠷᠡᠭᠵᠢᠭᠦᠯᠦᠭᠰᠡᠭᠡᠷ ᠢᠷᠡᠭᠰᠡᠨ᠃ ᠬᠠᠷᠢᠨ ᠣᠳᠣ ᠲᠠ ᠪᠢᠳᠡᠨ ᠦ ᠡᠭᠡᠯᠵᠢ ᠪᠣᠯᠵᠠᠢ᠃

ᠮᠣᠩ᠋ᠭᠣᠯ ᠬᠦᠮᠦᠨ ᠪᠦᠷᠢ ᠠᠮᠢᠳᠤᠷᠠᠬᠤ ᠳᠤ ᠪᠠᠨ ᠴᠤ᠂ ᠠᠶᠠᠯᠠᠬᠤ ᠳᠤ ᠪᠠᠨ ᠴᠤ᠂ ᠦᠢᠯᠡ ᠠᠵᠢᠯᠯᠠᠭ᠎ᠠ ᠡᠷᠬᠡᠯᠡᠬᠦ ᠳᠥ ᠪᠡᠨ ᠴᠤ ᠪᠠᠢᠢᠭᠠᠯᠢ ᠳᠡᠯᠡᠬᠡᠢ ᠳᠥ ᠪᠡᠨ ᠬᠣᠨᠣᠴᠠ ᠢᠢᠨ ᠰᠡᠳᠬᠢᠯ ᠢᠶᠡᠷ ᠪᠢᠰᠢ ᠡᠵᠡᠨ ᠦ ᠰᠡᠳᠬᠢᠯ ᠢᠶᠡᠷ ᠬᠠᠨᠳᠤᠵᠤ᠂ ᠠᠭᠤᠯᠠ ᠤᠰᠤ᠂ ᠭᠣᠣᠯ ᠮᠥᠷᠡᠨ᠂ ᠭᠠᠵᠠᠷ ᠨᠤᠲᠤᠭ ᠢᠶᠠᠨ ᠬᠠᠢᠢᠷᠠᠯᠠᠨ ᠬᠠᠮᠠᠭᠠᠯᠠᠵᠤ᠂ ᠡᠴᠢᠭᠡ ᠲᠩᠷᠢ᠂ ᠡᠬᠡ ᠳᠡᠯᠡᠬᠡᠢ ᠪᠡᠨ ᠰᠢᠲᠦᠨ ᠠᠮᠢᠳᠤᠷᠠᠬᠤ ᠤᠴᠢᠷᠲᠠᠢ᠃

ᠬᠦᠮᠦᠨ ᠪᠠᠢᠢᠭᠠᠯᠢ ᠬᠣᠶᠠᠷ ᠬᠦᠢ ᠢᠢᠨ ᠬᠣᠯᠪᠣᠭᠠᠲᠠᠢ ᠢᠢ ᠦᠷᠭᠦᠯᠵᠢ ᠰᠠᠨᠠᠵᠤ᠂ ᠬᠣᠷᠸ᠎ᠠ ᠶᠢᠷᠲᠢᠨᠴᠦ᠂ ᠶᠠᠭᠤᠮᠠᠰ ᠦᠵᠡᠭᠳᠡᠯ ᠦᠨ ᠮᠥᠨ ᠴᠢᠨᠠᠷ᠂ ᠰᠢᠲᠦᠨ ᠪᠠᠷᠢᠯᠳᠤᠯᠭ᠎ᠠ ᠢᠢ ᠤᠬᠠᠭᠠᠷᠠᠨ ᠮᠡᠳᠡᠷᠡᠵᠤ᠂ ᠡᠬᠡ ᠳᠡᠯᠡᠬᠡᠢ᠂ ᠰᠠᠪᠠ ᠰᠢᠮ᠎ᠡ ᠶᠢᠷᠲᠢᠨᠴᠦ ᠪᠡᠨ ᠡᠨᠡᠷᠢᠨ ᠬᠠᠢᠢᠷᠠᠯᠠᠵᠤ ᠠᠮᠢᠳᠤᠷᠠᠬᠤ ᠨᠢ ᠡᠪᠦᠭᠡ ᠳᠡᠭᠡᠳᠦᠰ ᠡᠴᠡ ᠤᠯᠠᠮᠵᠢᠯᠠᠭᠳᠠᠨ ᠢᠷᠡᠭᠰᠡᠨ ᠮᠣᠩ᠋ᠭᠣᠯ ᠶᠣᠰᠣ ᠵᠠᠩᠰᠢᠯ᠂ ᠮᠣᠩ᠋ᠭᠣᠯ ᠤᠬᠠᠭᠠᠨ ᠪᠢᠯᠡ᠃

ᠡᠨᠡᠬᠦ ᠮᠣᠩ᠋ᠭᠣᠯ ᠤᠬᠠᠭᠠᠨ᠂ ᠵᠠᠩ ᠵᠠᠩᠰᠢᠯ ᠤᠨ ᠳᠠᠭᠠᠤ ᠪᠢᠳᠡ ᠬᠥᠪᠰᠥᠭᠥᠯ ᠳᠠᠯᠠᠢ ᠡᠵᠢ ᠪᠡᠨ ᠬᠠᠢᠢᠷᠠᠯᠠᠨ ᠬᠠᠮᠠᠭᠠᠯᠠᠵᠤ᠂ ᠵᠦᠢ ᠵᠣᠬᠢᠰᠲᠠᠢ ᠠᠰᠢᠭᠯᠠᠵᠤ᠂ ᠬᠥᠭ᠍ᠵᠢᠭᠦᠯᠬᠦ ᠲᠠᠯ᠎ᠠ ᠪᠠᠷ ᠥᠨᠥᠳᠥᠷ ᠦᠨ ᠡᠨᠡᠬᠦ ᠴᠢᠭᠤᠯᠭᠠᠨ ᠢᠶᠠᠷ ᠣᠯᠠᠨ ᠠᠷᠪᠠᠨ ᠰᠢᠨ᠎ᠡ ᠰᠠᠨᠠᠯ᠂ ᠰᠠᠨᠠᠭᠠᠴᠢᠯᠠᠭ᠎ᠠ ᠭᠠᠷᠭᠠᠭᠰᠠᠨ᠂ ᠣᠯᠤᠯᠲᠠ ᠠᠮᠵᠢᠯᠲᠠ᠂ ᠠᠯᠳᠠᠭ᠎ᠠ ᠳᠤᠲᠠᠭᠳᠠᠯ ᠢᠶᠠᠨ ᠳ᠋ᠦᠩᠨᠡᠨ ᠴᠡᠩᠨᠡᠵᠦ ᠶᠠᠷᠢᠯᠴᠠᠭᠰᠠᠨ᠂ ᠢᠷᠡᠭᠡᠳᠦᠢ ᠢᠢᠨ ᠪᠣᠳᠣᠯᠭ᠎ᠠ ᠵᠣᠷᠢᠯᠲᠠ᠂ ᠬᠠᠮᠲᠤ ᠢᠢᠨ ᠠᠵᠢᠯᠯᠠᠭ᠎ᠠ ᠢᠢ ᠪᠠᠨ ᠲᠣᠳᠣᠷᠬᠠᠢᠢᠯᠠᠭᠰᠠᠨ᠂ ᠨᠢᠭᠡᠳᠦᠭᠰᠡᠨ ᠦᠢᠯᠭᠠᠯᠳᠠ  ᠳᠤ ᠬᠦᠷᠦᠭᠰᠡᠨ᠂ ᠠᠵᠢᠯ ᠬᠡᠷᠡᠭᠴᠢ ᠲᠡᠦᠬᠡᠨ ᠠᠭᠤᠯᠵᠠᠯᠲᠠ ᠪᠣᠯᠤᠨ᠎ᠠ ᠭᠡᠳᠡᠭ ᠲᠥ ᠮᠢᠨᠦ ᠪᠡᠶ᠎ᠡ ᠢᠲᠡᠭᠡᠯ ᠲᠡᠭᠦᠰ ᠪᠠᠢᠢᠨ᠎ᠠ᠃

ᠲᠠ ᠪᠢᠳᠡᠨ ᠦ ᠬᠠᠨᠳᠤᠯᠭ᠎ᠠ᠂ ᠲᠠ ᠪᠢᠳᠡᠨ ᠦ ᠬᠠᠮᠲᠤ ᠢᠢᠨ ᠠᠵᠢᠯᠯᠠᠭᠠᠨ ᠠᠴᠠ ᠳᠠᠯᠠᠢ ᠡᠵᠢ ᠢᠢᠨ ᠮᠠᠨᠢ ᠴᠢᠨᠠᠭᠰᠢᠳᠠ ᠢᠢᠨ ᠬᠤᠪᠢ ᠵᠠᠶᠠᠭ᠎ᠠ ᠶᠡᠬᠡᠬᠡᠨ ᠬᠠᠮᠢᠶᠠᠷᠤᠨ᠎ᠠ᠃

《ᠴᠤᠪᠤᠵᠤ ᠶᠠᠪᠤᠭᠰᠠᠨ ᠪᠠᠷᠰ ᠠᠴᠠ ᠴᠤᠭᠯᠠᠵᠤ ᠨᠢᠭᠡᠳᠦᠭᠰᠡᠨ ᠱᠠᠭᠠᠵᠠᠭᠠᠢ ᠢᠯᠡᠭᠦᠦ》 ᠭᠡᠵᠦ ᠠᠷᠠᠳ ᠤᠨ ᠦᠭᠡ ᠪᠤᠢ᠃

ᠥᠨᠥᠳᠥᠷ ᠦᠨ ᠡᠨᠡᠬᠦ ᠴᠢᠭᠤᠯᠭᠠᠨ ᠳᠤ ᠬᠦᠷᠦᠯᠴᠡᠨ ᠢᠷᠡᠭᠰᠡᠨ ᠳᠠᠯᠠᠢ ᠡᠵᠢ ᠪᠡᠨ ᠭᠡᠰᠡᠨ ᠰᠡᠳᠬᠢᠯ ᠲᠡᠢ᠂ ᠡᠬᠡ ᠣᠷᠣᠨ ᠢᠶᠠᠨ ᠭᠡᠰᠡᠨ ᠵᠢᠳᠬᠦᠯ ᠲᠡᠢ ᠪᠦᠬᠦ ᠬᠦᠮᠦᠰ ᠲᠥ ᠠᠵᠢᠯ ᠤᠨ ᠥᠨᠳᠥᠷ ᠠᠮᠵᠢᠯᠲᠠ᠂ ᠰᠠᠢᠢᠨ ᠰᠠᠢᠢᠬᠠᠨ ᠪᠦᠬᠦᠨ ᠢ ᠬᠦᠰᠡᠨ ᠢᠷᠦᠭᠡᠶ᠎ᠡ᠃

ᠴᠢᠭᠤᠯᠭᠠᠨ ᠤ ᠦᠢᠯᠡ ᠠᠵᠢᠯᠯᠠᠭᠠᠨ ᠳᠤ ᠥᠨᠳᠥᠷ ᠠᠮᠵᠢᠯᠲᠠ ᠬᠦᠰᠡᠶ᠎ᠡ᠃

ᠬᠥᠬᠡ ᠮᠣᠩ᠋ᠭᠣᠯ ᠤᠨ ᠬᠥᠬᠡ ᠰᠤᠪᠤᠳ ᠪᠣᠯᠤᠭᠰᠠᠨ ᠬᠥᠪᠰᠥᠭᠥᠯ ᠳᠠᠯᠠᠢ ᠡᠵᠢ ᠮᠢᠨᠢ ᠡᠭᠦᠷᠢᠳᠡ ᠲᠤᠩᠭ᠋ᠠᠯᠠᠭ ᠪᠠᠢᠢᠭ᠃

ᠮᠥᠩᠬᠡ ᠲᠩᠷᠢ ᠢᠢᠨ ᠬᠦᠴᠦᠨ ᠳᠣᠣᠷ᠎ᠠ ᠮᠣᠩ᠋ᠭᠣᠯ ᠤᠯᠤᠰ ᠮᠠᠨᠳᠤᠨ ᠪᠠᠳᠠᠷᠠᠬᠤ ᠪᠣᠯᠲᠤᠭᠠᠢ》 ᠭᠡᠯ᠎ᠡ᠃