Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ᠬᠦᠷᠡᠯᠰᠦᠬᠡ᠄ ᠦᠨᠳᠦᠰᠦᠨ ᠦ ᠢᠵᠠᠭᠤᠷ ᠡᠷᠬᠡ ᠠᠰᠢᠭ ᠤᠨ ᠲᠦᠯᠦᠭᠡ ᠬᠢ ᠠᠷᠠᠳ ᠲᠦᠮᠡᠨ ᠦ ᠣᠶᠤᠨ ᠰᠠᠨᠠᠭᠠᠨ ᠤ ᠡᠪ ᠨᠢᠭᠡᠳᠦᠯ ᠪᠣᠯ ᠤᠯᠤᠰ ᠣᠷᠣᠨ ᠤ ᠲᠤᠰᠠᠭᠠᠷ ᠲᠣᠭᠲᠠᠨᠢᠯ᠂ ᠠᠶᠤᠯ ᠦᠭᠡᠢ ᠪᠠᠢᠢᠳᠠᠯ ᠤᠨ ᠳᠠᠷᠬᠠᠯᠠᠭ᠎ᠠ ᠶᠤᠮ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦᠬᠡ ᠦᠨᠳᠦᠰᠦᠨ ᠦ ᠡᠷᠬᠡ ᠴᠢᠯᠦᠭᠡ᠂ ᠲᠤᠰᠠᠭᠠᠷ ᠲᠣᠭᠲᠠᠨᠢᠯ ᠢᠶᠠᠨ ᠰᠡᠷᠭᠦᠭᠡᠭ᠍ᠰᠡᠨ ᠦ 110 ᠵᠢᠯ ᠦᠨ ᠣᠢ ᠢᠢᠨ ᠪᠠᠶᠠᠷ ᠤᠨ ᠡᠳᠦᠷ ᠲᠥ ᠵᠣᠷᠢᠭᠤᠯᠤᠭᠰᠠᠨ ᠤᠯᠤᠰ ᠤᠨ ᠶᠡᠬᠡ ᠬᠤᠷᠠᠯ ᠤᠨ ᠴᠢᠭᠤᠯᠭᠠᠨ ᠤ ᠬᠦᠨᠳᠦᠳᠬᠡᠯ ᠦᠨ ᠬᠤᠷᠠᠯᠳᠤᠭᠠᠨ ᠳᠤ ᠣᠷᠣᠯᠴᠠᠵᠤ᠂ ᠦᠭᠡ ᠬᠡᠯᠡᠯ᠎ᠡ᠃
ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦᠬᠡ ᠬᠡᠯᠡᠭᠰᠡᠨ ᠦᠭᠡᠨ ᠳ᠋ᠡᠭᠡᠨ᠄
《ᠲᠤᠰᠠᠭᠠᠷ ᠲᠣᠭᠲᠠᠨᠢᠭᠰᠠᠨ᠂ ᠪᠦᠷᠢᠨ ᠡᠷᠬᠡᠲᠦ ᠮᠣᠩ᠋ᠭᠣᠯ ᠤᠯᠤᠰ ᠤᠨ ᠡᠷᠬᠡ ᠴᠢᠯᠦᠭᠡᠲᠦ ᠠᠷᠠᠳ ᠢᠷᠭᠡᠳ ᠡ !

ᠡᠯᠢᠭᠡ ᠨᠢᠭᠡᠲᠦ ᠠᠬᠠᠨ ᠳᠡᠭᠦᠰ ᠡ !

ᠤᠯᠤᠰ ᠤᠨ ᠶᠡᠬᠡ ᠬᠤᠷᠠᠯ ᠤᠨ ᠳᠠᠷᠤᠭ᠎ᠠ᠂ ᠶᠡᠷᠦᠩᠬᠡᠢ ᠰᠠᠢᠢᠳ᠂ ᠡᠷᠬᠢᠮ ᠬᠦᠨᠳᠦᠳᠦ ᠲᠥᠷᠥ ᠢᠢᠨ ᠲᠦᠰᠢᠶᠡᠳ ᠡ !

ᠲᠠ ᠪᠦᠬᠦᠨ ᠳᠥ ᠦᠨᠳᠦᠰᠦᠨ ᠦ ᠡᠷᠬᠡ ᠴᠢᠯᠦᠭᠡ᠂ ᠲᠤᠰᠠᠭᠠᠷ ᠲᠣᠭᠲᠠᠨᠢᠯ ᠢᠶᠠᠨ ᠰᠡᠷᠭᠦᠭᠡᠨ ᠮᠠᠨᠳᠤᠭᠤᠯᠤᠭᠰᠠᠨ ᠤ ᠲᠡᠦᠬᠡᠲᠦ 110 ᠵᠢᠯ ᠦᠨ ᠣᠢ ᠢᠢᠨ ᠪᠠᠶᠠᠷ ᠤᠨ ᠮᠡᠨᠳᠦ ᠢᠢ ᠡᠷᠭᠦᠨ ᠳᠡᠪᠰᠢᠭᠦᠯᠦᠶ᠎ᠡ︕

ᠡᠨᠡ ᠵᠢᠯ ᠲᠤᠯᠭᠤᠷ ᠲᠥᠷᠥ ᠪᠠᠢᠢᠭᠤᠯᠤᠭᠳᠠᠰᠤᠨ ᠤ ᠲᠡᠦᠬᠡᠲᠦ 2230 ᠵᠢᠯ᠂ ᠶᠡᠬᠡ ᠮᠣᠩ᠋ᠭᠣᠯ ᠤᠯᠤᠰ ᠪᠠᠢᠢᠭᠤᠯᠤᠭᠳᠠᠰᠤᠨ ᠤ 815 ᠵᠢᠯ᠂ ᠦᠨᠳᠦᠰᠦᠨ ᠦ ᠡᠷᠬᠡ ᠴᠢᠯᠦᠭᠡ᠂ ᠲᠤᠰᠠᠭᠠᠷ ᠲᠣᠭᠲᠠᠨᠢᠯ ᠢᠶᠠᠨ ᠰᠡᠷᠭᠦᠭᠡᠨ ᠮᠠᠨᠳᠤᠭᠤᠯᠤᠭᠰᠠᠨ ᠤ 110 ᠵᠢᠯ᠂ ᠠᠷᠠᠳ ᠤᠨ ᠬᠤᠪᠢᠰᠬᠠᠯ ᠤᠨ 100 ᠵᠢᠯ᠂ ᠮᠣᠩ᠋ᠭᠣᠯ ᠤᠯᠤᠰ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠳᠥ ᠪᠦᠷᠢᠨ ᠡᠷᠬᠡᠲᠦ ᠭᠡᠰᠢᠭᠦᠨ ᠢᠶᠡᠷ ᠡᠯᠰᠡᠭᠰᠡᠨ ᠦ 60 ᠵᠢᠯ ᠵᠡᠷᠭᠡ ᠣᠯᠠᠨ ᠲᠡᠦᠬᠡᠨ ᠲᠡᠭᠰᠢ ᠣᠢᠢᠨ ᠨᠤᠭᠤᠳ ᠮᠣᠩ᠋ᠭᠣᠯ ᠤᠯᠤᠰ ᠲᠤ ᠲᠣᠬᠢᠶᠠᠵᠤ ᠪᠠᠢᠢᠨ᠎ᠠ᠃

ᠣᠳᠣ ᠠᠴᠠ 110 ᠵᠢᠯ ᠦᠨ ᠡᠮᠦᠨ᠎ᠡ ᠴᠢᠡᠭ ᠵᠣᠷᠢᠭᠲᠤ᠂ ᠴᠡᠴᠡᠨ ᠪᠢᠯᠢᠭᠲᠦ᠂ ᠡᠬᠡ ᠣᠷᠣᠨᠴᠢ ᠪᠢᠳᠡᠨ ᠦ ᠡᠪᠦᠭᠡ ᠳᠡᠭᠡᠳᠦᠰ ᠦᠨ ᠲᠤᠭᠤᠱᠢᠲᠠᠢ ᠲᠡᠮᠡᠴᠡᠯ ᠦᠨ ᠦᠷ᠎ᠡ ᠳ᠋ᠦᠡᠭ ᠳᠥ 1911 ᠣᠨ ᠤ 12 ᠳ᠋ᠤᠭᠠᠷ ᠰᠠᠷ᠎ᠠ ᠢᠢᠨ 29  ᠦ ᠡᠳᠦᠷ ᠮᠠᠨᠵᠤ ᠴᠢᠡᠭ ᠭᠦᠷᠦᠨ ᠦ ᠨᠣᠶᠠᠷᠬᠠᠯ ᠢ ᠬᠠᠯᠠᠵᠤ᠂ ᠡᠷᠬᠡ ᠴᠢᠯᠦᠭᠡ᠂ ᠲᠤᠰᠠᠭᠠᠷ ᠲᠣᠭᠲᠠᠨᠢᠯ ᠢᠶᠠᠨ ᠰᠡᠷᠭᠦᠭᠡᠨ ᠮᠠᠨᠳᠤᠭᠤᠯᠤᠭᠰᠠᠨ ᠢᠶᠠᠨ ᠳᠡᠯᠡᠬᠡᠢ ᠨᠡᠢᠢᠲᠡ ᠳᠥ ᠠᠯᠪᠠᠨ ᠶᠣᠰᠣᠭᠠᠷ ᠵᠠᠷᠯᠠᠨ ᠲᠤᠩᠬᠠᠭ᠋ᠯᠠᠭᠰᠠᠨ ᠲᠡᠦᠬᠡ ᠲᠡᠢ᠃

ᠤᠯᠠᠮ ᠢᠶᠠᠷ ᠶᠡᠬᠡ ᠬᠦᠷᠢᠶᠡᠨ ᠳᠥ ᠨᠠᠢᠢᠮᠠᠳᠤᠭᠠᠷ ᠪᠣᠭᠳᠠ ᠵᠢᠪᠵᠤᠨᠳᠠᠮᠪᠠ ᠬᠤᠲᠤᠭᠲᠤ ᠢᠢ ᠮᠣᠩ᠋ᠭᠣᠯ ᠤᠯᠤᠰ ᠤᠨ ᠱᠠᠰᠢᠨ ᠲᠥᠷᠥ ᠢᠢ ᠬᠣᠣᠰᠯᠠᠨ ᠪᠠᠷᠢᠭᠴᠢ᠂ ᠬᠡᠮᠵᠢᠶ᠎ᠡ ᠦᠭᠡᠢ ᠡᠷᠬᠡᠲᠦ ᠡᠵᠡᠨ ᠬᠠᠭᠠᠨ ᠳᠤ ᠡᠷᠭᠦᠮᠵᠢᠯᠡᠵᠦ᠂ ᠲᠠᠪᠤᠨ ᠶᠠᠮᠤ ᠪᠦᠬᠦᠢ ᠵᠠᠰᠠᠭ ᠤᠨ ᠭᠠᠵᠠᠷ ᠢ ᠪᠠᠢᠢᠭᠤᠯᠤᠭᠰᠠᠨ᠃

ᠬᠥᠬᠡᠭᠡ ᠡᠪᠦᠯ ᠦᠨ ᠵᠢᠪᠠᠷ ᠲᠠᠴᠢᠭᠢᠨᠠᠭᠰᠠᠨ ᠡᠳᠦᠷ ᠦᠳ ᠲᠥ ᠬᠥᠬᠡ ᠮᠣᠩ᠋ᠭᠣᠯ ᠤᠨ ᠬᠤᠪᠢ ᠵᠠᠶᠠᠭ᠎ᠠ ᠢᠢ ᠡᠷᠭᠢᠭᠦᠯᠦᠭᠰᠡᠨ᠂ ᠲᠡᠦᠬᠡᠨ ᠰᠡᠷᠭᠦᠯᠲᠡ ᠪᠣᠯᠬᠤ ᠴᠠᠭᠠᠭᠴᠢᠨ ᠭᠠᠬᠠᠢ ᠵᠢᠯ ᠦᠨ ᠦᠨᠳᠦᠰᠦᠨ ᠦ ᠡᠷᠬᠡ ᠴᠢᠯᠦᠭᠡᠨ ᠦ ᠬᠤᠪᠢᠰᠬᠠᠯ ᠨᠢ ᠮᠣᠩ᠋ᠭᠣᠯᠴᠤᠳ ᠤᠨ ᠲᠤᠭᠤᠷᠭ᠎ᠠ ᠲᠤᠰᠠᠭᠠᠷ ᠤᠯᠤᠰ ᠢᠶᠠᠨ ᠰᠡᠷᠭᠦᠭᠡᠨ ᠪᠠᠢᠢᠭᠤᠯᠬᠤ ᠭᠡᠰᠡᠨ ᠣᠯᠠᠨ ᠵᠢᠯ ᠦᠨ ᠮᠣᠬᠣᠰᠢ ᠦᠭᠡᠢ ᠬᠦᠰᠡᠯ᠂ ᠲᠤᠭᠤᠤᠱᠢᠲᠠᠢ ᠲᠡᠮᠡᠴᠡᠯ ᠦᠨ ᠪᠡᠶᠡᠯᠡᠯ᠂ ᠦᠨᠳᠦᠰᠦᠲᠡᠨ ᠦ ᠤᠬᠠᠮᠰᠠᠷ ᠤᠨ ᠰᠡᠷᠭᠦᠯᠲᠡ᠂ ᠠᠷᠠᠳ ᠤᠨ ᠬᠤᠪᠢᠰᠬᠠᠯ ᠤᠨ ᠦᠨᠳᠦᠰᠦ ᠰᠠᠭᠤᠷᠢ ᠪᠣᠯᠤᠭᠰᠠᠨ ᠲᠡᠦᠬᠡ ᠲᠡᠢ᠃

ᠡᠨᠡᠬᠦ ᠲᠡᠦᠬᠡᠨ ᠦᠢᠯᠡ ᠬᠡᠷᠡᠭ ᠪᠣᠯ ᠨᠣᠶᠠᠳ ᠢᠵᠠᠭᠤᠷᠲᠠᠨ᠂ ᠪᠯᠠᠮ᠎ᠠ ᠬᠤᠸᠠᠷᠠᠭ᠂ ᠡᠭᠡᠯ ᠠᠷᠠᠳ ᠪᠦᠬᠦ ᠨᠡᠢᠢᠲᠡ ᠪᠡᠷ ᠢᠶᠡᠨ ᠡᠬᠡ ᠣᠷᠣᠨᠴᠢ ᠦᠵᠡᠯ ᠢᠶᠡᠷ ᠡᠪᠯᠡᠯᠳᠦᠨ ᠨᠢᠭᠡᠳᠦᠭᠰᠡᠨ ᠦᠨᠳᠦᠰᠦᠨ ᠦ ᠡᠪ ᠨᠢᠭᠡᠳᠦᠯ ᠦᠨ ᠬᠦᠴᠦ ᠪᠠᠢᠢᠭᠰᠠᠨ ᠶᠤᠮ᠃

ᠲᠤᠰᠠᠭᠠᠷ ᠲᠣᠭᠲᠠᠨᠢᠯ ᠤᠨ ᠲᠦᠯᠦᠭᠡ ᠬᠢ ᠮᠣᠬᠣᠰᠢ ᠦᠭᠡᠢ ᠲᠡᠮᠡᠴᠡᠯ ᠠᠷᠪᠠᠨ ᠭᠤᠷᠪᠠᠨ ᠵᠢᠯ ᠦᠨ ᠲᠤᠷᠰᠢᠳᠠ ᠵᠣᠭᠰᠣᠯᠲᠠ ᠦᠭᠡᠢ ᠦᠷᠭᠦᠯᠵᠢᠯᠡᠭᠰᠡᠨ ᠦ ᠦᠷ᠎ᠡ ᠳ᠋ᠦᠡᠭ ᠳᠥ 1921 ᠣᠨ ᠤ 7 ᠳ᠋ᠤᠭᠠᠷ ᠰᠠᠷ᠎ᠠ ᠢᠢᠨ 11  ᠳᠥ ᠠᠷᠠᠳ ᠤᠨ ᠬᠤᠪᠢᠰᠬᠠᠯ ᠢᠯᠠᠵᠤ᠂ 1924 ᠣᠨ ᠤ 11 ᠳ᠋ᠦᠭᠡᠷ ᠰᠠᠷ᠎ᠠ ᠢᠢᠨ 26  ᠤ ᠡᠳᠦᠷ ᠠᠩᠬᠠᠳᠤᠭᠠᠷ ᠦᠨᠳᠦᠰᠦᠨ ᠬᠠᠤᠯᠢ ᠪᠠᠨ ᠪᠠᠲᠤᠯᠠᠵᠤ᠂ ᠬᠠᠭᠠᠨᠲᠤ ᠵᠠᠰᠠᠭ᠂ ᠬᠠᠮᠵᠢᠯᠭᠠᠲᠤ ᠶᠣᠰᠣ ᠢᠢ ᠬᠠᠯᠠᠵᠤ᠂ ᠬᠠᠷᠢ ᠢᠢᠨ ᠡᠵᠡᠯᠡᠨ ᠲᠦᠷᠢᠮᠡᠭᠡᠢᠢᠯᠡᠭᠴᠢᠳ ᠢ ᠦᠯᠡᠳᠡᠨ ᠬᠥᠭᠡᠭᠡᠵᠦ᠂ ᠲᠤᠰᠠᠭᠠᠷ ᠲᠣᠭᠲᠠᠨᠢᠭᠰᠠᠨ ᠪᠦᠭᠦᠳᠡ ᠨᠠᠢᠢᠷᠠᠮᠳᠠᠬᠤ ᠮᠣᠩ᠋ᠭᠣᠯ ᠠᠷᠠᠳ ᠤᠯᠤᠰ ᠢ ᠪᠠᠢᠢᠭᠤᠯᠤᠭᠰᠠᠨ ᠲᠡᠦᠬᠡ ᠲᠡᠢ᠃

《ᠣᠯᠠᠨ᠎ᠠ ᠡᠷᠭᠦᠭ᠍ᠳᠡᠭᠰᠡᠨ ᠦ ᠲᠡᠷᠢᠭᠦᠨ ᠣᠨ》 ᠬᠡᠮᠡᠨ ᠲᠣᠭᠲᠠᠭᠠᠭᠰᠠᠨ ᠡᠨᠡ ᠦᠶᠡᠰ ᠪᠢᠳᠡᠨ ᠦ ᠡᠪᠦᠭᠡ ᠳᠡᠭᠡᠳᠦᠰ ᠡᠬᠡ ᠣᠷᠣᠨ ᠤ ᠪᠠᠨ ᠲᠤᠰᠠᠭᠠᠷ ᠲᠣᠭᠲᠠᠨᠢᠯ ᠢ ᠪᠠᠲᠤᠳᠬᠠᠨ᠂ ᠳᠡᠯᠡᠬᠡᠢ ᠳᠠᠬᠢᠨ ᠳᠤ ᠬᠦᠯᠢᠶᠡᠨ ᠵᠥᠪᠰᠢᠶᠡᠷᠡᠭᠦᠯᠬᠦ ᠢᠢᠨ ᠲᠥᠯᠥᠭᠡ ᠣᠯᠠᠨ ᠰᠣᠷᠢᠯᠲᠠ ᠪᠡᠷᠬᠡᠰᠢᠶᠡᠯ᠂ ᠳᠠᠢᠢᠨ ᠲᠤᠯᠤᠭᠠᠨ ᠢ ᠳᠠᠪᠠᠨ ᠲᠤᠭᠤᠯᠵᠤ᠂ ᠬᠠᠭᠠᠰ ᠵᠠᠭᠤᠨ ᠵᠢᠯ ᠲᠤᠭᠤᠤᠱᠢᠲᠠᠢ ᠲᠡᠮᠡᠴᠡᠭᠰᠡᠨ ᠦ ᠦᠷ᠎ᠡ ᠳ᠋ᠦᠡᠭ ᠳᠥ 1961 ᠣᠨ ᠳᠤ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠳᠥ ᠪᠦᠷᠢᠨ ᠡᠷᠬᠡᠲᠦ ᠭᠡᠰᠢᠭᠦᠨ ᠢᠶᠡᠷ ᠡᠯᠰᠡᠵᠦ᠂ ᠠᠯᠲᠠᠨ ᠰᠤᠶᠤᠮᠪᠤᠳᠤ ᠲᠥᠷᠥ ᠢᠢᠨ ᠳᠠᠯᠪᠠᠭ᠎ᠠ ᠢᠢ ᠪᠠᠨ ᠳᠡᠯᠡᠬᠡᠢ ᠢᠢᠨ ᠲᠠᠪᠴᠢᠡᠡ᠌᠌᠋᠋ ᠳᠤ ᠮᠠᠨᠳᠤᠭᠤᠯᠤᠭᠰᠠᠨ ᠪᠢᠯᠡ᠃

1911 ᠣᠨ ᠤ ᠦᠨᠳᠦᠰᠦᠨ ᠦ ᠡᠷᠬᠡ ᠴᠢᠯᠦᠭᠡᠨ ᠦ ᠬᠥᠳᠡᠯᠭᠡᠭᠡᠨ᠂ 1921 ᠣᠨ ᠤ ᠠᠷᠠᠳ ᠤᠨ ᠬᠤᠪᠢᠰᠬᠠᠯ᠂ 1939 ᠣᠨ ᠤ ᠬᠠᠯᠬ᠎ᠠ ᠭᠣᠣᠯ ᠤᠨ ᠳᠠᠢᠢᠨ᠂ 1945 ᠣᠨ ᠤ ᠴᠢᠯᠦᠭᠡᠯᠡᠬᠦ ᠳᠠᠢᠢᠨ᠂ ᠲᠤᠰᠠᠭᠠᠷ ᠲᠣᠭᠲᠠᠨᠢᠯ ᠤᠨ ᠲᠦᠯᠦᠭᠡ ᠬᠢ ᠪᠦᠬᠦ ᠠᠷᠠᠳ ᠲᠦᠮᠡᠨ ᠦ ᠰᠠᠨᠠᠯ ᠬᠤᠷᠢᠶᠠᠯᠲᠠ᠂ 1961 ᠣᠨ ᠳᠤ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠳᠥ ᠭᠡᠰᠢᠭᠦᠨ ᠢᠶᠡᠷ ᠡᠯᠰᠡᠭᠰᠡᠨ᠂ 1990  ᠊ᠭᠡᠳ ᠣᠨ ᠤ ᠠᠷᠠᠳᠴᠢᠯᠠᠭᠰᠠᠨ ᠥᠭᠡᠷᠡᠴᠢᠯᠡᠯᠲᠡ ᠰᠢᠨᠡᠴᠢᠯᠡᠯᠲᠡ ᠵᠡᠷᠭᠡ ᠰᠡᠭᠦᠯ ᠦᠨ ᠬᠣᠶᠠᠷ ᠵᠢᠷᠠᠨ ᠳᠤ ᠲᠣᠬᠢᠶᠠᠯᠳᠤᠭᠰᠠᠨ ᠮᠠᠨ ᠤ ᠤᠯᠤᠰ ᠤᠨ ᠨᠡᠢᠢᠭᠡᠮ᠂ ᠡᠳ᠋  ᠦᠨ ᠵᠠᠰᠠᠭ᠂ ᠤᠯᠤᠰ ᠲᠥᠷᠥ᠂ ᠣᠶᠤᠨ ᠰᠠᠨᠠᠭᠠᠨ ᠤ ᠭᠠᠢᠢᠬᠠᠮᠰᠢᠭᠲᠤ ᠥᠭᠡᠷᠡᠴᠢᠯᠡᠯᠲᠡ ᠨᠦᠭᠦᠳ ᠨᠢ ᠠᠭᠤᠤ ᠲᠡᠦᠬᠡᠲᠦ ᠮᠣᠩ᠋ᠭᠣᠯ ᠤᠨ ᠠᠷᠠᠳ ᠲᠦᠮᠡᠨ ᠦ ᠢᠵᠠᠭᠤᠷ ᠡᠷᠬᠡ ᠠᠰᠢᠭ᠂ ᠦᠨᠳᠦᠰᠦᠨ ᠦ ᠡᠪ ᠨᠢᠭᠡᠳᠦᠯ᠂ ᠬᠠᠮᠲᠤ ᠢᠢᠨ ᠬᠦᠴᠤ ᠪᠡᠷ ᠰᠡᠷᠭᠦᠨ ᠮᠠᠨᠳᠤᠭᠰᠠᠨ ᠦᠨᠳᠦᠰᠦᠨ ᠦ ᠠᠷᠠᠳᠴᠢᠯᠠᠭᠰᠠᠨ ᠦᠵᠡᠯ ᠰᠠᠨᠠᠭᠠᠨ ᠤ ᠨᠢᠭᠡᠳᠦᠯ᠂ ᠢᠯᠠᠯᠲᠠ ᠪᠠᠢᠢᠭᠰᠠᠨ ᠢ ᠡᠨᠡᠬᠦ ᠲᠡᠦᠬᠡᠲᠦ ᠣᠢ ᠢᠢᠨ ᠪᠠᠶᠠᠷ ᠤᠨ ᠡᠳᠦᠷ ᠲᠡᠮᠳᠡᠭᠯᠡᠨ ᠬᠡᠯᠡᠬᠦ ᠳᠥ ᠰᠠᠢᠢᠬᠠᠨ ᠪᠠᠢᠢᠨ᠎ᠠ᠃

ᠡᠷᠬᠢᠮ ᠬᠦᠨᠳᠦᠳᠦ ᠠᠷᠠᠳ ᠢᠷᠭᠡᠳ ᠡ᠂

ᠨᠢᠭᠡᠨ ᠴᠠᠭ ᠲᠤ ᠳᠡᠯᠡᠬᠡᠢ ᠢᠢᠨ ᠲᠠᠯ᠎ᠠ ᠢᠢ ᠡᠵᠡᠯᠡᠨ ᠲᠣᠬᠣᠨᠢᠭᠤᠯᠵᠤ᠂ ᠮᠣᠩ᠋ᠭᠣᠯ ᠤᠨ ᠶᠡᠬᠡ ᠠᠮᠤᠷ ᠠᠮᠤᠭᠤᠯᠠᠩ ᠢ ᠲᠣᠭᠲᠠᠭᠠᠵᠤ ᠶᠠᠪᠤᠭᠰᠠᠨ ᠮᠣᠩ᠋ᠭᠣᠯᠴᠤᠳ ᠤᠨ ᠰᠡᠷᠭᠦᠨ ᠮᠠᠨᠳᠤᠬᠤ ᠦᠨᠳᠦᠰᠦ ᠢᠢ ᠲᠠᠯᠪᠢᠭᠰᠠᠨ ᠡᠨᠡᠬᠦ 1911 ᠣᠨ ᠤ ᠦᠨᠳᠦᠰᠦᠨ ᠦ ᠡᠷᠬᠡ ᠴᠢᠯᠦᠭᠡᠨ ᠦ ᠬᠤᠪᠢᠰᠬᠠᠯ ᠪᠣᠯ ᠲᠦᠷᠦᠳᠦ ᠶᠣᠰᠣᠨ ᠤ ᠥᠨᠢ ᠡᠷᠲᠡᠨ ᠦ ᠥᠪ ᠤᠯᠠᠮᠵᠢᠯᠠᠯ ᠲᠠᠢ ᠮᠣᠩ᠋ᠭᠣᠯ ᠦᠨᠳᠦᠰᠦᠲᠡᠨ ᠦ ᠱᠠᠰᠲᠢᠷ ᠲᠡᠦᠬᠡᠨ ᠳᠦ ᠲᠡᠮᠳᠡᠭᠯᠡᠭᠳᠡᠭᠰᠡᠨ᠂ ᠦᠶ᠎ᠡ ᠢᠢᠨ ᠦᠶ᠎ᠡ ᠳᠦ ᠪᠦᠬᠦ ᠨᠡᠢᠢᠲᠡ ᠪᠡᠷ ᠢᠶᠡᠨ ᠪᠠᠬᠠᠷᠬᠠᠨ ᠳᠤᠷᠠᠰᠴᠤ᠂ ᠪᠠᠶᠠᠷᠯᠠᠨ ᠲᠡᠮᠳᠡᠭᠯᠡᠪᠡᠯ ᠵᠣᠬᠢᠬᠤ ᠲᠡᠦᠬᠡᠨ ᠦᠢᠯᠡ ᠶᠠᠪᠤᠳᠠᠯ ᠮᠥᠨ᠃

ᠲᠡᠢᠢᠮᠦ ᠡᠴᠡ ᠵᠢᠯ ᠪᠦᠷᠢ ᠢᠢᠨ 12 ᠳ᠋ᠤᠭᠠᠷ ᠰᠠᠷ᠎ᠠ ᠢᠢᠨ 29  ᠦ ᠡᠨᠡ ᠡᠳᠦᠷ ᠢ ᠦᠨᠳᠦᠰᠦᠨ ᠦ ᠪᠠᠶᠠᠷ ᠪᠣᠯᠭᠠᠨ ᠲᠡᠮᠳᠡᠭᠯᠡᠵᠦ ᠪᠠᠢᠢᠬᠤ ᠰᠢᠢᠳᠪᠦᠷᠢ 2006 ᠣᠨ ᠳᠤ ᠭᠠᠷᠴᠤ᠂ ᠤᠯᠠᠮ ᠢᠶᠠᠷ 2011 ᠣᠨ ᠠᠴᠠ ᠨᠡᠢᠢᠲᠡ ᠪᠡᠷ ᠲᠡᠮᠳᠡᠭᠯᠡᠬᠦ ᠪᠠᠶᠠᠷ᠂ ᠠᠮᠠᠷᠠᠯᠲᠠ ᠢᠢᠨ ᠡᠳᠦᠷ ᠪᠣᠯᠭᠠᠭᠰᠠᠨ ᠪᠢᠯᠡ᠃

ᠲᠡᠦᠬᠡᠨ᠂ ᠪᠠᠶᠠᠷ ᠲᠤ ᠡᠨᠡ ᠡᠳᠦᠷ ᠴᠠᠭᠠᠭᠴᠢᠨ ᠭᠠᠬᠠᠢ ᠵᠢᠯ ᠦᠨ ᠬᠤᠪᠢᠰᠬᠠᠯ ᠳᠤ ᠮᠠᠩᠯᠠᠢᠢᠯᠠᠨ ᠣᠷᠣᠯᠴᠠᠭᠰᠠᠨ ᠨᠠᠢᠢᠮᠠᠳᠤᠭᠠᠷ ᠪᠣᠭᠳᠠ ᠵᠢᠪᠵᠤᠩᠳᠠᠮᠪᠠ ᠬᠤᠲᠤᠭᠲᠤ᠂ ᠰᠠᠢᠢᠨ ᠨᠣᠶᠠᠨ ᠬᠠᠨ ᠲᠡᠭᠦᠰ-ᠣᠴᠢᠷ ᠤᠨ ᠨᠠᠮᠨᠠᠨᠰᠦ᠋ᠷᠦᠩ᠂ ᠴᠢᠨ ᠸᠠᠩ ᠮᠢᠵᠢᠳᠳᠣᠷᠵᠢ ᠢᠢᠨ ᠬᠠᠨᠳᠤᠳᠣᠷᠵᠢ᠂ ᠳ᠋ᠠ ᠪᠯᠠᠮ᠎ᠠ ᠭᠣᠮᠪᠣ ᠢᠢᠨ ᠴᠡᠷᠡᠡᠭᠴᠢᠮᠡᠳ᠂ ᠬᠠᠲᠠᠨ ᠪᠠᠭᠠᠲᠤᠷ ᠰᠠᠨᠳᠤᠭᠳᠣᠷᠵᠢ ᠢᠢᠨ ᠮᠠᠭᠰᠤᠷᠵᠠᠪ᠂ ᠲᠦᠰᠢᠶ᠎ᠡ ᠬᠦᠡᠭ ᠭᠠᠳᠢᠨᠪᠠᠯ ᠤᠨ ᠴᠠᠭᠳᠠᠷᠵᠠᠪ᠂ ᠮᠠᠩᠯᠠᠢ ᠪᠠᠭᠠᠲᠤᠷ ᠵᠠᠮᠰᠠᠷᠠᠩ ᠤᠨ ᠳᠠᠮᠳᠢᠨᠰᠦ᠋ᠷᠦᠩ᠂ ᠤᠯᠤᠰ ᠲᠤ ᠲᠤᠰᠠᠯᠠᠭᠴᠢ ᠭᠦᠨ ᠪᠠᠶᠠᠨᠲᠡᠮᠦᠷ᠎ ᠢᠢᠨ ᠬᠠᠢᠢᠰᠠᠩ ᠲᠡᠷᠢᠭᠦᠲᠡᠢ ᠨᠡᠢᠢᠭᠡᠮ᠂ ᠤᠯᠤᠰ ᠲᠥᠷᠥ᠂ ᠱᠠᠰᠢᠨ᠂ ᠴᠡᠷᠢᠭ ᠦᠨ ᠨᠡᠷᠡᠲᠦ ᠵᠢᠳᠬᠦᠯᠲᠡᠨ ᠨᠦᠭᠦᠳ᠂ ᠴᠤᠤᠲᠠᠢ ᠡᠬᠡ ᠣᠷᠣᠨᠴᠢᠳ ᠢᠶᠠᠨ ᠡᠷᠭᠢᠨ ᠳᠤᠷᠠᠰᠴᠤ᠂ ᠭᠠᠪᠢᠶ᠎ᠠ ᠵᠢᠳᠬᠦᠯ ᠢ ᠨᠢ ᠠᠯᠳᠠᠷᠰᠢᠭᠤᠯᠵᠤ᠂ ᠦᠢᠯᠡ ᠬᠡᠷᠡᠭ ᠢ ᠨᠢ ᠮᠥᠩᠬᠡᠵᠢᠭᠦᠯᠬᠦ ᠨᠢ ᠦᠷ᠎ᠡ ᠬᠣᠢᠢᠴᠢ ᠪᠢᠳᠡᠨ ᠦ ᠡᠷᠬᠢᠮ ᠡᠭᠦᠷᠭᠡ ᠶᠤᠮ᠃

ᠡᠪᠦᠭᠡ ᠳᠡᠭᠡᠳᠦᠰ ᠡᠴᠡ ᠥᠪᠯᠡᠭᠦᠯᠦᠨ ᠦᠯᠡᠳᠡᠭᠡᠭ᠍ᠰᠡᠨ᠂ ᠲᠤᠰᠠᠭᠠᠷ ᠲᠣᠭᠲᠠᠨᠢᠭᠰᠠᠨ᠂ ᠪᠦᠷᠢᠨ ᠡᠷᠬᠡᠲᠦ᠂ ᠪᠦᠭᠦᠳᠡ ᠨᠠᠢᠢᠷᠠᠮᠳᠠᠬᠤ ᠤᠯᠤᠰ ᠢ ᠪᠠᠲᠤᠳᠬᠠᠨ ᠪᠡᠬᠢᠵᠢᠭᠦᠯᠵᠦ᠂ ᠬᠦᠴᠦᠷᠬᠢᠡᠡ᠋᠋᠌᠍ ᠮᠣᠩ᠋ᠭᠣᠯ ᠤᠯᠤᠰ ᠪᠣᠯᠭᠠᠨ ᠦᠷ᠎ᠡ ᠬᠣᠢᠢᠴᠢ ᠳᠤ ᠪᠠᠨ ᠥᠪᠯᠡᠭᠦᠯᠦᠨ ᠦᠯᠡᠳᠡᠭᠡᠬᠦ ᠨᠢ ᠥᠨᠥ ᠢᠢᠨ ᠪᠢᠳᠡᠨ ᠦ ᠡᠷᠬᠢᠮ ᠵᠣᠷᠢᠯᠭ᠎ᠠ ᠪᠢᠯᠡ᠃

ᠮᠣᠩ᠋ᠭᠣᠯ ᠲᠥᠷᠥ ᠢᠢᠨ ᠡᠷᠬᠢᠮ ᠲᠦᠰᠢᠶᠡᠳ ᠡ᠄

ᠥᠩᠭᠡᠷᠡᠭᠰᠡᠨ ᠵᠠᠭᠤᠨ ᠤ ᠲᠡᠦᠬᠡ ᠢᠢ ᠲᠣᠪᠴᠢᠯᠠᠵᠤ ᠬᠡᠯᠡᠪᠡᠯ᠂ ᠪᠢᠳᠡᠨ ᠦ ᠡᠪᠦᠭᠡ ᠳᠡᠭᠡᠳᠦᠰ ᠪᠦᠭᠦᠳᠡ ᠨᠠᠢᠢᠷᠠᠮᠳᠠᠬᠤ ᠤᠯᠤᠰ ᠢᠶᠠᠨ ᠲᠤᠩᠬᠠᠭᠯᠠᠵᠤ᠂ ᠲᠤᠰᠠᠭᠠᠷ ᠲᠣᠭᠲᠠᠨᠢᠯ ᠢᠶᠠᠨ ᠵᠠᠷᠯᠠᠨ᠂ ᠳᠠᠶᠠᠩ ᠳᠡᠯᠡᠬᠡᠢ ᠳᠥ ᠮᠣᠩ᠋ᠭᠣᠯ ᠬᠡᠮᠡᠬᠦ ᠤᠯᠤᠰ ᠢ ᠬᠦᠯᠢᠶᠡᠨ ᠵᠥᠪᠰᠢᠶᠡᠷᠡᠭᠦᠯᠵᠦ᠂ ᠡᠬᠡ ᠣᠷᠣᠨ ᠢᠶᠠᠨ ᠣᠷᠴᠢᠨ ᠦᠶ᠎ᠡ ᠢᠢᠨ ᠬᠥᠭ᠍ᠵᠢᠯᠲᠡᠢ ᠤᠯᠤᠰ ᠪᠣᠯᠭᠠᠨ ᠬᠥᠭ᠍ᠵᠢᠭᠦᠯᠵᠦ ᠴᠢᠳᠠᠭᠰᠠᠨ ᠨᠢ ᠾᠢᠦᠩᠨᠦ ᠭᠦᠷᠦᠨ ᠡᠴᠡ ᠥᠪᠯᠡᠭᠦᠯᠦᠭᠰᠡᠨ ᠶᠡᠬᠡ ᠮᠣᠩ᠋ᠭᠣᠯ ᠤᠯᠤᠰ ᠤᠨ ᠲᠤᠯᠭ᠎ᠠ ᠢᠢᠨ ᠭᠠᠯ ᠢ ᠰᠡᠷᠭᠦᠭᠡᠨ ᠪᠠᠳᠠᠷᠠᠭᠠᠭᠰᠠᠨ ᠠᠭᠤᠤ ᠶᠡᠬᠡ ᠦᠢᠯᠡ ᠬᠡᠷᠡᠭ᠂ ᠬᠡᠵᠢᠶ᠎ᠡ ᠴᠤ ᠮᠠᠷᠲᠠᠵᠤ ᠦᠯᠦ ᠪᠣᠯᠬᠤ ᠲᠡᠦᠬᠡᠨ ᠭᠠᠪᠢᠶ᠎ᠠ ᠶᠤᠮ᠃

ᠲᠤᠰᠠᠭᠠᠷ ᠲᠣᠭᠲᠠᠨᠢᠯ᠂ ᠪᠦᠷᠢᠨ ᠡᠷᠬᠡᠲᠦ ᠪᠠᠢᠢᠳᠠᠯ ᠨᠢ ᠵᠥᠪᠬᠡᠨ ᠭᠠᠵᠠᠷ ᠨᠤᠲᠤᠭ᠂ ᠬᠢᠯᠢ ᠬᠢᠵᠠᠭᠠᠷ ᠤᠨ ᠠᠶᠤᠯ ᠦᠭᠡᠢ ᠪᠠᠢᠢᠳᠠᠯ ᠢᠶᠠᠷ ᠬᠢᠵᠠᠭᠠᠷᠯᠠᠭᠳᠠᠬᠤ ᠦᠭᠡᠢ ᠡ᠃

ᠰᠢᠨ᠎ᠡ ᠵᠠᠭᠤᠨ ᠳᠤ ᠤᠯᠤᠰ ᠣᠷᠣᠨ ᠤ ᠪᠠᠨ ᠡᠳ᠋ ᠦᠨ ᠵᠠᠰᠠᠭ ᠤᠨ ᠠᠶᠤᠯ ᠦᠭᠡᠢ ᠪᠠᠢᠢᠳᠠᠯ ᠢ ᠪᠡᠬᠢᠵᠢᠭᠦᠯᠵᠦ᠂ ᠲᠤᠰᠠᠭᠠᠷ ᠲᠣᠭᠲᠠᠨᠢᠯ᠂ ᠪᠦᠷᠢᠨ ᠡᠷᠬᠡᠲᠦ ᠪᠠᠢᠢᠳᠠᠯ ᠢᠶᠠᠨ ᠤᠯᠠᠮ ᠪᠠᠲᠤᠳᠬᠠᠬᠤ ᠱᠠᠭᠠᠷᠳᠠᠯᠭ᠎ᠠ ᠲᠠᠢ ᠪᠠᠢᠢᠨ᠎ᠠ᠃

ᠡᠩ ᠲᠡᠷᠢᠭᠦᠨ ᠳᠥ ᠳᠡᠯᠡᠬᠡᠢ ᠨᠡᠢᠢᠲᠡ ᠳᠥ ᠲᠣᠬᠢᠶᠠᠯᠳᠤᠭᠠᠳ ᠪᠤᠢ ᠴᠠᠷ᠎ᠠ ᠲᠠᠬᠤᠯ ᠤᠨ ᠡᠰᠡᠷᠭᠦ ᠠᠪᠬᠤ ᠠᠷᠭ᠎ᠠ ᠬᠡᠮᠵᠢᠶ᠎ᠡ ᠪᠡᠨ ᠤᠯᠠᠮ ᠰᠠᠢᠢᠵᠢᠷᠠᠭᠤᠯᠵᠤ᠂ ᠠᠷᠠᠳ ᠢᠷᠭᠡᠳ ᠦᠨ ᠢᠶᠡᠨ ᠠᠮᠢ ᠨᠠᠰᠤ᠂ ᠡᠷᠡᠭᠦᠯ ᠮᠡᠨᠳᠦ ᠢᠢ ᠬᠠᠮᠠᠭᠠᠯᠠᠵᠤ᠂ ᠤᠯᠤᠰ ᠣᠷᠣᠨ ᠤ ᠪᠠᠨ ᠡᠳ᠋ ᠦᠨ ᠵᠠᠰᠠᠭ ᠢ ᠰᠡᠷᠭᠦᠭᠡᠨ᠂ ᠬᠣᠬᠢᠷᠠᠯ ᠪᠠᠭ᠎ᠠ ᠲᠠᠢ ᠳᠠᠪᠠᠨ ᠲᠤᠭᠤᠯᠬᠤ ᠳᠤ ᠣᠨᠤᠴᠤᠭᠠᠢ ᠠᠩᠬᠠᠷᠬᠤ ᠶᠣᠰᠣᠲᠠᠢ᠃

ᠡᠳ᠋ ᠦᠨ ᠵᠠᠰᠠᠭ ᠤᠨ ᠲᠤᠰᠠᠭᠠᠷ ᠲᠣᠭᠲᠠᠨᠢᠯ᠂ ᠠᠶᠤᠯ ᠦᠭᠡᠢ ᠪᠠᠢᠢᠳᠠᠯ ᠢ ᠬᠠᠩᠭ᠋ᠠᠬᠤ ᠶᠡᠬᠡ ᠦᠢᠯᠡᠰ ᠦᠨ ᠡᠬᠢᠯᠡᠯ ᠪᠣᠯ《ᠬᠠᠯᠠᠮᠵᠢ ᠠᠴᠠ ᠬᠥᠳᠡᠯᠮᠦᠷᠢ ᠲᠥ᠂ ᠤᠯᠭᠤᠪᠤᠷᠢᠯᠠᠯᠳᠠ ᠠᠴᠠ ᠪᠣᠯᠪᠠᠰᠤᠷᠠᠭᠤᠯᠤᠯᠲᠠ ᠳᠤ᠂ ᠢᠮᠫᠣᠷᠲ ᠠᠴᠠ ᠡᠺᠰᠫᠦᠷᠲ  ᠳᠥ ᠰᠢᠯᠵᠢᠬᠦ ᠵᠡᠷᠭᠡ ᠰᠠᠭᠤᠷᠢ ᠷᠸᠹᠤᠷᠠᠮ ᠤᠳ ᠢ ᠬᠡᠷᠡᠭᠵᠢᠭᠦᠯᠬᠦ ᠶᠠᠪᠤᠳᠠᠯ ᠶᠤᠮ᠃

ᠡᠨᠡ ᠬᠦᠷᠢᠶᠡᠨ ᠳᠥ ᠮᠣᠩ᠋ᠭᠣᠯ ᠲᠥᠷᠥ ᠢᠢᠨ ᠲᠡᠷᠢᠭᠦᠨ ᠦ ᠳᠡᠪᠰᠢᠭᠦᠯᠦᠭᠰᠡᠨ《100 ᠵᠢᠯ – 10 ᠵᠣᠷᠢᠯᠲᠠ》 ᠬᠥᠭ᠍ᠵᠢᠯ ᠦᠨ ᠰᠠᠨᠠᠭᠠᠴᠢᠯᠠᠭ᠎ᠠ ᠢᠢ ᠬᠡᠷᠡᠭᠵᠢᠭᠦᠯᠬᠦ ᠳᠥ ᠣᠨᠤᠴᠤᠭᠠᠢ ᠠᠩᠬᠠᠷᠴᠤ ᠠᠵᠢᠯᠯᠠᠬᠤ ᠨᠢ ᠵᠦᠢᠲᠡᠢ ᠭᠡᠵᠦ ᠦᠵᠡᠵᠦ ᠪᠠᠢᠢᠨ᠎ᠠ᠃ ᠡᠭᠦᠨ ᠳᠥ᠄

ᠡᠬᠡ ᠣᠷᠣᠨ ᠢᠶᠠᠨ ᠡᠷᠴᠢᠮ ᠬᠦᠴᠦᠨ ᠦ ᠨᠠᠢᠢᠳᠠᠪᠤᠷᠢᠲᠠᠢ ᠡᠬᠡ ᠡᠭᠦᠰᠪᠦᠷᠢ ᠪᠡᠷ ᠬᠠᠩᠭ᠋ᠠᠵᠤ᠂ ᠴᠠᠭᠠᠰᠢᠯᠠᠪᠠᠯ ᠡᠷᠴᠢᠮ ᠬᠦᠴᠦ ᠡᠺᠰᠫᠣᠷᠲ᠋ᠯᠤᠭᠴᠢ ᠤᠯᠤᠰ ᠪᠣᠯᠬᠤ᠂ ᠭᠠᠵᠠᠷ ᠤᠨ ᠲᠣᠰᠤᠨ ᠤ ᠪᠦᠲᠦᠭᠡᠭᠳᠡᠬᠦᠨ᠂ ᠲᠦᠯᠡᠰᠢ ᠰᠢᠲᠠᠬᠤᠨ ᠢᠶᠠᠨ ᠡᠬᠡ ᠣᠷᠣᠨ ᠳᠤ ᠪᠠᠨ ᠦᠢᠯᠡᠳᠪᠦᠷᠢᠯᠡᠵᠦ᠂ ᠨᠧᠹᠲ ᠬᠢᠮᠢ ᠢᠢᠨ ᠠᠵᠤ ᠦᠢᠯᠡᠳᠪᠦᠷᠢᠯᠡᠯ ᠢ ᠬᠥᠭ᠍ᠵᠢᠭᠦᠯᠬᠦ᠂ ᠬᠦᠨᠡᠰᠦᠨ ᠦ ᠪᠦᠲᠦᠭᠡᠭ᠍ᠳᠡᠬᠦᠨ ᠢᠶᠡᠷ ᠳᠣᠲᠣᠭᠠᠳᠤ ᠢᠢᠨ ᠬᠡᠷᠡᠭᠴᠡᠭᠡ ᠪᠡᠨ ᠪᠦᠷᠢᠨ ᠬᠠᠩᠭ᠋ᠠᠵᠤ᠂ ᠮᠠᠯ ᠠᠵᠤ ᠠᠬᠤᠢ᠂ ᠭᠠᠵᠠᠷ ᠲᠠᠷᠢᠶᠠᠯᠠᠩ ᠪᠠᠨ ᠡᠷᠴᠢᠮᠵᠢᠭᠦᠯᠦᠨ ᠬᠥᠭ᠍ᠵᠢᠭᠦᠯᠵᠦ᠂ ᠪᠥᠰᠡ ᠨᠤᠲᠤᠭ ᠲᠤ ᠪᠠᠨ ᠣᠷᠭᠠᠨᠢᠺ ᠬᠦᠨᠡᠰᠦ ᠡᠺᠰᠫᠣᠷᠲ᠋ᠯᠤᠠᠠᠴᠢ ᠣᠷᠣᠨ ᠪᠣᠯᠬᠤ᠃
ᠬᠦᠨᠳᠦ ᠪᠠ ᠬᠥᠩᠭᠡᠨ ᠦᠢᠯᠡᠳᠪᠦᠷᠢ ᠨᠦᠭᠦᠳ ᠢ ᠪᠠᠷᠢᠵᠤ ᠪᠠᠢᠢᠭᠤᠯᠤᠨ᠂ ᠠᠯᠲᠠ᠂ ᠵᠡᠰ᠂ ᠲᠡᠮᠦᠷ᠂ ᠨᠡᠭᠦᠷᠡᠰᠦ ᠪᠣᠯᠤᠨ ᠪᠤᠰᠤᠳ ᠪᠠᠢᠭᠠᠯᠢ ᠤᠨ ᠪᠠᠶᠠᠯᠢᠭ᠂ ᠮᠠᠯ ᠤᠨ ᠭᠠᠷᠤᠯ ᠲᠠᠢ ᠲᠦᠭᠦᠬᠡᠢ ᠡᠳ᠋  ᠢᠶᠡᠨ ᠡᠴᠦᠰ ᠦᠨ ᠪᠦᠲᠦᠭᠡᠭ᠍ᠳᠡᠬᠦᠨ ᠪᠣᠯᠭᠠᠨ ᠪᠣᠯᠪᠠᠰᠤᠷᠠᠭᠤᠯᠳᠠᠭ ᠠᠵᠤ ᠦᠢᠯᠡᠳᠪᠦᠷᠵᠢᠭᠰᠡᠨ ᠡᠺᠰᠫᠣᠷᠲ᠋ᠯᠤᠭᠴᠢ ᠣᠷᠣᠨ ᠪᠣᠯᠬᠤ᠃
ᠠᠦ᠋ᠲ᠋ᠣ᠋ ᠵᠠᠮ᠂ ᠲᠡᠮᠦᠷ ᠵᠠᠮ᠂ ᠠᠭᠠᠷ ᠤᠨ ᠲᠡᠭᠡᠭᠡᠪᠦᠷᠢ᠂ ᠪᠠᠢᠭᠠᠯᠢ ᠢᠢᠨ ᠬᠡᠢ ᠢᠢᠨ ᠬᠣᠭᠣᠯᠠᠢ ᠵᠡᠷᠭᠡ ᠳᠡᠳ᠋ ᠪᠦᠲᠦᠴᠡ ᠢᠢᠨ ᠦᠨᠳᠦᠰᠦᠨ ᠦ ᠰᠦᠯᠵᠢᠶ᠎ᠡ ᠢᠢ ᠪᠠᠷᠢᠵᠤ ᠪᠠᠢᠢᠭᠤᠯᠤᠨ᠂ ᠬᠡᠪᠲᠡᠭᠡ ᠪᠣᠯᠤᠨ ᠪᠣᠰᠤᠭ᠎ᠠ ᠲᠡᠩᠬᠡᠯᠢᠢᠡ᠋᠋᠌᠍᠎ ᠢ ᠬᠣᠯᠪᠣᠭᠰᠠᠨ ᠲᠡᠭᠡᠭᠡᠪᠦᠷᠢ ᠯᠤᠵᠢᠰᠲ᠋ᠢᠺ ᠤᠨ ᠨᠢᠭᠡᠳᠦᠭᠰᠡᠨ ᠰᠦᠯᠵᠢᠶ᠎ᠡ ᠪᠤᠢ ᠪᠣᠯᠭᠠᠵᠤ᠂ ᠣᠯᠠᠨ ᠤᠯᠤᠰ ᠤᠨ ᠪᠣᠯᠤᠨ ᠪᠥᠰᠡ ᠨᠤᠲᠤᠭ ᠤᠨ ᠰᠦᠯᠵᠢᠶᠡᠨ ᠳᠥ ᠬᠤᠯᠪᠤᠬᠤ ᠵᠠᠮ ᠢᠶᠠᠷ 《ᠲᠷᠠᠨᠽᠢᠲ ᠮᠣᠩ᠋ᠭᠣᠯ ᠤᠯᠤᠰ》 ᠪᠣᠯᠵᠤ ᠬᠥᠭ᠍ᠵᠢᠬᠦ᠃
ᠠᠵᠤ ᠦᠢᠯᠡᠳᠪᠦᠷᠢ ᠢᠢᠨ 4 ᠳ᠋ᠦᠭᠡᠷ ᠬᠤᠪᠢᠰᠬᠠᠯ ᠤᠨ ᠴᠥᠮ ᠲᠧᠭᠨᠣᠯᠣᠭᠢ ᠪᠣᠯᠬᠤ ᠬᠢᠮᠡᠯ ᠣᠶᠤᠨ ᠤᠬᠠᠭᠠᠨ᠂ ᠪᠯᠣᠺᠴᠡᠢᠢᠢᠨ᠂ ᠷᠣᠪᠣᠲ᠂ ᠶᠠᠭᠤᠮᠠᠰ ᠤᠨ ᠢᠨᠲ᠋ᠧᠷᠨᠡᠲ᠂ ᠶᠡᠬᠡ ᠥᠭ᠍ᠭᠥᠭᠳᠡᠯ ᠢ ᠨᠡᠪᠲᠡᠷᠡᠭᠦᠯᠵᠦ᠂ ᠢᠨᠣᠸᠠᠼ ᠰᠢᠩᠭᠡᠭ᠍ᠰᠡᠨ ᠦᠢᠯᠡᠳᠪᠦᠷᠢᠯᠡᠯ ᠢ ᠬᠥᠭ᠍ᠵᠢᠭᠦᠯᠦᠨ ᠴᠠᠬᠢᠮ ᠦᠨᠳᠦᠰᠦᠲᠡᠨ᠂ ᠳ᠋ᠢᠵᠢᠲ᠋ᠠᠯ ᠮᠣᠩ᠋ᠭᠣᠯ ᠪᠣᠯᠬᠤ᠃
ᠤᠨᠠᠭᠠᠨ ᠪᠠᠢᠢᠭᠠᠯᠢ᠂ ᠨᠡᠭᠦᠳᠡᠯᠴᠢᠳ ᠦᠨ ᠥᠪ ᠰᠤᠶᠤᠯ᠂ ᠵᠠᠩ ᠵᠠᠩᠰᠢᠯ᠂ ᠲᠡᠦᠬᠡ᠂ ᠤᠯᠠᠮᠵᠢᠯᠠᠯ ᠳᠤ ᠲᠦᠰᠢᠭᠯᠡᠭᠰᠡᠨ ᠰᠤᠶᠤᠯ ᠤᠨ ᠪᠦᠲᠦᠭᠡᠯᠴᠢ ᠦᠢᠯᠡᠳᠪᠦᠷᠢᠯᠡᠯ᠂ ᠲᠡᠦᠬᠡᠨ ᠪᠣᠯᠤᠨ ᠪᠠᠢᠭᠠᠯᠢ  ᠢᠢᠨ ᠠᠶᠠᠯᠠᠯ ᠵᠢᠭᠤᠯᠴᠢᠯᠠᠯ ᠢ ᠬᠥᠭ᠍ᠵᠢᠭᠦᠯᠦᠨ᠂ ᠡᠳ᠋ ᠦᠨ ᠵᠠᠰᠠᠭ ᠤᠨ ᠲᠡᠷᠢᠭᠦᠯᠡᠬᠦ ᠰᠠᠯᠪᠤᠷᠢ ᠪᠣᠯᠭᠠᠬᠤ᠃
ᠪᠠᠩᠬᠢ᠂ ᠰᠠᠩᠬᠦᠦ ᠢᠢᠨ ᠪᠣᠯᠤᠨ ᠬᠥᠷᠥᠩᠭᠡ ᠢᠢᠨ ᠵᠠᠬ᠎ᠠ ᠵᠡᠭᠡᠯᠢ ᠢᠢ ᠬᠥᠭ᠍ᠵᠢᠭᠦᠯᠵᠦ᠂ ᠤᠬᠠᠭᠠᠯᠢᠭ ᠰᠢᠰᠲ᠋ᠧᠮ ᠢ ᠨᠡᠪᠲᠡᠷᠡᠭᠦᠯᠦᠨ᠂ ᠣᠯᠠᠨ ᠤᠯᠤᠰ ᠤᠨ ᠬᠤᠳᠠᠯᠳᠤᠭ᠎ᠠ᠂ ᠬᠥᠷᠥᠩᠭᠡ ᠣᠷᠣᠭᠤᠯᠤᠯᠲᠠ ᠢᠢᠨ ᠢᠳᠡᠪᠬᠢᠲᠡᠢ ᠲᠣᠭᠯᠠᠭᠴᠢ ᠪᠣᠯᠵᠤ᠂ ᠮᠣᠩ᠋ᠭᠣᠯ ᠤᠯᠤᠰ ᠪᠥᠰᠡ ᠨᠤᠲᠤᠭ ᠤᠨ ᠰᠠᠩᠬᠦᠦ᠂ ᠬᠥᠷᠥᠩᠭᠡ ᠣᠷᠣᠭᠤᠯᠤᠯᠲᠠ ᠢᠢᠨ ᠰᠢᠨ᠎ᠡ ᠲᠥᠪ ᠪᠣᠯᠬᠤ᠃
ᠣᠷᠣᠨ ᠵᠠᠢ ᠢᠢᠨ ᠣᠨᠣᠪᠴᠢᠲᠠᠢ ᠪᠦᠲᠦᠴᠡ᠂ ᠨᠤᠲᠤᠭᠰᠢᠯᠲᠠ ᠰᠠᠭᠤᠷᠢᠰᠢᠯ ᠤᠨ ᠵᠥᠪ ᠲᠣᠭᠲᠠᠯᠴᠠᠭ᠎ᠠ ᠲᠠᠢ᠂ ᠮᠧᠲ᠋ᠷᠣᠫᠣᠯᠢᠲ᠋ᠠᠨ ᠬᠣᠲᠠ ᠨᠤᠭᠤᠳ ᠢ ᠬᠥᠭ᠍ᠵᠢᠭᠦᠯᠵᠦ᠂ ᠬᠣᠲᠠ ᠬᠥᠳᠡᠭᠡ ᠢᠢᠨ ᠬᠥᠭ᠍ᠵᠢᠯ ᠢ ᠬᠤᠷᠳᠤᠰᠬᠠᠨ᠂ ᠤᠯᠤᠰ ᠣᠷᠣᠨ ᠢᠶᠠᠨ ᠪᠥᠰᠡᠴᠢᠯᠡᠨ ᠬᠥᠭ᠍ᠵᠢᠭᠦᠯᠬᠦ᠃
ᠡᠬᠡ ᠳᠡᠯᠡᠬᠡᠢ ᠪᠡᠨ ᠰᠢᠲᠦᠨ ᠬᠠᠢᠢᠷᠠᠯᠠᠳᠠᠭ ᠬᠦᠮᠦᠨ ᠠᠷᠠᠳ ᠲᠠᠢ᠂ ᠡᠺᠣᠯᠣᠭᠢ ᠤᠨ ᠲᠡᠩᠴᠡᠪᠦᠷᠢᠲᠦ ᠪᠠᠢᠢᠳᠠᠯ ᠢ ᠬᠠᠳᠠᠭᠠᠯᠠᠨ ᠬᠠᠮᠠᠭᠠᠯᠠᠳᠠᠭ ᠲᠥᠷᠥ ᠵᠠᠰᠠᠭ ᠲᠠᠢ 《ᠨᠣᠭᠣᠭᠠᠨ ᠮᠣᠩ᠋ᠭᠣᠯ》 ᠪᠣᠯᠬᠤ ᠵᠡᠷᠭᠡ ᠵᠣᠷᠢᠯᠲᠠ ᠨᠤᠭᠤᠳ ᠪᠣᠯᠤᠨ᠎ᠠ᠃
ᠡᠳᠡᠭᠡᠷ ᠵᠣᠷᠢᠯᠲᠠ ᠨᠤᠭᠤᠳ ᠢ ᠠᠮᠵᠢᠯᠲᠠ ᠲᠠᠢ ᠬᠡᠷᠡᠭᠵᠢᠭᠦᠯᠦᠭᠰᠡᠨ ᠢᠶᠡᠷ ᠮᠣᠩ᠋ᠭᠣᠯ ᠤᠯᠤᠰ ᠬᠦᠴᠦᠷᠬᠢᠡᠡ᠋᠋᠌᠍ ᠡᠳ᠋ ᠦᠨ ᠵᠠᠰᠠᠭ ᠲᠠᠢ᠂ ᠬᠥᠭ᠍ᠵᠢᠩᠭᠦᠢ ᠤᠯᠤᠰ ᠪᠣᠯᠵᠤ ᠴᠢᠳᠠᠨ᠎ᠠ ᠭᠡᠵᠦ ᠦᠵᠡᠵᠦ ᠪᠠᠢᠢᠨ᠎ᠠ᠃

ᠡᠢᠢᠮᠦ ᠡᠴᠡ ᠤᠯᠤᠰ ᠤᠨ ᠶᠡᠬᠡ ᠬᠤᠷᠠᠯ᠂ ᠵᠠᠰᠠᠭ ᠤᠨ ᠭᠠᠵᠠᠷ ᠡᠨᠡᠬᠦ ᠵᠣᠷᠢᠯᠲᠠ ᠢᠢ ᠬᠠᠩᠭ᠋ᠠᠨ ᠬᠡᠷᠡᠭᠵᠢᠭᠦᠯᠬᠦ ᠳᠥ ᠣᠨᠤᠴᠤᠭᠠᠢᠢᠯᠠᠨ ᠠᠩᠬᠠᠷᠴᠤ᠂ ᠪᠣᠳᠣᠯᠭ᠎ᠠ ᠵᠣᠷᠢᠯᠲᠠ ᠪᠠᠨ ᠵᠥᠪ ᠲᠣᠳᠣᠷᠬᠠᠢᠢᠯᠠᠵᠤ᠂ ᠡᠷᠬᠡ ᠵᠦᠢ ᠢᠢᠨ ᠪᠣᠯᠤᠨ ᠡᠳ᠋  ᠦᠨ ᠵᠠᠰᠠᠭ ᠤᠨ ᠰᠢᠨᠡᠴᠢᠯᠡᠯ ᠢ ᠴᠠᠭ ᠠᠯᠳᠠᠯ ᠦᠭᠡᠢ ᠬᠢᠬᠦ ᠶᠣᠰᠣᠲᠠᠢ᠃

ᠨᠡᠩ ᠢᠯᠠᠩᠭ᠋ᠤᠶ᠎ᠠ ᠡᠳ᠋ ᠦᠨ ᠵᠠᠰᠠᠭ ᠤᠨ ᠳᠠᠷᠬᠠᠯᠠᠭ᠎ᠠ ᠢᠢ ᠪᠠᠨ ᠰᠠᠢᠢᠵᠢᠷᠠᠭᠤᠯᠵᠤ᠂ ᠡᠮᠵᠡᠭ ᠪᠠᠢᠢᠳᠠᠯ ᠢᠶᠠᠨ ᠪᠠᠭᠤᠷᠠᠭᠤᠯᠬᠤ ᠨᠡᠩ ᠬᠠᠷᠢᠭᠤᠴᠠᠯᠭ᠎ᠠ ᠲᠠᠢ ᠣᠨ ᠵᠢᠯ ᠦᠳ ᠮᠣᠩ᠋ᠭᠣᠯᠴᠤᠳ ᠪᠢᠳᠡᠨ ᠢ ᠬᠦᠯᠢᠶᠡᠵᠦ ᠪᠠᠢᠢᠨ᠎ᠠ᠃

ᠡᠨᠡ ᠬᠦᠷᠢᠶᠡᠨ ᠳᠥ ᠰᠡᠭᠦᠯ ᠦᠨ ᠵᠢᠯ ᠦᠳ ᠲᠥ ᠲᠠ ᠪᠢᠳᠡ ᠬᠠᠮᠲᠤ ᠳᠤ ᠪᠠᠨ ᠡᠬᠢᠯᠡᠭᠦᠯᠦᠭᠰᠡᠨ ᠭᠠᠵᠠᠷ ᠤᠨ ᠲᠣᠰᠤᠨ ᠤ ᠦᠢᠯᠡᠳᠪᠦᠷᠢ᠂ ᠭᠠᠡᠩ ᠤᠨ ᠦᠢᠯᠡᠳᠪᠦᠷᠢ᠂ ᠪᠠᠢᠭᠠᠯᠢ ᠤᠨ ᠬᠡᠢ ᠢᠢᠨ ᠬᠣᠭᠣᠯᠠᠢ᠂ ᠴᠡᠪᠡᠷᠯᠡᠬᠦ ᠪᠠᠢᠢᠭᠤᠯᠤᠮᠵᠢ᠂ ᠰᠠᠷᠠᠯ ᠤᠰᠤᠨ ᠤ ᠦᠢᠯᠡᠳᠪᠦᠷᠢ᠂ ᠰᠠᠢᠢᠵᠢᠷᠠᠭᠤᠯᠤᠭᠰᠠᠨ ᠲᠦᠯᠡᠰᠢᠨ ᠦ ᠦᠢᠯᠡᠳᠪᠦᠷᠢ᠂ ᠰᠢᠨ᠎ᠡ ᠨᠢᠰᠬᠦ ᠣᠩᠭ᠋ᠣᠴᠠᠨ ᠤ ᠪᠠᠭᠤᠳᠠᠯ᠂ ᠡᠷᠴᠢᠮ ᠬᠦᠴᠦ᠂ ᠳᠡᠳ᠋ ᠪᠦᠲᠦᠴᠡ᠂ ᠠᠦ᠋ᠲ᠋ᠣ᠋ ᠵᠠᠮ᠂ ᠲᠡᠮᠦᠷ ᠵᠠᠮ ᠤᠨ ᠰᠠᠯᠪᠤᠷᠢ ᠲᠤ ᠬᠢᠭ᠍ᠳᠡᠵᠦ ᠪᠤᠢ ᠰᠲ᠋ᠠᠷᠠᠲ᠋ᠢᠺᠢ ᠢᠢᠨ ᠰᠢᠨᠵᠢ ᠴᠢᠨᠠᠷ ᠲᠠᠢ ᠲᠣᠮᠣᠬᠠᠨ ᠪᠦᠲᠦᠭᠡᠨ ᠪᠠᠢᠢᠭᠤᠯᠤᠯᠲᠠ ᠢᠢᠨ ᠠᠵᠢᠯ ᠤᠳ ᠢ ᠡᠷᠴᠢᠮᠵᠢᠭᠦᠯᠵᠦ᠂ ᠪᠣᠳᠠᠲᠤ ᠦᠷ᠎ᠡ ᠳ᠋ᠦᠡᠭ ᠢ ᠨᠢ ᠦᠵᠡᠬᠦ ᠱᠠᠭᠠᠷᠳᠠᠯᠭ᠎ᠠ ᠲᠠᠢ ᠪᠠᠢᠢᠨ᠎ᠠ᠃

ᠵᠠᠰᠠᠭ ᠤᠨ ᠭᠠᠵᠠᠷ ᠠᠴᠠ ᠳᠡᠪᠰᠢᠭᠦᠯᠵᠦ ᠪᠤᠢ 6 ᠪᠠᠭᠴᠠ ᠵᠣᠷᠢᠯᠲᠠ ᠪᠦᠬᠦᠢ 《ᠰᠢᠨ᠎ᠡ ᠰᠡᠷᠭᠦᠯᠲᠡ ᠢᠢᠨ ᠪᠣᠳᠣᠯᠭ᠎ᠠ》 ᠴᠤ ᠮᠣᠩ᠋ᠭᠣᠯ ᠲᠥᠷᠥ ᠢᠢᠨ ᠲᠡᠷᠢᠭᠦᠨ ᠦ ᠳᠡᠪᠰᠢᠭᠦᠯᠦᠭᠰᠡᠨ ᠬᠥᠭ᠍ᠵᠢᠯ ᠦᠨ 10 ᠰᠠᠨᠠᠭᠠᠴᠢᠯᠠᠭ᠎ᠠ ᠲᠠᠢ ᠨᠡᠢᠢᠴᠡᠵᠦ ᠪᠤᠢ ᠢᠢ ᠪᠢ ᠡᠨᠳᠡ ᠵᠣᠷᠢᠭᠤᠳᠠ ᠴᠣᠬᠣᠨ ᠲᠡᠮᠳᠡᠭᠯᠡᠬᠦ ᠢᠢ ᠬᠦᠰᠡᠵᠦ ᠪᠠᠢᠢᠨ᠎ᠠ᠃

ᠳᠡᠭᠡᠷᠡᠬᠢ ᠲᠣᠮᠣᠬᠠᠨ ᠵᠣᠷᠢᠯᠲᠠ ᠪᠣᠳᠣᠯᠭ᠎ᠠ ᠢᠢ ᠬᠡᠷᠡᠭᠵᠢᠭᠦᠯᠬᠦ ᠳᠥ ᠭᠠᠳᠠᠭᠠᠳᠤ ᠬᠠᠷᠢᠯᠴᠠᠭ᠎ᠠ ᠬᠠᠮᠲᠤ ᠢᠢᠨ ᠠᠵᠢᠯᠯᠠᠭ᠎ᠠ ᠴᠢᠬᠤᠯᠠ ᠪᠥᠭᠡᠳ ᠬᠥᠷᠰᠢ ᠣᠷᠣᠨ ᠨᠤᠭᠤᠳ ᠪᠣᠯᠤᠨ ᠣᠯᠠᠨ ᠤᠯᠤᠰ ᠤᠨ ᠲᠦᠪᠰᠢᠨ ᠳᠥ ᠬᠠᠷᠢᠯᠴᠠᠨ ᠠᠰᠢᠭᠲᠠᠢ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠬᠦ ᠳᠥ ᠤᠯᠤᠰ ᠤᠨ ᠶᠡᠬᠡ ᠬᠤᠷᠠᠯ᠂ ᠵᠠᠰᠠᠭ ᠤᠨ ᠭᠠᠵᠠᠷ ᠣᠨᠤᠴᠤᠭᠠᠢ ᠠᠩᠬᠠᠷᠤᠨ ᠠᠵᠢᠯᠯᠠᠬᠤ ᠢᠢ ᠬᠦᠰᠡᠵᠦ ᠪᠠᠢᠢᠨ᠎ᠠ᠃

ᠡᠨᠡ ᠴᠢᠭᠯᠡᠯ ᠳᠥ ᠮᠣᠩ᠋ᠭᠣᠯ ᠤᠯᠤᠰ ᠤᠨ ᠶᠡᠷᠦᠩᠬᠡᠢᠢᠯᠡᠭᠴᠢ ᠪᠦᠬᠦ ᠲᠠᠯ᠎ᠠ ᠪᠠᠷ ᠳᠡᠮᠵᠢᠵᠦ᠂ ᠬᠠᠮᠲᠤᠷᠠᠨ ᠠᠵᠢᠯᠯᠠᠬᠤ ᠪᠣᠯᠤᠨ᠎ᠠ᠃
ᠡᠷᠬᠢᠮ ᠬᠦᠨᠳᠦᠳᠦ ᠠᠷᠠᠳ ᠢᠷᠭᠡᠳ ᠡ᠄

ᠥᠨᠥᠳᠥᠷ ᠳᠡᠯᠡᠬᠡᠢ ᠶᠢᠷᠲᠢᠨᠴᠦ ᠢᠢᠨ ᠡᠮᠦᠨ᠎ᠡ ᠲᠤᠯᠭᠠᠷᠠᠭᠠᠳ ᠪᠤᠢ ᠬᠠᠮᠤᠭ ᠤᠨ ᠲᠣᠮᠣ ᠠᠶᠤᠯ ᠪᠣᠯ ᠬᠦᠮᠦᠨ ᠲᠥᠷᠥᠯᠬᠢᠲᠡᠨ ᠦ ᠣᠷᠣᠰᠢᠨ ᠲᠣᠭᠲᠠᠨᠢᠬᠤ ᠡᠰᠡᠬᠦ ᠪᠤᠶᠤ ᠠᠭᠤᠷ ᠠᠮᠢᠰᠬᠤᠯ ᠤᠨ ᠥᠭᠡᠷᠡᠴᠢᠯᠡᠯᠲᠡ ᠢᠢᠨ ᠠᠰᠠᠭᠤᠳᠠᠯ ᠪᠣᠯᠤᠯ᠎ᠠ᠃

ᠬᠦᠮᠦᠨ ᠲᠥᠷᠥᠯᠬᠢᠲᠡᠨ ᠳᠡᠯᠡᠬᠡᠢ ᠢᠢᠨ ᠡᠳ᠋ ᠦᠨ ᠵᠠᠰᠠᠭ ᠤᠨ ᠬᠢᠮᠤᠷᠠᠯ᠂ ᠠᠯᠢᠪᠠ ᠨᠢᠭᠡ ᠳᠠᠢᠢᠨ ᠳᠠᠵᠢᠨ᠂ ᠴᠠᠷ᠎ᠠ ᠲᠠᠬᠤᠯ ᠢ ᠳᠠᠪᠠᠨ ᠲᠤᠭᠤᠯᠤᠭᠰᠠᠭᠠᠷ ᠢᠷᠡᠭᠰᠡᠨ᠃

ᠬᠠᠷᠢᠨ ᠰᠡᠭᠦᠯ ᠦᠨ ᠵᠢᠯ ᠦᠳ ᠳᠥ ᠡᠭᠦᠰᠦᠭᠡᠳ ᠪᠤᠢ ᠠᠭᠤᠷ ᠠᠮᠢᠰᠬᠤᠯ ᠤᠨ ᠥᠭᠡᠷᠡᠴᠢᠯᠡᠯᠲᠡ᠂ ᠴᠥᠯᠵᠢᠯᠲᠡ᠂ ᠭᠠᠵᠠᠷ ᠤᠨ ᠳᠣᠷᠣᠢᠢᠲᠠᠯ ᠨᠢ ᠣᠯᠠᠨ ᠰᠠᠶ᠎ᠠ ᠵᠢᠯ ᠦᠨ ᠲᠤᠷᠰᠢᠳᠠ ᠪᠥᠷᠢᠯᠳᠦᠨ ᠪᠤᠢ ᠪᠣᠯᠤᠭᠰᠠᠨ ᠪᠠᠢᠢᠭᠠᠯᠢ ᠡᠺᠣᠯᠣᠭᠢ ᠤᠨ ᠲᠡᠩᠴᠡᠪᠦᠷᠢᠲᠦ ᠪᠠᠢᠢᠳᠠᠯ ᠢ ᠠᠯᠳᠠᠭᠳᠠᠭᠤᠯᠵᠤ᠂ ᠬᠦᠮᠦᠨ ᠲᠥᠷᠥᠯᠬᠢᠲᠡᠨ ᠦ ᠣᠳᠣ ᠪᠠ ᠢᠷᠡᠭᠡᠳᠦᠢ ᠳᠥ ᠪᠣᠳᠠᠲᠤ ᠡᠷᠦᠰᠳᠡᠯ ᠤᠴᠠᠷᠠᠭᠤᠯᠵᠤ ᠪᠠᠢᠢᠨ᠎ᠠ᠃

ᠬᠦᠮᠦᠨ ᠲᠥᠷᠥᠯᠬᠢᠲᠡᠨ ᠺᠥᠸᠢᠳ᠋-19 ᠴᠠᠷ᠎ᠠ ᠲᠠᠬᠤᠯ ᠢ ᠳᠠᠪᠠᠨ ᠲᠤᠭᠤᠯᠬᠤ ᠠᠮᠤᠷ ᠦᠭᠡᠢ ᠬᠦᠨᠳᠦ ᠰᠣᠷᠢᠯᠲᠠ ᠲᠠᠢ ᠲᠡᠮᠡᠴᠡᠵᠦ ᠪᠠᠢᠢᠭ᠎ᠠ ᠬᠡᠳᠦᠢ ᠴᠤ ᠪᠠᠢᠢᠭᠠᠯᠢ ᠳᠡᠯᠡᠬᠡᠢ ᠪᠡᠨ ᠬᠠᠮᠠᠭᠠᠯᠠᠬᠤ᠂ ᠨᠣᠭᠣᠭᠠᠨ ᠬᠥᠭ᠍ᠵᠢᠯ ᠦᠨ ᠵᠣᠷᠢᠯᠲᠠ ᠪᠠᠨ ᠬᠣᠢᠢᠰᠢ ᠲᠠᠯᠪᠢᠯ ᠦᠭᠡᠢ ᠪᠡᠷ ᠤᠯᠠᠮ ᠡᠷᠴᠢᠮᠵᠢᠭᠦᠯᠵᠦ᠂ ᠦᠵᠡᠯ ᠰᠠᠨᠠᠭ᠎ᠠ᠂ ᠠᠷᠭ᠎ᠠ ᠪᠠᠷᠢᠯ ᠢᠶᠠᠨ ᠥᠭᠡᠷᠡᠴᠢᠯᠡᠨ᠂ ᠪᠠᠢᠢᠭᠠᠯᠢ ᠡᠺᠣᠯᠣᠭᠢ᠂ ᠰᠠᠪᠠ ᠰᠢᠮ᠎ᠡ ᠶᠢᠷᠲᠢᠨᠴᠦ ᠢᠢᠨ ᠲᠡᠡᠭᠴᠡᠪᠤᠷᠢ ᠲᠠᠢ ᠪᠠᠢᠢᠳᠠᠯ ᠢ ᠬᠠᠩᠭ᠋ᠠᠬᠤ ᠳᠤ ᠣᠨᠤᠴᠤᠭᠠᠢ ᠠᠩᠬᠠᠷᠴᠤ ᠪᠠᠢᠢᠨ᠎ᠠ᠃

ᠮᠣᠩ᠋ᠭᠣᠯ ᠤᠯᠤᠰ ᠤᠨ ᠠᠭᠠᠷ ᠤᠨ ᠳᠤᠮᠳᠠᠴᠢ ᠬᠡᠮ ᠰᠡᠭᠦᠯ ᠦᠨ 80 ᠵᠢᠯ ᠳᠥ 2.2 ᠬᠡᠮ ᠢᠶᠡᠷ ᠳᠤᠯᠠᠭᠠᠷᠠᠭᠰᠠᠨ ᠨᠢ ᠳᠡᠯᠡᠬᠡᠢ ᠢᠢᠨ ᠳᠤᠮᠳᠠᠴᠢ ᠠᠴᠠ ᠳᠠᠷᠤᠢ 2 ᠳᠠᠬᠢᠨ ᠥᠨᠳᠥᠷ ᠪᠠᠢᠢᠨ᠎ᠠ᠃ ᠲᠡᠷᠡᠴᠢᠯᠡᠨ ᠮᠠᠨ ᠤ ᠨᠡᠢᠢᠲᠡ ᠭᠠᠵᠠᠷ ᠨᠤᠲᠤᠭ ᠤᠨ 76.9 ᠬᠤᠪᠢ ᠨᠢ ᠶᠠᠮᠠᠷ ᠨᠢᠭᠡᠨ ᠪᠠᠢᠢᠳᠠᠯ ᠢᠶᠠᠷ ᠴᠦᠯᠵᠢᠯᠳᠠᠡ ᠳᠤ ᠦᠷᠳᠡᠭᠰᠡᠡ᠂ ᠢᠯᠠᠩᠭ᠋ᠤᠶ᠎ᠠ 45.4 ᠬᠤᠪᠢ ᠪᠤᠶᠤ ᠨᠡᠢᠢᠲᠡ ᠭᠠᠵᠠᠷ ᠨᠤᠲᠤᠭ ᠤᠨ ᠲᠡᠩ ᠬᠠᠭᠠᠰ ᠨᠢ ᠬᠦᠨᠳᠦ ᠪᠣᠯᠤᠨ ᠨᠡᠩ ᠬᠦᠨᠳᠦ ᠬᠡᠯᠪᠡᠷᠢ ᠢᠢᠨ ᠴᠥᠯᠵᠢᠯᠲᠡ ᠲᠡᠢ ᠪᠠᠢᠢᠭ᠎ᠠ ᠨᠢ ᠲᠤᠢᠢᠯ ᠤᠨ ᠰᠡᠳᠬᠢᠯ ᠡᠮᠵᠡᠭᠯᠡᠭᠦᠯᠦᠭᠰᠡᠨ ᠠᠰᠠᠭᠤᠳᠠᠯ ᠪᠣᠯᠤᠭᠠᠳ ᠪᠠᠢᠢᠨ᠎ᠠ᠃

ᠡᠳᠡᠭᠡᠷ ᠠᠰᠠᠭᠤᠳᠠᠯ ᠨᠢ ᠵᠥᠪᠬᠡᠨ ᠮᠠᠨ ᠤ ᠤᠯᠤᠰ ᠲᠤ ᠲᠡᠳᠦᠢ ᠦᠭᠡᠢ ᠪᠥᠰᠡ ᠨᠤᠲᠤᠭ ᠤᠨ ᠡᠺᠣᠯᠣᠭ ᠤᠨ ᠲᠡᠩᠴᠡᠪᠦᠷᠢᠲᠦ ᠪᠠᠢᠢᠳᠠᠯ ᠳᠤ ᠰᠥᠷᠬᠦ ᠨᠥᠯᠦᠭᠡᠯᠡᠵᠦ ᠪᠠᠢᠢᠭ᠎ᠠ  ᠢᠢ ᠡᠷᠳᠡᠮᠲᠡᠨ ᠰᠤᠳᠤᠯᠤᠭᠠᠴᠢᠳ ᠬᠡᠯᠡᠵᠦ ᠪᠠᠢᠢᠭ᠎ᠠ᠃

ᠬᠥᠷᠥᠰᠥ ᠪᠡᠨ ᠠᠯᠠᠳᠠᠨ᠎ᠠ ᠭᠡᠳᠡᠭ ᠪᠣᠯ ᠲᠤᠰᠠᠭᠠᠷ ᠲᠣᠭᠲᠠᠨᠢᠯ ᠢᠶᠠᠨ ᠠᠯᠳᠠᠵᠤ ᠪᠠᠢᠢᠭ᠎ᠠ ᠲᠠᠢ ᠤᠳᠬ᠎ᠠ ᠨᠢᠭᠡ᠃ ᠡᠨᠡ ᠪᠣᠯ ᠮᠣᠩ᠋ᠭᠣᠯ ᠤᠯᠤᠰ ᠤᠨ ᠦᠨᠳᠦᠰᠦᠨ ᠦ ᠠᠶᠤᠯ ᠦᠭᠡᠢ ᠪᠠᠢᠢᠳᠠᠯ ᠲᠠᠢ ᠰᠢᠭᠤᠳ ᠬᠣᠯᠪᠣᠭ᠎ᠠ ᠲᠠᠢ ᠠᠰᠠᠭᠤᠳᠠᠯ᠃

ᠮᠣᠩ᠋ᠭᠣᠯᠴᠤᠳ ᠪᠢᠳᠡ ᠠᠮᠢᠳᠤᠷᠠᠯ ᠤᠨ ᠡᠬᠢ ᠤᠰᠤ᠂ ᠤᠰᠤᠨ ᠡᠬᠢ ᠤ ᠮᠣᠳᠣ ᠭᠡᠵᠦ ᠶᠠᠷᠢᠳᠠᠭ᠃

ᠡᠢᠢᠮᠦ ᠡᠴᠡ ᠮᠣᠩ᠋ᠭᠣᠯ ᠤᠯᠤᠰ ᠤᠨ ᠶᠡᠷᠦᠩᠬᠡᠢᠢᠯᠡᠭᠴᠢ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠶᠡᠨᠳᠡᠷ ᠡᠴᠡ ᠮᠣᠩ᠋ᠭᠣᠯ ᠤᠯᠤᠰ 2030 ᠣᠨ ᠭᠡᠬᠦ ᠳᠥ ᠲᠡᠷᠪᠤᠮ ᠢᠶᠠᠷ ᠲᠣᠭᠠᠯᠠᠭᠳᠠᠬᠤ ᠮᠣᠳᠣ ᠲᠠᠷᠢᠵᠤ᠂ ᠤᠷᠭᠤᠭᠤᠯᠬᠤ ᠵᠣᠷᠢᠯᠲᠠ ᠢᠢ ᠳᠡᠪᠰᠢᠭᠦᠯᠵᠦ ᠪᠤᠢ ᠢ ᠪᠠᠨ ᠮᠡᠳᠡᠭᠳᠡᠭᠰᠡᠨ ᠪᠥᠭᠡᠳ 《ᠲᠡᠷᠪᠤᠮ ᠮᠣᠳᠣ》 ᠦᠨᠳᠦᠰᠦᠨ ᠦ ᠬᠥᠳᠡᠯᠭᠡᠭᠡᠨ ᠢ ᠤᠯᠤᠰ ᠣᠷᠣᠨ ᠳᠤ ᠪᠠᠨ ᠡᠬᠢᠯᠡᠭᠦᠯᠦᠭᠰᠡᠨ᠃

ᠡᠬᠡ ᠣᠷᠣᠨ ᠳᠤ ᠪᠠᠨ ᠮᠣᠳᠣ ᠲᠠᠷᠢᠵᠤ ᠤᠷᠭᠤᠭᠤᠯᠬᠤ ᠶᠡᠬᠡ ᠦᠢᠯᠡᠰ ᠲᠥ ᠮᠣᠩ᠋ᠭᠣᠯ ᠬᠦᠮᠦᠨ ᠪᠦᠷᠢ ᠭᠠᠷ ᠪᠡᠶ᠎ᠡ᠂ ᠰᠡᠳᠬᠢᠯ ᠵᠢᠷᠦᠬᠡ ᠪᠡᠷ ᠢᠶᠡᠨ ᠤᠷᠤᠯᠴᠠᠬᠤ ᠤᠴᠢᠷᠲᠠᠢ᠃

ᠡᠬᠡ ᠪᠠᠢᠢᠭᠠᠯᠢ ᠪᠠᠨ ᠬᠠᠢᠢᠷᠠᠯᠠᠵᠤ ᠥᠰᠦᠭᠰᠡᠨ ᠬᠦᠮᠦᠨ ᠤᠯᠤᠰ ᠣᠷᠣᠨ ᠢᠶᠠᠨ ᠬᠠᠢᠢᠷᠠᠯᠠᠬᠤ ᠵᠥᠪ ᠰᠡᠳᠬᠢᠯ ᠲᠡᠢ ᠢᠷᠭᠡᠨ ᠪᠣᠯᠤᠨ ᠲᠥᠯᠥᠪᠰᠢᠬᠦ ᠨᠢ ᠳᠠᠮᠵᠢᠭ ᠦᠭᠡᠢ᠃

《ᠲᠡᠷᠪᠤᠮ ᠮᠣᠳᠣ》 ᠦᠨᠳᠦᠰᠦᠨ ᠦ ᠬᠥᠳᠡᠯᠭᠡᠭᠡᠨ ᠨᠢ ᠮᠣᠳᠣ ᠲᠠᠷᠢᠵᠤ᠂ ᠤᠷᠭᠤᠭᠤᠯᠬᠤ᠂ ᠬᠠᠮᠠᠭᠠᠯᠠᠬᠤ ᠠᠴᠠ ᠭᠠᠳᠠᠨ᠎ᠠ ᠠᠭᠤᠷ ᠠᠮᠢᠰᠬᠤᠯ ᠤᠨ ᠥᠭᠡᠷᠡᠴᠢᠯᠡᠯᠲᠡ᠂ ᠴᠥᠯᠵᠢᠯᠲᠡ ᠲᠡᠢ ᠡᠳ᠋  ᠦᠨ ᠵᠠᠰᠠᠭ ᠤᠨ ᠵᠥᠪ ᠬᠥᠰᠢᠭᠦᠷᠭᠡ ᠠᠰᠢᠭᠯᠠᠨ ᠲᠡᠮᠡᠴᠡᠬᠦ᠂ ᠠᠵᠢᠯ ᠤᠨ ᠪᠠᠢᠢᠷᠢ ᠢᠢ ᠨᠡᠮᠡᠭᠳᠡᠭᠦᠯᠬᠦ᠂ ᠶᠠᠳᠠᠭᠤᠷᠠᠯ ᠢ ᠪᠠᠭᠤᠷᠠᠭᠤᠯᠬᠤ᠂ ᠬᠥᠳᠡᠭᠡ ᠠᠵᠤ ᠠᠬᠤᠢ ᠢᠢ ᠬᠥᠭ᠍ᠵᠢᠭᠦᠯᠬᠦ᠂ ᠬᠦᠨᠡᠰᠦᠨ ᠦ ᠬᠠᠩᠭ᠋ᠠᠮᠵᠢ ᠢᠢ ᠰᠠᠢᠢᠵᠢᠷᠠᠭᠤᠯᠬᠤ ᠳᠤ ᠲᠤᠰᠠᠲᠠᠢ ᠲᠡᠳᠦᠢ ᠦᠭᠡᠢ ᠢᠷᠭᠡᠳ ᠦᠨ ᠡᠷᠡᠭᠦᠯ᠂ ᠠᠶᠤᠯ ᠦᠭᠡᠢ ᠠᠮᠢᠳᠤᠷᠠᠬᠤ ᠣᠷᠴᠢᠨ ᠢ ᠪᠤᠢ ᠪᠣᠯᠭᠠᠬᠤ᠂ ᠬᠦᠨᠡᠰᠦᠨ ᠦ ᠠᠶᠤᠯ ᠦᠭᠡᠢ ᠪᠠᠢᠢᠳᠠᠯ ᠢ ᠬᠠᠩᠭ᠋ᠠᠬᠤ ᠵᠡᠷᠭᠡ ᠥᠨᠥ ᠪᠣᠯᠤᠨ ᠢᠷᠡᠭᠡᠳᠦᠢ ᠬᠣᠢᠢᠴᠢ ᠦᠶ᠎ᠡ ᠢᠢᠨ ᠬᠢᠨ ᠦ ᠰᠠᠢᠢᠨ ᠰᠠᠢᠢᠬᠠᠨ ᠤ ᠲᠥᠯᠥᠭᠡ ᠡᠶᠡᠷᠡᠭ ᠣᠯᠠᠨ ᠦᠷ᠎ᠡ ᠳ᠋ᠦᠡᠭ ᠢ ᠳᠠᠭᠠᠭᠤᠯᠬᠤ ᠪᠣᠯᠤᠨ᠎ᠠ᠃

ᠨᠥᠭᠥᠭᠡ ᠲᠠᠯ᠎ᠠ ᠪᠠᠷ ᠮᠣᠩ᠋ᠭᠣᠯ ᠤᠯᠤᠰ ᠤᠨ ᠲᠤᠰᠠᠭᠠᠷ ᠲᠣᠭᠲᠠᠨᠢᠯ᠂ ᠦᠨᠳᠦᠰᠦᠨ ᠦ ᠠᠶᠤᠯ ᠦᠭᠡᠢ ᠪᠠᠢᠢᠳᠠᠯ᠂ ᠤᠯᠤᠰ ᠣᠷᠣᠨ ᠤ ᠨᠡᠢᠢᠭᠡᠮ ᠡᠳ᠋ ᠍ ᠦᠨ ᠵᠠᠰᠠᠭ ᠤᠨ ᠲᠣᠭᠲᠠᠪᠤᠷᠢᠲᠠᠢ ᠬᠥᠭ᠍ᠵᠢᠯ ᠦᠨ ᠦᠨᠳᠦᠰᠦ ᠰᠠᠭᠤᠷᠢ ᠪᠣᠯᠵᠤ ᠪᠠᠢᠢᠭ᠎ᠠ ᠶᠤᠮ᠃

ᠡᠢᠢᠮᠦ ᠤᠴᠢᠷ ᠠᠴᠠ ᠮᠣᠩ᠋ᠭᠣᠯ ᠲᠥᠷᠥ ᠢᠢᠨ ᠲᠡᠷᠢᠭᠦᠨ ᠦᠨᠳᠦᠰᠦᠨ ᠦ ᠡᠷᠬᠡ ᠴᠢᠯᠦᠭᠡ᠂ ᠲᠤᠰᠠᠭᠠᠷ ᠲᠣᠭᠲᠠᠨᠢᠯ ᠢᠶᠠᠨ ᠰᠡᠷᠭᠦᠭᠡᠨ ᠮᠠᠨᠳᠤᠭᠤᠯᠤᠭᠰᠠᠨ ᠤ 110 ᠵᠢᠯ ᠦᠨ ᠣᠢ ᠢᠢᠨ ᠲᠡᠦᠬᠡᠲᠦ ᠪᠠᠶᠠᠷ ᠤᠨ ᠡᠨᠡ ᠡᠳᠦᠷ ᠠᠭᠤᠷ ᠠᠮᠢᠰᠬᠤᠯ ᠤᠨ ᠥᠭᠡᠷᠡᠴᠢᠯᠡᠯᠲᠡ ᠢᠢᠨ ᠠᠰᠠᠭᠤᠳᠠᠯ ᠳᠤ ᠠᠷᠠᠳ ᠲᠦᠮᠡᠨ᠂ ᠲᠥᠷᠥ ᠵᠠᠰᠠᠭ᠂ ᠲᠥᠷᠥ ᠢᠢᠨ ᠲᠦᠰᠢᠶᠡᠳ ᠦᠨ ᠠᠩᠬᠠᠷᠤᠯ ᠢ ᠬᠠᠨᠳᠤᠭᠤᠯᠵᠤ᠂ 《ᠲᠡᠷᠪᠤᠮ ᠮᠣᠳᠣ》 ᠦᠨᠳᠦᠰᠦᠨ ᠦ ᠬᠥᠳᠡᠯᠭᠡᠭᠡᠨ ᠳᠥ ᠤᠯᠤᠰ ᠦᠨᠳᠦᠰᠦᠲᠡᠨ ᠢᠶᠡᠷ ᠢᠶᠡᠨ ᠨᠢᠭᠡᠳᠦᠨ ᠨᠡᠢᠢᠯᠡᠵᠦ᠂ ᠤᠯᠤᠰ ᠣᠷᠣᠨ ᠤ ᠪᠠᠨ ᠭᠠᠵᠠᠷ ᠨᠤᠲᠤᠭ᠂ ᠡᠺᠣᠯᠣᠭᠢ ᠤᠨ ᠠᠶᠤᠯ ᠦᠭᠡᠢ ᠪᠠᠢᠢᠳᠠᠯ ᠤᠨ ᠲᠥᠯᠥᠭᠡ ᠬᠠᠮᠲᠤ ᠳᠤ ᠪᠠᠨ ᠬᠦᠴᠦᠨ ᠵᠢᠳᠬᠦᠬᠦ ᠢᠢ ᠤᠷᠢᠶᠠᠯᠠᠵᠤ ᠪᠠᠢᠢᠨ᠎ᠠ᠃
ᠡᠷᠬᠢᠮ ᠨᠥᠬᠥᠳ ᠡ᠄

ᠮᠣᠩ᠋ᠭᠣᠯ ᠲᠥᠷᠥ ᠢᠢᠨ ᠪᠣᠳᠣᠯᠭ᠎ᠠ ᠢᠢᠨ ᠴᠥᠮ᠎ᠡ ᠳᠥ ᠮᠣᠩ᠋ᠭᠣᠯ ᠬᠦᠮᠦᠨ᠂ ᠮᠣᠩ᠋ᠭᠣᠯ ᠠᠢᠢᠯ ᠡᠷᠦᠬᠡ ᠪᠠᠢᠢᠵᠤ ᠢᠷᠡᠭᠰᠡᠨ᠂ ᠴᠢᠨᠠᠭᠰᠢᠳᠠ ᠴᠤ ᠪᠠᠢᠢᠬᠤ ᠪᠣᠯᠤᠨ᠎ᠠ᠃

ᠮᠣᠩ᠋ᠭᠣᠯ ᠬᠦᠮᠦᠨ ᠦ ᠣᠶᠤᠨ ᠰᠠᠨᠠᠭ᠎ᠠ᠂ ᠲᠡᠦᠬᠡ ᠰᠤᠶᠤᠯ᠂ ᠬᠡᠯᠡ ᠪᠢᠴᠢᠢᠡ᠋᠋᠌᠍ ᠂ ᠮᠡᠳᠡᠯᠭᠡ ᠪᠣᠯᠪᠠᠰᠤᠷᠠᠯ᠂ ᠨᠡᠭᠦᠳᠡᠯᠴᠢᠳ ᠦᠨ ᠰᠤᠶᠤᠯ ᠢᠷᠭᠡᠨᠰᠢᠯ ᠵᠡᠷᠭᠡ ᠪᠢᠳᠡ ᠪᠦᠬᠦᠨ ᠳᠥ ᠤᠨᠳᠤᠷᠤᠨ ᠠᠷᠪᠢᠵᠢᠳᠠᠭ ᠠᠰᠤᠷᠤ ᠣᠯᠠᠨ ᠪᠠᠶᠠᠯᠢᠭ ᠪᠤᠢ᠃

ᠡᠨᠡ ᠪᠠᠶᠠᠯᠢᠭ ᠪᠣᠯ ᠳᠠᠶᠠᠭᠠᠷᠰᠢᠵᠤ ᠪᠤᠢ ᠳᠡᠯᠡᠬᠡᠢ ᠶᠢᠷᠳᠢᠨᠴᠤ ᠳᠤ ᠮᠣᠩ᠋ᠭᠣᠯᠴᠤᠳ ᠪᠢᠳᠡ ᠮᠣᠩ᠋ᠭᠣᠯ ᠢᠶᠠᠷ ᠢᠶᠠᠨ ᠦᠯᠡᠳᠡᠬᠦ᠂ ᠮᠣᠩ᠋ᠭᠣᠯ ᠢᠶᠠᠷ ᠢᠶᠠᠨ ᠪᠠᠬᠠᠷᠬᠠᠬᠤ᠂ ᠮᠣᠩ᠋ᠭᠣᠯ ᠢᠶᠠᠷ ᠢᠶᠠᠨ ᠭᠣᠶᠣᠬᠤ᠂ ᠮᠣᠩ᠋ᠭᠣᠯ ᠢᠶᠠᠷ ᠢᠶᠠᠨ ᠣᠷᠣᠰᠢᠬᠤ ᠢᠢᠨ ᠦᠨᠳᠦᠰᠦ ᠰᠠᠭᠤᠷᠢ ᠪᠣᠯᠬᠤ ᠶᠤᠮ᠃

ᠮᠣᠩ᠋ᠭᠣᠯ ᠤᠨ ᠠᠷᠠᠳ ᠲᠦᠮᠡᠨ ᠦ ᠬᠠᠮᠤᠭ ᠤᠨ ᠲᠣᠮᠣ ᠪᠠᠶᠠᠯᠢᠭ ᠪᠣᠯ ᠮᠣᠩ᠋ᠭᠣᠯ ᠬᠦᠮᠦᠨ ᠲᠠ ᠥᠪᠡᠷ ᠢᠶᠡᠨ ᠶᠤᠮ᠃

ᠮᠣᠩ᠋ᠭᠣᠯ ᠬᠦᠮᠦᠨ ᠦ ᠠᠮᠢᠳᠤᠷᠠᠯ ᠤᠨ ᠴᠢᠨᠠᠷ᠂ ᠲᠡᠭᠰᠢ ᠪᠠᠢᠢᠳᠠᠯ᠂ ᠨᠡᠢᠢᠭᠡᠮ ᠤᠨ ᠪᠠᠶᠠᠯᠢᠭ ᠤᠨ ᠰᠢᠳᠤᠷᠭᠤ ᠬᠤᠪᠢᠶᠠᠷᠢᠯᠠᠯᠲᠠ᠂ ᠬᠦᠷᠲᠡᠭᠡᠮᠵᠢ ᠢᠢᠨ ᠠᠰᠠᠭᠤᠳᠠᠯ ᠳᠤ ᠣᠨᠤᠴᠤᠭᠠᠢ ᠠᠩᠬᠠᠷᠴᠤ᠂ ᠮᠣᠩ᠋ᠭᠣᠯ ᠬᠦᠮᠦᠨ ᠪᠦᠷᠢ ᠡᠷᠳᠡᠮ ᠪᠣᠯᠪᠠᠰᠤᠷᠠᠯ ᠲᠠᠢ᠂ ᠡᠷᠡᠭᠦᠯ ᠴᠢᠭᠢᠷᠠᠢᠡ᠋᠋᠌᠍ ᠂ ᠠᠵᠢᠯ ᠣᠷᠣᠯᠭ᠎ᠠ ᠲᠠᠢ᠂ ᠳᠡᠯᠡᠬᠡᠢ ᠢᠢᠨ ᠲᠦᠪᠰᠢᠨ ᠳᠥ ᠥᠷᠢᠰᠦᠯᠳᠡᠬᠦ ᠴᠢᠳᠠᠪᠤᠷᠢ ᠲᠠᠢ᠂ ᠡᠬᠡ ᠣᠷᠣᠨ ᠳᠤ ᠪᠠᠨ ᠠᠮᠤᠷ ᠠᠮᠤᠭᠤᠯᠠᠩ ᠠᠵᠤ ᠲᠥᠷᠥᠬᠦ ᠪᠦᠬᠦ ᠲᠠᠯ᠎ᠠ ᠢᠢᠨ ᠪᠣᠯᠤᠮᠵᠢ ᠨᠥᠬᠥᠴᠡᠯ ᠢ ᠪᠦᠷᠢᠳᠦᠭᠦᠯᠬᠦ ᠳᠥ ᠮᠣᠩ᠋ᠭᠣᠯ ᠲᠥᠷᠥ ᠢᠢᠨ ᠪᠣᠳᠣᠯᠭ᠎ᠠ ᠴᠢᠭᠯᠡᠭᠳᠡᠬᠦ ᠶᠣᠰᠣᠲᠠᠢ᠃

ᠮᠣᠩ᠋ᠭᠣᠯ ᠬᠦᠮᠦᠨ ᠦ ᠠᠮᠢᠳᠤᠷᠠᠯ ᠤᠨ ᠴᠢᠨᠠᠷ ᠢ ᠰᠠᠢᠢᠵᠢᠷᠠᠭᠤᠯᠵᠤ᠂ ᠨᠡᠢᠢᠲᠡ ᠬᠦᠮᠦᠨ ᠠᠮᠠ ᠢᠢᠨ ᠳᠡᠢᠢᠯᠦᠩᠬᠢ ᠣᠯᠠᠩᠬᠢ ᠢᠢ ᠴᠢᠨᠡᠭᠡᠯᠢᠢᠡ᠋᠋᠌᠍ ᠳᠤᠮᠳᠠᠴᠢ ᠠᠮᠢᠳᠤᠷᠠᠯ ᠲᠠᠢ ᠪᠣᠯᠭᠠᠭᠰᠠᠨ ᠢᠶᠠᠷ ᠮᠠᠨ ᠤ ᠤᠯᠤᠰ ᠤᠨ ᠨᠡᠢᠢᠭᠡᠮ ᠤᠨ ᠲᠣᠭᠲᠠᠪᠤᠷᠢᠲᠠᠢ ᠪᠠᠢᠢᠳᠠᠯ ᠬᠠᠩᠭ᠋ᠠᠭᠳᠠᠵᠤ᠂ ᠥᠷᠢᠰᠥᠯᠳᠥᠬᠦ ᠴᠢᠳᠠᠪᠤᠷᠢ ᠲᠠᠢ ᠬᠥᠭ᠍ᠵᠢᠩᠭᠦᠢ ᠤᠯᠤᠰ ᠪᠣᠯᠵᠤ ᠬᠥᠭ᠍ᠵᠢᠨ᠎ᠡ᠃

ᠡᠢᠢᠮᠦ ᠡᠴᠡ ᠤᠯᠤᠰ ᠣᠷᠣᠨ ᠢᠶᠠᠨ ᠢᠷᠡᠬᠦ 30 ᠵᠢᠯ ᠦᠨ ᠬᠤᠭᠤᠴᠠᠭᠠᠨ ᠳᠤ ᠳᠡᠯᠡᠬᠡᠢ ᠢᠢᠨ ᠬᠥᠭ᠍ᠵᠢᠩᠭᠦᠢ ᠣᠷᠣᠨ ᠤ ᠲᠦᠪᠰᠢᠨ ᠳᠥ ᠬᠦᠷᠭᠡᠵᠦ᠂ ᠨᠡᠢᠢᠭᠡᠮ᠂ ᠡᠳ᠋ ᠦᠨ ᠵᠠᠰᠠᠭ ᠤᠨ ᠬᠥᠭ᠍ᠵᠢᠯ᠂ ᠢᠷᠭᠡᠳ ᠦᠨ ᠠᠮᠢᠳᠤᠷᠠᠯ ᠤᠨ ᠴᠢᠨᠠᠷ᠂ ᠬᠦᠮᠦᠨ ᠦ ᠬᠥᠭ᠍ᠵᠢᠯ ᠢᠶᠡᠷ ᠢᠶᠡᠨ ᠠᠽᠢ ᠲᠢᠪ ᠲᠥ ᠪᠡᠨ ᠳᠡᠭᠡᠭᠦᠷ ᠲᠥ ᠲᠣᠭᠠᠴᠠᠭᠳᠠᠬᠤ ᠣᠷᠣᠨ ᠨᠤᠭᠤᠳ ᠤᠨ ᠨᠢᠭᠡ ᠪᠣᠯᠬᠤ ᠲᠣᠮᠣᠬᠠᠨ ᠵᠣᠷᠢᠯᠲᠠ ᠢᠢ ᠬᠡᠷᠡᠭᠵᠢᠭᠦᠯᠬᠦ ᠶᠣᠰᠣᠲᠠᠢ᠃

ᠡᠳᠡᠭᠡᠷ ᠵᠣᠷᠢᠯᠲᠠ ᠢᠢ ᠬᠠᠩᠭ᠋ᠠᠨ ᠬᠡᠷᠡᠭᠵᠢᠭᠦᠯᠬᠦ ᠳᠥ ᠡᠷᠬᠢᠮ ᠲᠥᠷᠥ ᠢᠢᠨ ᠲᠦᠰᠢᠶᠡᠳ ᠲᠠ ᠪᠦᠬᠦᠨ ᠣᠨᠤᠴᠤᠭᠠᠢ ᠠᠩᠬᠠᠷᠴᠤ ᠠᠵᠢᠯᠯᠠᠬᠤ ᠤᠴᠢᠷᠲᠠᠢ ᠶᠤᠮ᠃

ᠰᠢᠨ᠎ᠡ ᠵᠠᠭᠤᠨ ᠤ ᠮᠣᠩ᠋ᠭᠣᠯᠴᠤᠳ ᠪᠢᠳᠡᠨ ᠦ ᠪᠠᠰᠠ ᠨᠢᠭᠡᠨ ᠴᠢᠬᠤᠯᠠ ᠵᠣᠷᠢᠯᠲᠠ ᠪᠣᠯ ᠰᠠᠢᠢᠨ ᠵᠠᠰᠠᠭᠯᠠᠯ ᠢ ᠪᠡᠬᠢᠵᠢᠭᠦᠯᠬᠦ ᠶᠠᠪᠤᠳᠠᠯ ᠶᠤᠮ᠃

ᠰᠠᠢᠢᠨ ᠵᠠᠰᠠᠭᠯᠠᠯ ᠪᠣᠯ ᠶᠠᠳᠠᠭᠤᠷᠠᠯ ᠢ ᠪᠠᠭᠤᠷᠠᠭᠤᠯᠬᠤ᠂ ᠬᠥᠭ᠍ᠵᠢᠯ ᠢ ᠬᠤᠷᠳᠤᠰᠬᠠᠬᠤ ᠬᠠᠮᠤᠭ ᠤᠨ ᠴᠢᠬᠤᠯᠠ ᠬᠦᠴᠦᠨ ᠵᠦᠢᠯ ᠶᠤᠮ᠃ ᠡᠢᠢᠮᠦ ᠡᠴᠡ ᠰᠠᠢᠢᠨ ᠵᠠᠰᠠᠭᠯᠠᠯ ᠢ ᠲᠥᠯᠦᠪᠰᠢᠭᠦᠯᠬᠦ ᠶᠠᠪᠤᠳᠠᠯ ᠨᠢ ᠨᠡᠢᠢᠭᠡᠮ ᠳᠥ ᠰᠢᠳᠤᠷᠭᠤ ᠶᠣᠰᠣ ᠢᠢ ᠪᠡᠬᠢᠵᠢᠭᠦᠯᠵᠦ᠂ ᠤᠯᠤᠰ ᠣᠷᠣᠨ ᠤ ᠬᠥᠭ᠍ᠵᠢᠯ ᠳᠡᠪᠰᠢᠯ ᠢ ᠲᠦᠷᠭᠡᠳᠭᠡᠬᠦ ᠭᠣᠣᠯ ᠬᠥᠳᠡᠯᠭᠡᠭ᠍ᠴᠢ ᠬᠦᠴᠦ ᠨᠢ ᠪᠣᠯᠬᠤ ᠤᠴᠢᠷᠲᠠᠢ᠃

ᠡᠭᠦᠨ ᠦ ᠲᠤᠯᠠᠳᠠ ᠲᠥᠷᠥ ᠢᠢᠨ ᠪᠠᠢᠢᠭᠤᠯᠤᠯᠭ᠎ᠠ ᠨᠤᠭᠤᠳ ᠨᠢ ᠨᠦᠰᠡᠷ ᠪᠢᠰᠢ ᠪᠦᠲᠦᠴᠡ ᠲᠡᠢ᠂ ᠴᠢᠳᠠᠪᠤᠷᠢᠯᠢᠭ᠂ ᠮᠡᠷᠭᠡᠰᠢᠭᠰᠡᠨ᠂ ᠬᠦᠨᠳᠦ ᠰᠤᠷᠲᠠᠯ ᠦᠭᠡᠢ᠂ ᠠᠪᠯᠢᠭ᠎ᠠ ᠠᠴᠠ ᠠᠡᠭᠬᠢᠳᠠ᠂ ᠪᠣᠳᠣᠯᠭ᠎ᠠ᠂ ᠦᠢᠯᠡ ᠠᠵᠢᠯᠯᠠᠭ᠎ᠠ ᠨᠢ ᠲᠣᠭᠲᠠᠪᠤᠷᠢᠲᠠᠢ ᠬᠡᠷᠡᠭᠵᠢᠳᠡᠭ᠂ ᠢᠯᠡ ᠲᠣᠳᠣ᠂ ᠰᠢᠳᠤᠷᠭᠤ᠂ ᠬᠠᠷᠢᠭᠤᠴᠠᠯᠭ᠎ᠠ ᠲᠠᠢ᠂ ᠬᠢᠨᠠᠯᠲᠠ ᠲᠠᠢ᠂ ᠲᠥᠷᠥ ᠪᠠ ᠢᠷᠭᠡᠨ ᠦ ᠨᠡᠢᠢᠭᠡᠮ᠂ ᠬᠤᠪᠢ ᠢᠢᠨ ᠬᠡᠪᠰᠢᠯ ᠦᠨ ᠨᠢᠭᠲᠠ ᠬᠠᠮᠲᠤ ᠢᠢᠨ ᠠᠵᠢᠯᠯᠠᠭ᠎ᠠ ᠢᠢ ᠴᠢᠬᠤᠯᠠᠴᠢᠯᠠᠳᠠᠭ᠂ ᠠᠵᠢᠯ ᠤᠨ ᠢᠶᠠᠨ ᠦᠷ᠎ᠡ ᠳ᠋ᠦᠡᠭ ᠢ ᠠᠷᠠᠳ ᠲᠦᠮᠡᠨ ᠢᠶᠡᠷ ᠢᠶᠡᠨ ᠳ᠋ᠦᠩᠨᠡᠭᠦᠯᠳᠡᠭ ᠲᠥᠷᠥ ᠵᠠᠰᠠᠭ ᠲᠠᠢ ᠪᠠᠢᠢᠨ᠎ᠠ ᠭᠡᠰᠡᠨ ᠦᠭᠡ᠃

ᠡᠨᠡ ᠨᠢ ᠬᠦᠮᠦᠨ ᠵᠠᠰᠠᠭᠯᠠᠳᠠᠭ ᠦᠭᠡᠢ᠂ ᠬᠠᠤᠯᠢ ᠵᠠᠰᠠᠭᠯᠠᠳᠠᠭ ᠠᠷᠠᠳᠴᠢᠯᠠᠭᠰᠠᠨ ᠰᠢᠳᠤᠷᠭᠤ ᠨᠡᠢᠢᠭᠡᠮ᠂ ᠡᠷᠬᠡ ᠵᠦᠢᠳᠤ ᠲᠥᠷᠥ ᠢᠢᠨ ᠮᠥᠨ ᠴᠢᠨᠠᠷ ᠶᠤᠮ᠃

ᠮᠥᠨ ᠮᠣᠩ᠋ᠭᠣᠯ ᠬᠦᠮᠦᠨ ᠡᠬᠡ ᠣᠷᠣᠨ᠂ ᠭᠠᠵᠠᠷ ᠨᠤᠲᠤᠭ ᠲᠤ ᠪᠠᠨ ᠡᠵᠡᠨ ᠪᠠᠢᠢᠵᠤ᠂ ᠪᠠᠢᠭᠠᠯᠢ ᠢᠢᠨ ᠪᠠᠶᠠᠯᠢᠭ ᠤᠨ ᠢᠶᠠᠨ ᠦᠷ᠎ᠡ ᠰᠢᠮ᠎ᠡ ᠢᠢ ᠠᠳᠠᠯᠢ ᠲᠡᠭᠰᠢ ᠬᠦᠷᠲᠡᠬᠦ ᠤᠴᠢᠷᠲᠠᠢ᠃

ᠪᠠᠢᠭᠠᠯᠢ ᠢᠢᠨ ᠪᠠᠶᠠᠯᠢᠭ ᠢ ᠠᠰᠢᠭᠯᠠᠬᠤ ᠲᠥᠷᠥ ᠢᠢᠨ ᠪᠣᠳᠣᠯᠭ᠎ᠠ ᠢᠢ ᠤᠷᠲᠤ ᠬᠤᠭᠤᠴᠠᠭᠠᠨ ᠤ ᠬᠥᠭᠵᠢᠯ ᠦᠨ ᠪᠣᠳᠣᠯᠭ᠎ᠠ ᠲᠠᠢ ᠤᠶᠠᠯᠳᠤᠭᠤᠯᠤᠨ ᠲᠣᠳᠣᠷᠬᠠᠢᠢᠯᠠᠵᠤ᠂ ᠭᠠᠵᠠᠷ ᠤᠨ ᠪᠠᠶᠠᠯᠢᠭ ᠤᠨ ᠦᠷ᠎ᠡ ᠦᠭ᠍ᠭᠦᠭᠡᠵᠢ ᠢᠢ ᠦᠨᠳᠦᠰᠦᠨ ᠦ ᠪᠠᠶᠠᠯᠢᠭ ᠤᠨ ᠰᠠᠩ ᠳᠤ ᠲᠥᠪᠯᠡᠷᠡᠭᠦᠯᠦᠨ ᠤᠯᠤᠰ ᠣᠷᠣᠨ ᠢᠶᠠᠨ ᠬᠦᠴᠦᠷᠬᠢᠡᠡ᠋᠋᠌᠍ ᠡᠳ᠋  ᠦᠨ ᠵᠠᠰᠠᠭ ᠲᠠᠢ ᠦᠢᠯᠡᠳᠪᠦᠷᠢᠯᠡᠭᠴᠢ᠂ ᠡᠺᠰᠫᠣᠷᠲ᠋ᠯᠤᠭᠴᠢ ᠤᠯᠤᠰ ᠪᠣᠯᠭᠠᠨ ᠬᠥᠭ᠍ᠵᠢᠭᠦᠯᠬᠦ ᠢᠢᠨ ᠵᠡᠷᠭᠡᠴᠡᠭᠡ ᠮᠣᠩ᠋ᠭᠣᠯ ᠬᠦᠮᠦᠨ ᠪᠦᠷᠢ ᠪᠠᠶᠠᠯᠢᠭ ᠲᠤ ᠪᠠᠨ ᠡᠵᠡᠨ ᠪᠠᠢᠢᠬᠤ ᠲᠣᠭᠲᠠᠯᠴᠠᠭ᠎ᠠ ᠢᠢ ᠬᠥᠭ᠍ᠵᠢᠭᠦᠯᠬᠦ ᠳᠥ ᠲᠥᠷᠥ ᠢᠢᠨ ᠪᠣᠳᠣᠯᠭ᠎ᠠ ᠢᠢ ᠴᠢᠭᠯᠡᠭᠦᠯᠬᠦ ᠱᠠᠭᠠᠷᠳᠠᠯᠭ᠎ᠠ ᠲᠠᠢ᠃

ᠳᠡᠭᠡᠷᠡᠬᠢ ᠵᠣᠷᠢᠯᠲᠠ᠂ ᠪᠣᠳᠣᠯᠭ᠎ᠠ ᠢᠢ ᠬᠠᠩᠭ᠋ᠠᠨ ᠬᠡᠷᠡᠭᠵᠢᠭᠦᠯᠦᠭᠰᠡᠨ ᠢᠶᠡᠷ ᠤᠯᠤᠰ ᠣᠷᠣᠨ ᠤ ᠡᠳ᠋ ᠦᠨ ᠵᠠᠰᠠᠭ ᠤᠨ ᠲᠤᠰᠠᠭᠠᠷ ᠲᠣᠭᠲᠠᠨᠢᠯ᠂ ᠠᠶᠤᠯ ᠦᠭᠡᠢ ᠪᠠᠢᠢᠳᠠᠯ ᠢ ᠬᠠᠩᠭ᠋ᠠᠬᠤ ᠢᠢᠨ ᠵᠡᠷᠭᠡᠴᠡᠭᠡ ᠠᠷᠠᠳ ᠢᠷᠭᠡᠳ ᠨᠢ ᠠᠵᠠ ᠵᠢᠷᠭᠠᠯ ᠲᠠᠢ᠂ ᠰᠡᠳᠬᠢᠯ ᠬᠠᠩᠭ᠋ᠠᠯᠤᠭᠤᠨ᠂ ᠲᠡᠭᠰᠢ ᠳᠦᠭᠦᠷᠡᠩ ᠠᠮᠢᠳᠤᠷᠠᠬᠤ ᠪᠣᠯᠤᠮᠵᠢ ᠲᠠᠢ ᠬᠦᠴᠦᠷᠬᠢᠡᠡ᠋᠋᠌᠍ ᠮᠣᠩ᠋ᠭᠣᠯ ᠤᠯᠤᠰ ᠢ ᠬᠥᠭ᠍ᠵᠢᠭᠦᠯᠬᠦ ᠦᠨᠳᠦᠰᠦ ᠰᠠᠭᠤᠷᠢ ᠪᠥᠷᠢᠳᠦᠨ᠎ᠡ᠃

ᠮᠣᠩ᠋ᠭᠣᠯ ᠬᠦᠮᠦᠨ᠂ ᠮᠣᠩ᠋ᠭᠣᠯ ᠤᠨ ᠠᠷᠠᠳ ᠲᠦᠮᠡᠨ ᠬᠡᠵᠢᠶ᠎ᠡ ᠴᠤ ᠡᠬᠡ ᠣᠷᠣᠨ᠂ ᠪᠠᠢᠭᠠᠯᠢ ᠢᠢᠨ ᠪᠠᠶᠠᠯᠢᠭ ᠢᠶᠠᠨ ᠪᠤᠰᠤᠳ ᠲᠤ ᠠᠯᠳᠠᠬᠤ ᠶᠣᠰᠣ ᠦᠭᠡᠢ᠃

ᠮᠣᠩ᠋ᠭᠣᠯ ᠬᠦᠮᠦᠨ᠂ ᠮᠣᠩ᠋ᠭᠣᠯ ᠤᠨ ᠠᠷᠠᠳ ᠲᠦᠮᠡᠨ ᠪᠠᠶᠠᠯᠢᠭ ᠲᠤ ᠪᠠᠨ ᠡᠵᠡᠨ ᠪᠠᠢᠢᠬᠤ ᠶᠣᠰᠣᠲᠠᠢ᠃

ᠡᠨᠡ ᠪᠣᠯ ᠲᠠ ᠪᠢᠳᠡᠨ ᠦ ᠡᠷᠬᠡ ᠴᠢᠯᠦᠭᠡ᠂ ᠮᠣᠩ᠋ᠭᠣᠯ ᠤᠯᠤᠰ ᠤᠨ ᠲᠤᠰᠠᠭᠠᠷ ᠲᠣᠭᠲᠠᠨᠢᠯ ᠶᠤᠮ᠃

ᠮᠣᠩ᠋ᠭᠣᠯᠴᠤᠳ ᠪᠢᠳᠡ ᠡᠪᠲᠡᠢ ᠪᠠᠢᠢᠬᠤ ᠦᠶ᠎ᠡ ᠳ᠋ᠡᠭᠡᠨ ᠬᠦᠴᠦᠷᠬᠡᠭ᠍ᠵᠢᠨ ᠮᠠᠨᠳᠤᠵᠤ᠂ ᠡᠪᠳᠡᠷᠴᠤ ᠲᠠᠯᠠᠴᠠᠭᠰᠠᠨ ᠦᠶ᠎ᠡ ᠳ᠋ᠡᠭᠡᠨ ᠤᠷᠤᠭᠤᠳᠠᠨ ᠳᠣᠷᠣᠢᠢᠳᠠᠵᠤ ᠢᠷᠡᠭᠰᠡᠨ ᠢ ᠪᠤᠭᠤᠷᠤᠯ ᠲᠡᠦᠬᠡ ᠪᠢᠳᠡᠨ ᠳᠥ ᠦᠷᠭᠦᠯᠵᠢ ᠰᠠᠨᠠᠭᠤᠯᠳᠠᠭ᠃

ᠦᠨᠳᠦᠰᠦᠨ ᠦ ᠢᠵᠠᠭᠤᠷ ᠡᠷᠬᠡ ᠠᠰᠢᠭ ᠤᠨ ᠲᠦᠯᠦᠭᠡᠬᠢ ᠠᠷᠠᠳ ᠲᠦᠮᠡᠨ ᠦ ᠣᠶᠤᠨ ᠰᠠᠨᠠᠭᠠᠨ ᠤ ᠡᠪ ᠨᠢᠭᠡᠳᠦᠯ ᠪᠣᠯ ᠤᠯᠤᠰ ᠣᠷᠣᠨ ᠤ ᠲᠤᠰᠠᠭᠠᠷ ᠲᠣᠭᠲᠠᠨᠢᠯ᠂ ᠠᠶᠤᠯ ᠦᠭᠡᠢ ᠪᠠᠢᠢᠳᠠᠯ ᠤᠨ ᠳᠠᠷᠬᠠᠯᠠᠭ᠎ᠠ ᠶᠤᠮ᠃

1911 ᠣᠨ ᠤ ᠦᠨᠳᠦᠰᠦᠨ ᠦ ᠡᠷᠬᠡ ᠴᠢᠯᠦᠭᠡᠨ ᠦ ᠬᠤᠪᠢᠰᠬᠠᠯ ᠪᠣᠯ ᠠᠩᠭᠢ ᠳᠠᠪᠬᠤᠷᠭ᠎ᠠ᠂ ᠨᠠᠰᠤ ᠬᠦᠢᠰᠦ᠂ ᠱᠠᠰᠢᠨ ᠰᠢᠲᠦᠯᠭᠡ᠂ ᠭᠠᠷᠤᠯ ᠤᠭᠰᠠᠭ᠎ᠠ ᠦᠯᠦ ᠬᠠᠮᠢᠶᠠᠷᠤᠨ ᠦᠨᠳᠦᠰᠦᠨ ᠦ ᠢᠵᠠᠭᠤᠷ ᠡᠷᠬᠡ ᠠᠰᠢᠭ ᠢᠶᠠᠨ ᠬᠠᠮᠠᠭᠠᠯᠠᠬᠤ ᠢᠢᠨ ᠲᠥᠯᠥᠭᠡ ᠡᠪᠯᠡᠯᠳᠦᠨ ᠨᠢᠭᠡᠳᠴᠦ ᠴᠢᠳᠠᠭᠰᠠᠨ ᠨᠢ ᠶᠠᠮᠠᠷ ᠬᠦᠴᠢᠲᠡᠢ ᠪᠣᠯᠬᠤ ᠢᠢ ᠨᠣᠲᠠᠯᠠᠨ ᠬᠠᠷᠠᠭᠤᠯᠤᠭᠰᠠᠨ ᠲᠡᠦᠬᠡᠨ ᠦᠢᠯᠡ ᠶᠠᠪᠤᠳᠠᠯ᠃

ᠡᠨᠡᠬᠦ ᠦᠨᠳᠦᠰᠦᠨ ᠦ ᠡᠪ ᠨᠢᠭᠡᠳᠦᠯ ᠦᠨ ᠲᠡᠦᠬᠡ ᠨᠢ ᠡᠪᠦᠭᠡ ᠳᠡᠭᠡᠳᠦᠰ ᠡᠴᠡ ᠤᠯᠠᠮᠵᠢᠯᠠᠵᠤ ᠢᠷᠡᠭᠰᠡᠨ ᠬᠡᠵᠢᠶ᠎ᠡ ᠴᠤ ᠮᠠᠷᠲᠠᠵᠤ ᠦᠯᠦ ᠪᠣᠯᠬᠤ ᠦᠨᠡᠲᠦ ᠵᠦᠢᠯ᠂ ᠲᠡᠦᠬᠡᠨ ᠵᠠᠬᠢᠶᠠᠰᠤ ᠪᠢᠯᠡ᠃

ᠡᠪ ᠨᠢᠭᠡᠳᠦᠯ ᠢ ᠡᠷᠬᠢᠮᠯᠡᠨ ᠳᠡᠭᠡᠳᠦᠯᠡᠬᠦ ᠡᠨᠡᠬᠦ ᠦᠨᠡᠲᠦ ᠵᠦᠢᠯ᠂ ᠵᠠᠬᠢᠶ᠎ᠠ ᠳᠠᠭᠠᠭᠠᠯᠭᠠᠪᠤᠷᠢ ᠢᠢ ᠮᠣᠩ᠋ᠭᠣᠯᠴᠤᠳ ᠪᠢᠳᠡ ᠦᠶ᠎ᠡ ᠢᠢᠨ ᠦᠶ᠎ᠡ ᠳᠥ ᠦᠷᠭᠦᠯᠵᠢ ᠰᠠᠨᠠᠵᠤ᠂ ᠦᠢᠯᠡ ᠬᠡᠷᠡᠭᠲᠦ ᠪᠡᠨ ᠮᠥᠷᠳᠡᠯᠭᠡ ᠪᠣᠯᠭᠠᠵᠤ᠂ ᠦᠷ᠎ᠡ ᠬᠣᠢᠢᠴᠢ ᠳᠤ ᠪᠠᠨ ᠵᠠᠬᠢᠵᠤ ᠦᠯᠡᠳᠡᠭᠡᠬᠦ ᠶᠣᠰᠣᠲᠠᠢ᠃

ᠤᠯᠠᠭᠠᠨ ᠵᠠᠯᠠᠭᠠᠲᠤ᠂ ᠬᠥᠬᠡ ᠮᠣᠩ᠋ᠭᠣᠯ ᠤᠨ ᠢᠶᠠᠨ ᠪᠣᠰᠤᠭ᠎ᠠ ᠵᠠᠶᠠᠭ᠎ᠠ᠂ ᠪᠠᠭᠠᠲᠤᠷᠯᠢᠭ ᠲᠡᠦᠬᠡ ᠪᠡᠷ ᠪᠠᠬᠠᠷᠬᠠᠵᠤ᠂ ᠡᠪᠦᠭᠡ ᠳᠡᠭᠡᠳᠦᠰ ᠦᠨ ᠢᠶᠡᠨ ᠪᠠᠢᠢᠭᠤᠯᠤᠭᠰᠠᠨ ᠲᠤᠭᠤᠷᠭ᠎ᠠ ᠲᠤᠰᠠᠭᠠᠷ ᠮᠣᠩ᠋ᠭᠣᠯ ᠤᠯᠤᠰ ᠤᠨ ᠢᠶᠠᠨ ᠨᠡᠷ᠎ᠡ ᠲᠥᠷᠥ ᠢᠢ ᠥᠨᠳᠥᠷ ᠡᠴᠡ ᠥᠨᠳᠥᠷ ᠲᠥ ᠡᠷᠭᠦᠵᠦ ᠶᠠᠪᠤᠬᠤ ᠠᠷᠢᠭᠤᠨ ᠡᠭᠦᠷᠭᠡ ᠪᠡᠨ 《ᠬᠠᠷᠠᠩᠭᠤᠢ ᠰᠥᠨᠢ ᠵᠡᠭᠦᠳᠦᠨ ᠳᠥ ᠪᠡᠨ᠂ ᠭᠡᠭᠡᠨ ᠡᠳᠦᠷ ᠴᠡᠭᠡᠵᠢᠨ ᠳᠥ ᠪᠡᠨ ᠦᠷᠭᠦᠯᠵᠢ ᠰᠠᠨᠠᠵᠤ ᠶᠠᠪᠤᠬᠤ》 ᠶᠣᠰᠣᠲᠠᠢ ᠢᠢ ᠮᠠᠨ ᠤ ᠤᠯᠤᠰ ᠤᠨ ᠢᠷᠭᠡᠨ ᠪᠦᠷᠢ ᠤᠬᠠᠮᠰᠠᠷᠯᠠᠨ ᠣᠢᠢᠯᠠᠭᠠᠵᠤ᠂ ᠡᠬᠡ ᠣᠷᠣᠨ ᠤ ᠪᠠᠨ ᠬᠥᠭ᠍ᠵᠢᠯ ᠳᠡᠪᠰᠢᠯ ᠦᠨ ᠲᠥᠯᠥᠭᠡ᠂ ᠬᠦᠴᠦᠷᠬᠢᠡᠡ᠋᠋᠌᠍ ᠮᠣᠩ᠋ᠭᠣᠯ ᠤᠯᠤᠰ ᠢ ᠬᠠᠮᠲᠤ ᠳᠤ ᠪᠠᠨ ᠪᠦᠲᠦᠭᠡᠬᠦ ᠢᠢᠨ ᠲᠥᠯᠥᠭᠡ ᠬᠢᠴᠢᠶᠡᠨ ᠵᠢᠳᠬᠦᠴᠡᠭᠡᠶ᠎ᠡ᠃

ᠮᠥᠩᠬᠡ ᠬᠥᠬᠡ ᠲᠩᠷᠢ ᠮᠣᠩ᠋ᠭᠣᠯᠴᠤᠳ ᠪᠢᠳᠡᠨ ᠢ ᠮᠥᠩᠬᠡᠳ ᠢᠪᠡᠭᠡᠬᠦ ᠪᠣᠯᠲᠤᠭᠠᠢ》 ᠭᠡᠯ᠎ᠡ᠃