Та "Internet explorer"-ийн сүүлийн хувилбар болох "Microsoft edge"-г ашиглана уу

Хэрэв "Microsoft edge"-г татах бол энд дарж татаж авна уу

ᠠᠭᠤᠷ ᠠᠮᠢᠰᠬᠤᠯ ᠤᠨ ᠥᠭᠡᠷᠡᠴᠢᠯᠡᠯᠲᠡ᠂ ᠴᠥᠯᠵᠢᠯᠲᠡ ᠲᠡᠢ ᠲᠡᠮᠡᠴᠢᠬᠦ ᠠᠰᠠᠭᠤᠳᠠᠯ ᠪᠠᠷ ᠬᠢ ᠬᠠᠮᠲᠤ ᠢᠢᠨ ᠠᠵᠢᠯᠯᠠᠭᠠᠨ ᠤ ᠤᠷᠢᠶᠠᠯᠭ᠎ᠠ ᠭᠠᠷᠭᠠᠯ᠎ᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠢᠪᠡᠭᠡᠯ ᠳᠣᠣᠷ᠎ᠠ ᠵᠣᠬᠢᠶᠠᠨ ᠪᠠᠢᠢᠭᠤᠯᠵᠤ ᠪᠤᠢ 《ᠨᠣᠭᠣᠭᠠᠨ ᠰᠠᠩᠬᠦᠵᠢᠯᠲᠡ- ᠪᠥᠰᠡ ᠨᠤᠲᠤᠭ ᠤᠨ ᠴᠢᠭᠤᠯᠭᠠᠨ》  ᠠᠴᠠ ᠪᠥᠰᠡ ᠨᠤᠲᠤᠭ ᠤᠨ ᠬᠡᠮᠵᠢᠶᠡᠨ ᠳᠥ ᠬᠠᠮᠲᠤᠷᠠᠨ ᠠᠵᠢᠯᠯᠠᠬᠤ ᠤᠷᠢᠶᠠᠯᠭ᠎ᠠ ᠭᠠᠷᠭᠠᠯ᠎ᠠ᠃
ᠤᠷᠢᠶᠠᠯᠭ᠎ᠠ ᠢᠢ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠶᠠ᠊ ∙ᠰᠤᠳᠤᠪᠠᠭᠠᠳᠤᠷ ᠴᠢᠭᠤᠯᠭᠠᠨ ᠳᠤ ᠣᠷᠣᠯᠴᠠᠭᠰᠠᠳ ᠲᠤ ᠤᠩᠰᠢᠵᠤ ᠲᠠᠨᠢᠯᠴᠠᠭᠤᠯᠪᠠ᠃
ᠠᠭᠤᠷ ᠠᠮᠢᠰᠬᠤᠯ ᠢᠢᠨ ᠦᠭᠡᠷᠴᠢᠯᠡᠯᠳᠡ᠂ ᠴᠦᠯᠵᠢᠯᠳᠡ ᠲᠠᠢ ᠲᠡᠮᠡᠴᠡᠬᠦ ᠠᠰᠠᠭᠤᠳᠠᠯ ᠪᠠᠷ ᠬᠢ ᠬᠠᠮᠳᠤ ᠢᠢᠨ ᠠᠵᠢᠯᠯᠠᠭ᠎ᠠ ᠤ ᠤᠷᠢᠶᠠᠯᠭ᠎ᠠ
ᠠᠭᠤᠷ ᠠᠮᠢᠰᠬᠤᠯ ᠤᠨ ᠥᠭᠡᠷᠡᠴᠢᠯᠡᠯᠲᠡ ᠨᠢ ᠳᠡᠯᠡᠬᠡᠢ ᠨᠡᠢᠢᠲᠡ ᠢᠢᠨ ᠡᠮᠦᠨ᠎ᠡ ᠲᠤᠯᠭᠠᠮᠳᠠᠭᠰᠠᠨ ᠠᠰᠠᠭᠤᠳᠠᠯ ᠤᠨ ᠨᠢᠭᠡ ᠪᠣᠯᠤᠭᠠᠳ ᠪᠠᠢᠢᠨ᠎ᠠ᠃ ᠠᠭᠤᠷ ᠠᠮᠢᠰᠬᠤᠯ ᠤᠨ ᠥᠭᠡᠷᠡᠴᠢᠯᠡᠯᠲᠡ ᠢᠢᠨ ᠤᠯᠠᠮ ᠠᠴᠠ ᠴᠠᠭ ᠠᠭᠠᠷ ᠡᠷᠡᠰ ᠳᠤᠯᠠᠭᠠᠷᠠᠵᠤ᠂ ᠮᠥᠩᠬᠡ ᠴᠠᠰᠤ᠂ ᠮᠥᠰᠦᠨ ᠭᠣᠣᠯ ᠤᠳ ᠬᠠᠢᠢᠯᠠᠵᠤ᠂ ᠳᠠᠯᠠᠢ ᠲᠡᠩᠭᠢᠰ ᠦᠨ ᠤᠰᠤᠨ ᠤ ᠲᠦᠪᠰᠢᠨ ᠨᠡᠮᠡᠭᠳᠡᠨ᠂ ᠪᠠᠢᠭᠠᠯᠢ ᠤᠨ ᠭᠠᠮᠰᠢᠭᠲᠤ ᠦᠵᠡᠭᠳᠡᠯ ᠦᠨ ᠳᠠᠪᠲᠠᠮᠵᠢ ᠨᠡᠮᠡᠭᠳᠡᠭᠰᠡᠭᠡᠷ ᠪᠠᠢᠢᠨ᠎ᠠ᠃
ᠬᠦᠮᠦᠨ ᠦ ᠪᠤᠷᠤᠭᠤ ᠦᠢᠯᠡ ᠠᠵᠢᠯᠯᠠᠭᠠᠨ ᠠᠴᠠ ᠠᠭᠠᠷ ᠳᠠᠬᠢ ᠬᠦᠯᠡᠮᠵᠢ ᠢᠢᠨ ᠬᠡᠢ ᠢᠢᠨ ᠠᠭᠤᠯᠤᠮᠵᠢ ᠡᠷᠡᠰ ᠨᠡᠮᠡᠭᠳᠡᠵᠦ᠂ ᠳᠡᠯᠡᠬᠡᠢ ᠢᠢᠨ ᠭᠠᠳᠠᠷᠭᠤ ᠢᠢᠨ ᠠᠭᠠᠷ ᠤᠨ ᠲᠧᠮᠫᠧᠷᠠᠲ᠋ᠦᠷ ᠰᠡᠭᠦᠯ ᠦᠨ 200 ᠵᠢᠯ ᠪᠤᠶᠤ 1850  ᠊ᠭᠠᠳ ᠣᠨ ᠤ ᠳᠤᠮᠳᠠᠵᠢ ᠲᠠᠢ ᠬᠠᠷᠢᠴᠠᠭᠤᠯᠬᠤ ᠳᠤ 1.1 ᠬᠡᠮ ᠢᠶᠡᠷ ᠨᠡᠮᠡᠭᠳᠡᠵᠡᠢ᠃
ᠮᠣᠩ᠋ᠭᠣᠯ ᠤᠯᠤᠰ ᠨᠢ ᠭᠠᠵᠠᠷ ᠵᠦᠢ ᠢᠢᠨ ᠪᠠᠢᠢᠷᠢᠰᠢᠯ᠂ ᠠᠭᠤᠷ ᠠᠮᠢᠰᠬᠤᠯ ᠤᠨ ᠨᠥᠬᠥᠴᠡᠯ᠂ ᠡᠳ᠋  ᠤᠨ ᠵᠠᠰᠠᠭ ᠤᠨ ᠰᠠᠯᠪᠤᠷᠢ ᠤᠳ ᠤᠨ ᠪᠦᠲᠦᠴᠡ᠂ ᠬᠦᠮᠦᠨ ᠠᠮᠠ ᠢᠢᠨ ᠠᠮᠢᠳᠤᠷᠠᠯ ᠤᠨ ᠬᠡᠪ ᠮᠠᠶᠢᠭ ᠵᠡᠷᠭᠡ ᠡᠴᠡ ᠰᠢᠯᠲᠠᠭᠠᠯᠠᠵᠤ ᠠᠭᠤᠷ ᠠᠮᠢᠰᠬᠤᠯ ᠤᠨ ᠥᠭᠡᠷᠡᠴᠢᠯᠡᠯᠲᠡ ᠳ᠋ᠥ ᠨᠡᠩ ᠡᠮᠵᠡᠭ ᠣᠷᠣᠨ ᠨᠤᠭᠤᠳ ᠤᠨ ᠨᠢᠭᠡ ᠳᠥ ᠵᠦᠢ ᠶᠣᠰᠣᠭᠠᠷ ᠣᠷᠣᠳᠠᠭ᠃
ᠠᠭᠤᠷ ᠠᠮᠢᠰᠬᠤᠯ ᠤᠨ ᠥᠭᠡᠷᠡᠴᠢᠯᠡᠯᠲᠡ ᠢᠢᠨ ᠦᠷ᠎ᠡ ᠳᠠᠭᠠᠪᠤᠷᠢ ᠨᠢ ᠪᠠᠢᠢᠭᠠᠯᠢ᠂ ᠴᠠᠭ ᠠᠭᠠᠷ ᠠᠴᠠ ᠶᠡᠬᠡᠬᠡᠨ ᠬᠠᠷᠢᠶᠠᠳᠤ ᠡᠳ᠋  ᠤᠨ ᠵᠠᠰᠠᠭ ᠤᠨ ᠰᠠᠯᠪᠤᠷᠢ ᠤᠳ ᠲᠤ ᠦᠵᠡᠭᠦᠯᠬᠦ ᠡᠷᠦᠰᠳᠡᠯ᠂ ᠳᠠᠷᠤᠮᠲᠠ ᠢᠢ ᠤᠯᠠᠮ ᠨᠡᠮᠡᠭᠳᠡᠭᠦᠯᠵᠦ᠂ ᠬᠥᠷᠥᠰᠥ᠂ ᠪᠡᠯᠴᠢᠭᠡᠷ ᠳᠣᠷᠣᠢᠢᠳᠠᠨ ᠴᠥᠯᠵᠢᠬᠦ᠂ ᠣᠢ ᠮᠣᠳᠣ ᠲᠦᠢᠮᠡᠷ᠂ ᠬᠣᠣᠷᠠᠲᠠᠨ ᠰᠢᠪᠠᠵᠢ ᠳᠤ ᠦᠷᠢᠳᠡᠬᠦ᠂ ᠪᠠᠢᠢᠭᠠᠯᠢ᠂ ᠴᠠᠭ ᠠᠭᠠᠷ ᠤᠨ ᠠᠶᠤᠯᠲᠠᠢ ᠦᠵᠡᠭᠳᠡᠯ ᠦᠨ ᠳᠠᠪᠲᠠᠮᠵᠢ᠂ ᠡᠷᠴᠢᠮ᠂ ᠬᠠᠮᠤᠷᠬᠤ ᠭᠠᠵᠠᠷ ᠨᠤᠲᠤᠭ ᠤᠨ ᠬᠡᠮᠵᠢᠶ᠎ᠡ ᠨᠡᠮᠡᠭᠳᠡᠬᠦ ᠳᠥ ᠰᠢᠭᠤᠳ ᠨᠥᠯᠦᠭᠡᠯᠡᠵᠦ ᠪᠠᠢᠢᠨ᠎ᠠ᠃
ᠠᠭᠤᠷ ᠠᠮᠢᠰᠬᠤᠯ ᠤᠨ ᠥᠭᠡᠷᠡᠴᠢᠯᠡᠯᠲᠡ ᠢᠢᠨ ᠠᠰᠠᠭᠤᠳᠠᠯ ᠢᠶᠠᠷ ᠵᠠᠰᠠᠭ ᠤᠨ ᠭᠠᠵᠠᠷ ᠬᠣᠭᠣᠷᠣᠨᠳᠣ ᠢᠢᠨ ᠬᠣᠷᠢᠶᠠᠨ ᠠᠴᠠ ᠭᠠᠷᠭᠠᠳᠠᠭ ᠭᠠᠵᠠᠷ ᠪᠠ ᠠᠭᠤᠷ ᠠᠮᠢᠰᠬᠤᠯ ᠤᠨ ᠲᠤᠰᠬᠠᠢ ᠲᠠᠢᠢᠯᠤᠨ ᠤᠳ ᠲᠤ ᠣᠢᠢᠷ᠎ᠠ ᠢᠢᠨ ᠢᠷᠡᠭᠡᠳᠦᠢ ᠳᠥ ᠳᠡᠯᠡᠬᠡᠢ ᠢᠢᠨ ᠬᠡᠮᠵᠢᠶᠡᠨ ᠳᠥ ᠠᠭᠤᠷ ᠠᠮᠢᠰᠬᠤᠯ ᠤᠨ ᠥᠭᠡᠷᠡᠴᠢᠯᠡᠯᠲᠡ ᠢᠢᠨ ᠨᠥᠯᠥᠭᠡ ᠪᠡᠷ ᠣᠳᠣ ᠪᠠᠢᠢᠭ᠎ᠠ ᠬᠥᠳᠡᠭᠡ ᠠᠵᠤ ᠠᠬᠤᠢ ᠢᠢᠨ ᠡᠳ᠋ᠯᠡᠪᠦᠷᠢ ᠭᠠᠵᠠᠷ ᠤᠨ ᠪᠦᠲᠦᠭᠡᠮᠵᠢ 20-50 ᠬᠤᠪᠢ ᠪᠠᠭᠤᠷᠠᠬᠤ᠂ ᠬᠥᠷᠦᠰᠦᠨ ᠦ ᠡᠯᠡᠭᠳᠡᠯ᠂ ᠡᠪᠳᠡᠷᠡᠯ 10-20 ᠬᠤᠪᠢ ᠨᠡᠮᠡᠭᠳᠡᠬᠦ᠂ ᠭᠠᠮᠰᠢᠭᠲᠤ ᠦᠵᠡᠭᠳᠡᠯ ᠦᠨ ᠳᠠᠪᠲᠠᠮᠵᠢ ᠥᠰᠴᠦ᠂ ᠤᠯᠠᠮ ᠬᠦᠨᠳᠦᠷᠡᠬᠦ ᠬᠠᠨᠳᠤᠯᠭ᠎ᠠ ᠲᠠᠢ ᠪᠠᠢᠢᠭ᠎ᠠ ᠲᠤᠯᠠ ᠤᠯᠤᠰ ᠣᠷᠣᠨ ᠤ ᠲᠥᠷᠥ᠂ ᠵᠠᠰᠠᠭ ᠤᠨ ᠲᠡᠷᠢᠭᠦᠨ ᠨᠦᠭᠦᠳ᠂ ᠪᠣᠳᠣᠯᠭ᠎ᠠ ᠪᠣᠯᠪᠠᠰᠤᠷᠠᠭᠤᠯᠤᠭᠴᠢ ᠳᠤ᠂ ᠰᠤᠳᠤᠯᠤᠭᠠᠴᠢᠳ ᠠᠩᠬᠠᠷᠤᠯ ᠢᠶᠠᠨ ᠬᠠᠨᠳᠤᠭᠤᠯᠬᠤ ᠶᠢ ᠰᠠᠨᠠᠭᠤᠯᠤᠭᠰᠠᠨ ᠪᠠᠢᠢᠨ᠎ᠠ᠃
ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦᠬᠡ ᠢᠢᠨ ᠰᠠᠨᠠᠭᠠᠴᠢᠯᠠᠭᠰᠠᠨ《ᠲᠡᠷᠪᠤᠮ ᠮᠣᠳᠣ》 ᠦᠨᠳᠦᠰᠦᠨ ᠦ ᠬᠥᠳᠡᠯᠭᠡᠭᠡᠨ ᠨᠢ ᠮᠣᠩ᠋ᠭᠣᠯ ᠤᠯᠤᠰ ᠠᠭᠤᠷ ᠠᠮᠢᠰᠬᠤᠯ ᠤᠨ ᠥᠭᠡᠷᠡᠴᠢᠯᠡᠯᠲᠡ ᠢᠢᠨ ᠲᠠᠯ᠎ᠠ ᠪᠠᠷ ᠬᠢ ᠫᠠᠷᠢᠰ ᠤᠨ ᠬᠡᠯᠡᠯᠴᠡᠭᠡᠷ ᠦᠨ ᠳᠠᠭᠠᠤ ᠬᠦᠯᠢᠶᠡᠭᠰᠡᠨ ᠡᠭᠦᠷᠭᠡ ᠪᠡᠨ ᠬᠡᠷᠡᠭᠵᠢᠭᠦᠯᠬᠦ᠂ ᠴᠥᠯᠵᠢᠯᠲᠡ᠂ ᠭᠠᠵᠠᠷ ᠤᠨ ᠳᠣᠷᠣᠢᠢᠲᠠᠯ ᠤᠨ ᠰᠥᠷᠭᠦ ᠦᠷ᠎ᠡ ᠨᠥᠯᠥᠭᠡ ᠢᠢ ᠪᠠᠭᠤᠷᠠᠭᠤᠯᠬᠤ᠂ ᠮᠣᠩ᠋ᠭᠣᠯ ᠣᠷᠣᠨ ᠤ ᠣᠢ ᠢᠢᠨ ᠰᠠᠩ ᠢ ᠨᠡᠮᠡᠭᠳᠡᠭᠦᠯᠬᠦ᠂ ᠬᠣᠲᠠ᠂ ᠰᠠᠭᠤᠷᠢᠨ ᠭᠠᠵᠠᠷ ᠲᠤ ᠨᠣᠭᠣᠭᠠᠨ ᠪᠠᠢᠢᠭᠤᠯᠤᠮᠵᠢ ᠢᠢ ᠣᠯᠠᠨ ᠢᠶᠠᠷ ᠪᠠᠢᠢᠭᠤᠯᠬᠤ᠂ ᠢᠷᠭᠡᠳ ᠦᠨ ᠠᠮᠢᠵᠢᠷᠠᠭ᠎ᠠ ᠢᠢ ᠳᠡᠮᠵᠢᠬᠦ᠂ ᠡᠷᠡᠭᠦᠯ᠂ ᠠᠶᠤᠯ ᠦᠭᠡᠢ ᠤᠷᠴᠢᠨ ᠳᠤ ᠠᠮᠢᠳᠤᠷᠠᠬᠤ ᠨᠥᠬᠥᠴᠡᠯ ᠢ ᠪᠦᠷᠢᠳᠦᠭᠦᠯᠬᠦ ᠵᠡᠷᠭᠡ ᠲᠠᠯ᠎ᠠ ᠪᠦᠷᠢ ᠢᠢᠨ ᠠᠴᠢ ᠬᠣᠯᠪᠣᠭᠳᠠᠯ ᠲᠠᠢ ᠶᠤᠮ᠃
ᠠᠭᠤᠷ ᠠᠮᠢᠰᠬᠤᠯ ᠤᠨ ᠥᠭᠡᠷᠡᠴᠢᠯᠡᠯᠲᠡ ᠡᠴᠡ ᠤᠯᠪᠠᠭ᠎ᠠ ᠲᠠᠢ ᠳᠡᠯᠡᠬᠡᠢ ᠨᠡᠢᠢᠲᠡ ᠢ ᠬᠠᠮᠤᠷᠤᠭᠰᠠᠨ ᠰᠣᠷᠢᠯᠲᠠ ᠨᠤᠭᠤᠳ ᠪᠣᠯᠬᠤ ᠬᠦᠯᠡᠮᠵᠢ ᠢᠢᠨ ᠬᠡᠢ ᠢᠢᠨ ᠢᠯᠭᠠᠷᠠᠯ ᠢ ᠪᠠᠭᠤᠷᠠᠭᠤᠯᠬᠤ᠂ ᠳᠠᠰᠤᠨ ᠵᠣᠬᠢᠴᠠᠬᠤ᠂ ᠲᠣᠭᠲᠠᠪᠤᠷᠢᠲᠠᠢ ᠬᠥᠭ᠍ᠵᠢᠯ ᠦᠨ ᠵᠣᠷᠢᠯᠲᠠ ᠢᠢᠨ ᠬᠦᠷᠢᠶᠡᠨ ᠳᠥ ᠶᠠᠳᠠᠭᠤᠷᠠᠯ ᠢ ᠪᠠᠭᠤᠷᠠᠭᠤᠯᠬᠤ ᠳᠤ ᠪᠥᠰᠡ ᠨᠤᠲᠤᠭ ᠤᠨ ᠲᠡᠳᠦᠢ ᠦᠭᠡᠢ ᠪᠣᠯᠤᠮᠵᠢᠲᠤ ᠣᠯᠠᠨ ᠲᠠᠯᠠᠳᠤ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠬᠦ ᠨᠢ ᠨᠡᠩ ᠴᠢᠬᠤᠯᠠ᠃
ᠮᠣᠩ᠋ᠭᠣᠯ ᠤᠯᠤᠰ ᠤᠨ ᠰᠠᠨᠠᠭᠠᠴᠢᠯᠠᠭ᠎ᠠ ᠳᠤ ᠳᠡᠮᠵᠢᠯᠭᠡ ᠦᠵᠡᠭᠦᠯᠦᠨ ᠠᠭᠤᠷ ᠠᠮᠢᠰᠬᠤᠯ ᠤᠨ ᠥᠭᠡᠷᠡᠴᠢᠯᠡᠯᠲᠡ᠂ ᠴᠥᠯᠵᠢᠯᠲᠡ ᠲᠡᠢ ᠲᠡᠮᠡᠴᠡᠬᠦ ᠠᠰᠠᠭᠤᠳᠠᠯ ᠢᠶᠠᠷ ᠪᠥᠰᠡ ᠨᠤᠲᠤᠭ ᠤᠨ ᠬᠡᠮᠵᠢᠶᠡᠨ ᠳᠥ ᠬᠠᠮᠲᠤ ᠢᠢᠨ ᠠᠵᠢᠯᠯᠠᠭ᠎ᠠ ᠢᠢ ᠡᠷᠴᠢᠮᠵᠢᠭᠦᠯᠦᠨ ᠲᠥᠰᠥᠯ᠂ ᠬᠠᠮᠲᠤ ᠢᠢᠨ ᠠᠵᠢᠯᠯᠠᠭ᠎ᠠ ᠢᠢ ᠳᠠᠷᠠᠭᠠᠬᠢ ᠴᠢᠭᠯᠡᠯ ᠢᠶᠡᠷ ᠡᠬᠢᠯᠡᠭᠦᠯᠵᠦ᠂ ᠬᠥᠭ᠍ᠵᠢᠭᠦᠯᠬᠦ ᠳᠥ ᠬᠦᠴᠦᠨ ᠴᠢᠷᠮᠠᠢᠢᠯᠲᠠ ᠲᠠᠯᠪᠢᠵᠤ ᠠᠵᠢᠯᠯᠠᠬᠤ ᠢᠢ ᠤᠷᠢᠶᠠᠯᠠᠵᠤ ᠪᠠᠢᠢᠨ᠎ᠠ᠃ ᠡᠭᠦᠨ ᠳᠥ᠄
ᠵᠡᠭᠦᠨ ᠬᠤᠢᠳᠤ ᠠᠽᠢᠶ ᠢᠢᠨ ᠪᠥᠰᠡ ᠨᠤᠲᠤᠭ ᠤᠨ ᠬᠡᠮᠵᠢᠶᠡᠨ ᠳᠥ ᠭᠠᠵᠠᠷ ᠤᠨ ᠳᠣᠷᠣᠢᠢᠲᠠᠯ ᠢ ᠪᠠᠭᠤᠷᠠᠭᠤᠯᠬᠤ᠂ ᠴᠥᠯᠵᠢᠯᠲᠡ᠂ ᠰᠢᠷᠤᠢᠢᠨ ᠰᠢᠭᠤᠷᠭ᠎ᠠ ᠲᠠᠢ ᠲᠡᠮᠡᠴᠡᠬᠦ ᠨᠢᠭᠡᠳᠦᠭᠰᠡᠨ ᠬᠥᠲᠥᠯᠪᠦᠷᠢ ᠪᠠᠲᠤᠯᠠᠨ ᠬᠡᠷᠡᠭᠵᠢᠭᠦᠯᠬᠦ᠃
ᠳᠡᠭᠡᠷᠡᠬᠢ ᠬᠥᠲᠥᠯᠪᠦᠷᠢ ᠢᠢᠨ ᠬᠦᠷᠢᠶᠡᠨ ᠳᠥ ᠮᠣᠩ᠋ᠭᠣᠯ ᠤᠯᠤᠰ ᠤᠨ ᠡᠮᠦᠨᠡᠲᠦ ᠬᠡᠰᠡᠭ᠂ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠬᠤᠢᠢᠳᠤ ᠬᠡᠰᠡᠭ ᠦᠨ ᠭᠠᠵᠠᠷ ᠨᠤᠲᠤᠭ ᠢ ᠣᠢᠢᠵᠢᠭᠤᠯᠵᠤ᠂ ᠡᠯᠡᠰᠦᠨ ᠦ ᠨᠡᠭᠦᠳᠡᠯ ᠡᠴᠡ ᠬᠠᠮᠠᠭᠠᠯᠠᠬᠤ ᠵᠤᠷᠪᠤᠰ ᠪᠠᠢᠢᠭᠤᠯᠬᠤ 《ᠨᠣᠭᠣᠭᠠᠨ ᠬᠡᠷᠡᠮ ᠲᠥᠰᠥᠯ ᠢ ᠬᠠᠮᠲᠤᠷᠠᠨ ᠬᠡᠷᠡᠭᠵᠢᠭᠦᠯᠬᠦ᠃
ᠴᠥᠯᠵᠢᠯᠲᠡ᠂ ᠭᠠᠵᠠᠷ ᠤᠨ ᠳᠣᠷᠣᠢᠢᠲᠠᠯ ᠢ ᠪᠠᠭᠤᠷᠠᠭᠤᠯᠬᠤ᠂ ᠣᠢ ᠢᠢᠨ ᠵᠤᠷᠪᠤᠰ ᠪᠤᠢ ᠪᠣᠯᠭᠠᠬᠤ᠂ ᠬᠥᠷᠦᠰᠦᠨ ᠦ ᠦᠷᠡᠵᠢᠯ ᠰᠢᠮ᠎ᠡ ᠢᠢ ᠨᠡᠮᠡᠭᠳᠡᠭᠦᠯᠬᠦ᠂ ᠪᠠᠢᠢᠭᠠᠯᠢ ᠳᠤ ᠡᠭᠡᠯᠢ ᠲᠡᠢ ᠳᠡᠪᠰᠢᠯᠲᠡᠲᠦ ᠠᠷᠭ᠎ᠠ ᠲᠧᠭᠨᠣᠯᠣᠭᠢ ᠨᠡᠪᠲᠡᠷᠡᠭᠦᠯᠬᠦ᠂ ᠮᠡᠳᠡᠯᠭᠡ ᠮᠡᠳᠡᠭᠡᠯᠡᠯ ᠰᠤᠯᠢᠯᠴᠠᠬᠤ᠂ ᠴᠢᠳᠠᠪᠬ᠎ᠠ ᠪᠡᠬᠢᠵᠢᠭᠦᠯᠬᠦ ᠫᠯᠠᠲ᠋ᠹᠣᠷᠮ ᠪᠠᠢᠢᠭᠤᠯᠬᠤ᠃
ᠴᠥᠯᠵᠢᠯᠲᠡ ᠢᠢ ᠪᠠᠭᠤᠷᠠᠭᠤᠯᠬᠤ᠂ ᠡᠯᠡᠰᠦᠨ ᠦ ᠨᠡᠭᠦᠳᠡᠯ ᠢ ᠰᠠᠭᠠᠷᠠᠭᠤᠯᠬᠤ ᠲᠧᠭᠨᠣᠯᠣᠭᠢ ᠳᠠᠮᠵᠢᠭᠤᠯᠬᠤ ᠴᠢᠭᠯᠡᠯ ᠢᠶᠡᠷ ᠣᠯᠠᠨ ᠤᠯᠤᠰ ᠤᠨ ᠪᠣᠯᠤᠨ ᠪᠥᠰᠡ ᠨᠤᠲᠤᠭ ᠤᠨ ᠬᠠᠮᠲᠤᠷᠠᠭᠰᠠᠨ ᠲᠥᠰᠥᠯ᠂ ᠬᠥᠲᠥᠯᠪᠦᠷᠢ ᠬᠡᠷᠡᠭᠵᠢᠭᠦᠯᠵᠦ᠂ ᠣᠳᠣ ᠪᠠᠢᠢᠭ᠎ᠠ ᠣᠯᠠᠨ ᠤᠯᠤᠰ ᠤᠨ ᠰᠠᠩᠬᠦᠵᠢᠭᠦᠯᠦᠭᠴᠢ ᠪᠠᠢᠢᠭᠤᠯᠤᠯᠭ᠎ᠠ ᠢᠢᠨ ᠰᠦᠯᠵᠢᠶᠡᠨ ᠳᠥ ᠲᠦᠨᠰᠢᠯᠡᠯ ᠢ ᠨᠡᠮᠡᠭᠳᠡᠭᠦᠯᠬᠦ᠃
ᠴᠥᠯᠵᠢᠯᠲᠡ᠂ ᠭᠠᠵᠠᠷ ᠤᠨ ᠳᠣᠷᠣᠢᠢᠲᠠᠯ ᠢ ᠪᠠᠭᠤᠷᠠᠭᠤᠯᠤᠨ᠂ ᠪᠢᠳᠡᠨ ᠦ ᠡᠮᠦᠨ᠎ᠡ ᠲᠤᠯᠭᠠᠮᠳᠠᠵᠤ ᠪᠠᠢᠢᠭ᠎ᠠ ᠠᠰᠠᠭᠤᠳᠠᠯ᠂ ᠰᠣᠷᠢᠯᠲᠠ ᠨᠤᠭᠤᠳ ᠢ ᠬᠠᠮᠲᠤ ᠳᠤ ᠪᠠᠨ ᠳᠠᠪᠠᠨ ᠲᠤᠭᠤᠯᠬᠤ ᠪᠣᠯᠤᠮᠵᠢ ᠢᠢ ᠪᠤᠢ ᠪᠣᠯᠭᠠᠵᠤ᠂ ᠪᠥᠰᠡ ᠨᠤᠲᠤᠭ ᠤᠨ ᠪᠠᠢᠢᠭᠠᠯᠢ ᠣᠷᠴᠢᠨ ᠤ ᠬᠥᠭ᠍ᠵᠢᠯ ᠦᠨ ᠲᠥᠯᠥᠭᠡ ᠰᠠᠨᠠᠭᠠᠴᠢᠯᠠᠭ᠎ᠠ ᠲᠠᠢ ᠬᠠᠮᠲᠤᠷᠠᠨ ᠠᠵᠢᠯᠯᠠᠴᠠᠭᠠᠶ᠎ᠠ᠃
《ᠨᠣᠭᠣᠭᠠᠨ ᠰᠠᠩᠬᠦᠵᠢᠯᠲᠡ-ᠪᠥᠰᠡ ᠨᠤᠲᠤᠭ ᠤᠨ ᠴᠢᠭᠤᠯᠭᠠᠨ》
2022 ᠣᠨ ᠤ 03 ᠳ᠋ᠤᠭᠠᠷ ᠰᠠᠷ᠎ᠠ ᠢᠢᠨ 29-30  ᠤ᠋ ᠡᠳᠦᠷ
ᠲᠥᠷᠥ ᠢᠢᠨ ᠣᠷᠳᠣᠨ᠃ ᠤᠯᠠᠭᠠᠨᠪᠠᠭᠠᠲᠤᠷ ᠬᠣᠲᠠ᠃ ᠮᠣᠩ᠋ᠭᠣᠯ ᠤᠯᠤᠰ᠃