Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦᠭᠡ ᠢᠢᠨ ᠦᠨᠳᠦᠰᠦᠨ ᠦ ᠰᠫᠣᠷᠲ ᠤᠨ ᠠᠩᠬᠠᠳᠤᠭᠠᠷ ᠶᠡᠬᠡ ᠴᠢᠭᠤᠯᠭᠠᠨ ᠳᠤ ᠬᠡᠯᠡᠭᠰᠡᠨ ᠦᠭᠡ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦᠭᠡ ᠢᠢᠨ ᠦᠨᠳᠦᠰᠦᠨ ᠦ ᠰᠫᠣᠷᠲ ᠤᠨ ᠠᠩᠬᠠᠳᠤᠭᠠᠷ ᠶᠡᠬᠡ ᠴᠢᠭᠤᠯᠭᠠᠨ ᠳᠤ ᠬᠡᠯᠡᠭᠰᠡᠨ ᠦᠭᠡ ᠢᠢ ᠪᠦᠷᠢᠨ ᠡᠬᠢ ᠪᠡᠷ ᠨᠢ ᠬᠦᠷᠭᠡᠵᠦ ᠪᠠᠢᠢᠨ᠎ᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦᠭᠡ᠄《ᠡᠷᠬᠢᠮ ᠬᠦᠨᠳᠦᠳᠦ ᠲᠠᠮᠢᠷᠴᠢᠳ᠂ ᠪᠠᠭᠰᠢ ᠳᠠᠰᠬᠠᠯᠵᠢᠭᠤᠯᠤᠭᠴᠢᠳ᠂ ᠡᠷᠳᠡᠮᠲᠡᠨ ᠰᠤᠳᠤᠯᠤᠭᠠᠴᠢᠳ᠂ ᠦᠨᠳᠦᠰᠦᠨ ᠦ ᠰᠫᠣᠷᠲ ᠤᠨ ᠵᠢᠳᠬᠦᠯᠲᠡᠨ ᠨᠦᠭᠦᠳ ᠡ᠂

ᠦᠨᠳᠦᠰᠦᠨ ᠦ ᠰᠫᠣᠷᠲ ᠤᠨ ᠠᠩᠬᠠᠳᠤᠭᠠᠷ ᠶᠡᠬᠡ ᠴᠢᠭᠤᠯᠭᠠᠨ ᠤ ᠲᠥᠯᠥᠭᠡᠯᠡᠭᠴᠢ᠂ ᠡᠷᠬᠢᠮ ᠨᠥᠬᠥᠳ ᠡ᠂

ᠲᠠ ᠪᠦᠬᠦᠨ ᠳᠥ ᠡᠨᠡ ᠡᠳᠦᠷ ᠦᠨ ᠮᠡᠨᠳᠦ ᠢᠢ ᠡᠷᠭᠦᠨ ᠳᠡᠪᠰᠢᠭᠦᠯᠦᠶ᠎ᠡ !

ᠮᠣᠩ᠋ᠭᠣᠯ ᠤᠨ ᠥᠪ ᠰᠤᠶᠤᠯ᠂ ᠲᠡᠦᠬᠡ ᠢᠢᠨ ᠰᠠᠯᠤᠰᠢ ᠦᠭᠡᠢ ᠬᠡᠰᠡᠭ᠂ ᠦᠶ᠎ᠡ ᠢᠢᠨ ᠦᠶ᠎ᠡ ᠳᠥ ᠥᠷᠲᠡᠭᠡᠯᠡᠨ᠂ ᠵᠠᠭᠤᠨ ᠠᠴᠠ ᠵᠠᠭᠤᠨ ᠳᠤ ᠤᠯᠠᠮᠵᠢᠯᠠᠭᠳᠠᠨ ᠢᠷᠡᠭᠰᠡᠨ ᠦᠨᠳᠦᠰᠦᠨ ᠦ ᠰᠫᠣᠷᠲ ᠤᠨ ᠲᠥᠯᠥᠭᠡᠯᠡᠯ ᠪᠣᠯᠬᠤ ᠲᠠ ᠪᠦᠬᠦᠨ ᠡᠬᠡ ᠣᠷᠣᠨ ᠤ ᠪᠠᠨ ᠥᠨᠴᠥᠭ ᠪᠤᠯᠤᠨ ᠪᠦᠷᠢ ᠡᠴᠡ ᠬᠦᠷᠦᠯᠴᠡᠨ ᠢᠷᠡᠵᠦ᠂ ᠠᠩᠬᠠᠳᠤᠭᠠᠷ ᠴᠢᠭᠤᠯᠭᠠᠨ ᠢᠶᠠᠨ ᠵᠣᠬᠢᠶᠠᠨ ᠪᠠᠢᠢᠭᠤᠯᠵᠤ ᠪᠠᠢᠢᠭ᠎ᠠ ᠳᠤ ᠪᠠᠶᠠᠷ ᠬᠦᠷᠭᠡᠨ᠂ ᠲᠠᠯᠠᠷᠬᠠᠯ ᠢᠯᠡᠷᠬᠡᠢᠢᠯᠡᠵᠦ ᠪᠠᠢᠢᠨ᠎ᠠ᠃

ᠦᠨᠳᠦᠰᠦᠨ ᠦ ᠰᠫᠣᠷᠲ ᠤᠨ ᠬᠣᠯᠪᠣᠭ᠎ᠠ ᠳᠤ ᠨᠢᠭᠡᠳᠦᠨ ᠨᠡᠢᠢᠯᠡᠵᠦ᠂ ᠡᠪ ᠨᠢᠭᠡᠳᠦᠯ ᠢ ᠦᠯᠢᠭᠡᠷᠯᠡᠨ ᠮᠠᠩᠯᠠᠢᠢᠯᠠᠵᠤ᠂ ᠨᠢᠭᠡᠨ ᠵᠣᠷᠢᠯᠭ᠎ᠠ ᠢᠢᠨ ᠳᠣᠣᠷ᠎ᠠ ᠬᠠᠮᠲᠤ ᠳᠤ ᠪᠠᠨ ᠦᠨᠳᠦᠰᠦᠨ ᠦ ᠶᠡᠬᠡ ᠰᠫᠣᠷᠲ ᠢᠶᠠᠨ ᠠᠷᠠᠳ ᠲᠦᠮᠡᠨ᠂ ᠵᠠᠯᠠᠭᠤ ᠬᠣᠢᠢᠴᠢ ᠦᠶ᠎ᠡ ᠳᠡᠬᠡᠨ ᠲᠦᠭᠡᠭᠡᠨ ᠳᠡᠯᠭᠡᠷᠡᠭᠦᠯᠬᠦ᠂ ᠥᠪᠯᠡᠭᠦᠯᠦᠨ ᠤᠯᠠᠮᠵᠢᠯᠠᠭᠤᠯᠬᠤ᠂ ᠳᠡᠯᠡᠬᠡᠢ ᠶᠢᠷᠳᠢᠨᠴᠤ ᠳᠤ ᠰᠤᠷᠲᠠᠯᠴᠢᠯᠠᠨ ᠲᠠᠨᠢᠭᠤᠯᠬᠤ ᠵᠣᠷᠢᠯᠭ᠎ᠠ ᠪᠠᠷ《ᠮᠣᠩ᠋ᠭᠣᠯ ᠤᠨ ᠦᠨᠳᠦᠰᠦᠨ ᠦ ᠰᠫᠣᠷᠲ ᠤᠨ ᠬᠣᠷᠢᠶ᠎ᠠ》 ᠪᠠᠢᠢᠭᠤᠯᠤᠨ᠂ ᠦᠢᠯᠡ ᠠᠵᠢᠯᠯᠠᠭ᠎ᠠ ᠢᠢ ᠪᠠᠨ ᠡᠬᠢᠯᠡᠭᠦᠯᠦᠭᠰᠡᠨ ᠢ ᠳᠡᠮᠵᠢᠵᠦ᠂ ᠡᠨᠡ ᠴᠢᠭᠤᠯᠭᠠᠨ ᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠢᠪᠡᠭᠡᠯ ᠳᠣᠣᠷ᠎ᠠ ᠵᠣᠬᠢᠶᠠᠨ ᠪᠠᠢᠢᠭᠤᠯᠵᠤ ᠪᠠᠢᠢᠨ᠎ᠠ᠃

ᠠᠯᠢᠪᠠ ᠤᠯᠤᠰ ᠣᠷᠣᠨ ᠤ ᠦᠨᠳᠦᠰᠦᠨ ᠦ ᠰᠫᠣᠷᠲ ᠨᠢ ᠲᠤᠬᠠᠢ ᠢᠢᠨ ᠤᠯᠤᠰ ᠤᠨ ᠦᠨᠳᠦᠰᠦᠨ ᠦ ᠰᠤᠶᠤᠯ᠂ ᠶᠣᠰᠣ ᠵᠠᠩᠰᠢᠯ᠂ ᠥᠪ ᠤᠯᠠᠮᠵᠢᠯᠠᠯ᠂ ᠦᠨᠡᠲᠦ ᠵᠦᠢᠯ ᠢ ᠲᠡᠭᠡᠭᠡᠵᠦ᠂ ᠠᠷᠠᠳ ᠲᠦᠮᠡᠨ ᠦ ᠪᠡᠨ ᠦᠨᠳᠦᠰᠦᠨ ᠦ ᠤᠬᠠᠮᠰᠠᠷ᠂ ᠡᠬᠡ ᠣᠷᠣᠨᠴᠢ ᠦᠵᠡᠯ ᠢ ᠲᠥᠯᠦᠪᠰᠢᠭᠦᠯᠬᠦ᠂ ᠡᠪ ᠨᠢᠭᠡᠳᠦᠯ ᠢ ᠪᠡᠬᠢᠵᠢᠭᠦᠯᠬᠦ ᠳᠥ ᠣᠨᠤᠴᠤᠭᠠᠢ ᠡᠭᠦᠷᠭᠡ ᠭᠦᠢᠴᠡᠳᠭᠡᠳᠡᠭ᠃

ᠮᠣᠩ᠋ᠭᠣᠯ ᠣᠷᠣᠨ ᠤ ᠭᠠᠵᠠᠷ ᠨᠤᠲᠤᠭ ᠳᠡᠭᠡᠷᠡᠬᠢ 6᠂000 ᠵᠢᠯ ᠦᠨ ᠲᠡᠷᠲᠡᠭᠡᠬᠢ ᠬᠠᠳᠠᠨ ᠤ ᠵᠢᠷᠤᠭ ᠲᠤ ᠪᠥᠬᠡ ᠢᠢᠨ ᠪᠠᠷᠢᠯᠳᠤᠭᠠᠨ᠂ ᠬᠤᠷᠳᠤᠨ ᠮᠣᠷᠢᠨ ᠤ ᠤᠷᠤᠯᠳᠤᠭᠠᠨ ᠢ ᠳᠦᠷᠰᠦᠯᠡᠭᠰᠡᠨ ᠪᠠᠢᠢᠳᠠᠭ᠃ ᠠᠩᠬᠠᠨ ᠤ ᠲᠥᠷᠥ ᠲᠥ ᠤᠯᠤᠰ ᠪᠣᠯᠬᠤ ᠾᠢᠦᠩᠨᠦ ᠭᠦᠷᠦᠨ ᠦ ᠦᠶ᠎ᠡ ᠳᠥ ᠴᠤ ᠪᠥᠬᠡ ᠪᠠᠷᠢᠯᠳᠠᠵᠤ᠂ ᠮᠣᠷᠢ ᠤᠷᠤᠯᠳᠤᠵᠤ ᠪᠠᠢᠢᠭᠰᠠᠨ ᠲᠡᠦᠬᠡᠨ ᠪᠠᠷᠢᠮᠲᠠ ᠪᠠᠢᠢᠳᠠᠭ ᠨᠢ ᠮᠣᠩ᠋ᠭᠣᠯᠴᠤᠳ ᠪᠢᠳᠡᠨ ᠦ ᠦᠨᠳᠦᠰᠦᠨ ᠦ ᠰᠫᠣᠷᠲ᠂ ᠡᠷ᠎ᠡ ᠢᠢᠨ ᠭᠤᠷᠪᠠᠨ ᠨᠠᠭᠠᠳᠤᠮ ᠤᠨ ᠥᠪ ᠰᠤᠶᠤᠯ᠂ ᠲᠡᠦᠬᠡ ᠥᠨᠢ ᠡᠷᠲᠡᠨ ᠡᠴᠡ ᠤᠯᠪᠠᠭ᠎ᠠ ᠲᠠᠢ ᠲᠦᠷᠦᠳᠦ ᠶᠣᠰᠣᠨ ᠤ ᠲᠡᠦᠬᠡᠨ ᠤᠯᠠᠮᠵᠢᠯᠠᠯ ᠲᠠᠢ ᠰᠠᠯᠤᠰᠢ ᠦᠭᠡᠢ ᠬᠣᠯᠪᠣᠭᠠᠲᠠᠢ ᠢᠢ ᠨᠣᠲᠠᠯᠠᠨ ᠬᠠᠷᠠᠭᠤᠯᠵᠤ ᠪᠠᠢᠢᠨ᠎ᠠ᠃

ᠮᠣᠩ᠋ᠭᠣᠯ ᠤᠯᠤᠰ ᠤᠨ ᠲᠤᠰᠠᠭᠠᠷ ᠲᠣᠭᠲᠠᠨᠢᠯ᠂ ᠮᠣᠩ᠋ᠭᠣᠯᠴᠤᠳ ᠪᠢᠳᠡᠨ ᠦ ᠠᠤᠭ᠎ᠠ ᠲᠡᠦᠬᠡ ᠮᠣᠩ᠋ᠭᠣᠯ ᠠᠳᠤᠭᠤ ᠲᠠᠢ ᠰᠠᠯᠤᠰᠢ ᠦᠭᠡᠢ ᠬᠣᠯᠪᠣᠭ᠎ᠠ ᠲᠠᠢ᠃

ᠮᠣᠩ᠋ᠭᠣᠯ ᠤᠨ ᠲᠡᠦᠬᠡ ᠢᠢ ᠮᠣᠩ᠋ᠭᠣᠯ ᠮᠣᠷᠢ ᠦᠭᠡᠢ ᠪᠡᠷ ᠲᠥᠰᠥᠭᠡᠯᠡᠬᠦ ᠢᠢᠨ ᠠᠷᠭ᠎ᠠ ᠦᠭᠡᠢ᠃ ᠮᠣᠩ᠋ᠭᠣᠯ ᠬᠦᠮᠦᠨ᠂ ᠮᠣᠩ᠋ᠭᠣᠯ ᠮᠣᠷᠢ ᠬᠠᠮᠲᠤ ᠳᠤ ᠪᠠᠨ ᠳᠡᠯᠡᠬᠡᠢ ᠢᠢᠨ ᠲᠡᠦᠬᠡ ᠢᠢ ᠪᠦᠲᠦᠭᠡᠯᠴᠡᠭᠰᠡᠨ ᠲᠡᠦᠬᠡ ᠲᠡᠢ᠃ ᠮᠣᠩ᠋ᠭᠣᠯ ᠮᠣᠷᠢ ᠪᠣᠯ ᠮᠣᠩ᠋ᠭᠣᠯ ᠤᠨ ᠠᠷᠠᠳ ᠲᠦᠮᠡᠨ ᠦ ᠪᠠᠬᠠᠷᠬᠠᠯ ᠶᠤᠮ᠃

ᠲᠡᠢᠢᠮᠦ ᠴᠤ ᠤᠴᠢᠷ ᠠᠴᠠ ᠠᠯᠲᠠᠨ ᠰᠣᠶᠣᠮᠪᠣᠳᠤ ᠲᠥᠷᠥ ᠢᠢᠨ ᠰᠦᠯᠳᠡᠨ ᠳᠥ ᠪᠡᠨ ᠮᠣᠩ᠋ᠭᠣᠯᠴᠤᠳ ᠪᠢᠳᠡ ᠮᠣᠷᠢ ᠪᠠᠨ ᠳᠡᠭᠡᠳᠦᠯᠡᠨ ᠵᠠᠯᠠᠭᠰᠠᠨ ᠲᠡᠦᠬᠡ ᠲᠡᠢ ᠪᠢᠯᠡ᠃

ᠲᠢᠪ᠂ ᠳᠡᠯᠡᠬᠡᠢ ᠢᠢᠨ ᠤᠷᠤᠯᠳᠤᠭᠠᠨ᠂ ᠲᠡᠮᠡᠴᠡᠭᠡᠨ᠂ ᠣᠯᠢᠮᠫ ᠤᠨ ᠨᠠᠭᠠᠳᠤᠮ ᠳᠤ ᠲᠥᠷᠥ ᠢᠢᠨ ᠳᠠᠯᠪᠠᠭ᠎ᠠ ᠢᠢ ᠪᠠᠨ ᠮᠠᠨᠳᠤᠭᠤᠯᠤᠨ᠂ ᠲᠥᠷᠥ ᠢᠢᠨ ᠳᠠᠭᠤᠯᠠᠯ ᠢᠶᠠᠨ ᠡᠭᠡᠰᠢᠭᠯᠡᠭᠦᠯᠵᠦ ᠮᠣᠩ᠋ᠭᠣᠯ ᠲᠦᠮᠡᠨ ᠦ ᠪᠡᠨ ᠪᠠᠶᠠᠷ ᠤᠨ ᠮᠠᠩᠨᠠᠢ ᠢᠢ ᠲᠡᠨᠢᠢᠯᠭᠡᠨ ᠪᠠᠬᠠᠳᠤᠮ᠎ᠠ ᠠᠮᠵᠢᠯᠲᠠ ᠦᠵᠡᠭᠦᠯᠦᠭᠰᠡᠨ ᠲᠠᠮᠢᠷᠴᠢᠳ ᠳᠤᠮᠳᠠ ᠦᠨᠳᠦᠰᠦᠨ ᠦ ᠰᠫᠣᠷᠲ ᠢᠶᠠᠷ ᠬᠢᠴᠢᠶᠡᠯᠯᠡᠵᠦ ᠠᠮᠵᠢᠯᠲᠠ ᠢᠢᠨ ᠭᠠᠷᠤᠭ᠎ᠠ ᠪᠠᠨ ᠡᠬᠢᠯᠡᠭᠦᠯᠦᠭᠰᠡᠨ ᠬᠦᠴᠦᠲᠦ ᠪᠥᠬᠡᠴᠦᠳ᠂ ᠴᠡᠴᠡ ᠮᠡᠷᠭᠡᠨ ᠬᠠᠷᠪᠤᠭᠠᠴᠢ ᠣᠯᠠᠨ ᠪᠠᠢᠢᠳᠠᠭ ᠢ ᠪᠠᠬᠠᠳᠤᠯ ᠲᠠᠢ ᠪᠠᠷ ᠲᠡᠮᠳᠡᠭᠯᠡᠨ ᠬᠡᠯᠡᠬᠦ ᠳᠥ ᠲᠠᠭᠠᠲᠠᠢ ᠪᠠᠢᠢᠨ᠎ᠠ᠃

ᠮᠣᠩ᠋ᠭᠣᠯ ᠤᠯᠤᠰ ᠢ ᠳᠡᠯᠡᠬᠡᠢ ᠢᠢᠨ ᠨᠡᠭᠦᠳᠡᠯᠴᠢᠳ ᠦᠨ ᠰᠤᠶᠤᠯ ᠢᠷᠭᠡᠨᠰᠢᠯ ᠦᠨ ᠲᠥᠪ ᠪᠣᠯᠭᠠᠬᠤ᠂ ᠳᠡᠯᠡᠬᠡᠢ ᠢᠢᠨ ᠮᠣᠩ᠋ᠭᠣᠯᠴᠤᠳ ᠲᠠᠢ ᠬᠠᠮᠲᠤᠷᠠᠨ ᠠᠵᠢᠯᠯᠠᠬᠤ ᠵᠣᠷᠢᠯᠭ᠎ᠠ ᠪᠠᠷ《ᠨᠡᠭᠦᠳᠡᠯᠴᠢᠳ ᠦᠨ ᠰᠤᠶᠤᠯ᠂ ᠰᠫᠣᠷᠲ ᠤᠨ ᠶᠡᠬᠡ ᠨᠠᠭᠠᠳᠤᠮ》  ᠢ ᠡᠬᠡ ᠣᠷᠣᠨ ᠳᠤ ᠪᠠᠨ ᠲᠣᠭᠲᠠᠮᠠᠯ ᠵᠣᠬᠢᠶᠠᠨ ᠪᠠᠢᠢᠭᠤᠯᠵᠤ ᠪᠠᠢᠢᠬᠤ ᠨᠢ ᠴᠢᠬᠤᠯᠠ ᠪᠥᠭᠡᠳ ᠡᠨᠡ ᠠᠰᠠᠭᠤᠳᠠᠯ ᠶᠡᠷᠦᠩᠬᠡᠢᠢᠯᠡᠭᠴᠢ ᠢᠢᠨ ᠪᠣᠳᠣᠯᠭ᠎ᠠ᠂ ᠦᠢᠯᠡ ᠠᠵᠢᠯᠯᠠᠭᠠᠨ ᠤ ᠬᠥᠲᠥᠯᠪᠦᠷᠢ ᠳᠥ ᠲᠤᠰᠬᠠᠭᠳᠠᠭᠰᠠᠨ ᠪᠣᠯᠬᠤ ᠢᠢ ᠲᠠ ᠪᠦᠬᠦᠨ ᠳᠥ ᠬᠡᠯᠡᠶ᠎ᠡ᠃

ᠦᠨᠳᠦᠰᠦᠨ ᠦ ᠰᠫᠣᠷᠲ ᠢᠶᠠᠨ ᠣᠯᠠᠨ ᠤᠯᠤᠰ ᠲᠤ ᠰᠤᠷᠲᠠᠯᠴᠢᠯᠠᠨ ᠲᠠᠨᠢᠭᠤᠯᠵᠤ᠂ ᠲᠦᠭᠡᠭᠡᠨ ᠳᠡᠯᠭᠡᠷᠡᠭᠦᠯᠬᠦ ᠢᠢᠨ ᠲᠤᠯᠠᠳᠠ ᠮᠡᠷᠭᠡᠵᠢᠯ ᠦᠨ ᠪᠣᠯᠤᠨ ᠰᠣᠨᠢᠷᠬᠠᠭᠴᠢ ᠢᠢᠨ ᠴᠢᠭᠯᠡᠯ ᠢᠶᠡᠷ ᠬᠥᠭ᠍ᠵᠢᠭᠦᠯᠬᠦ ᠨᠢ ᠵᠥᠪ ᠵᠦᠢᠲᠡᠢ ᠪᠣᠯᠬᠤ ᠢᠢ ᠪᠤᠰᠤᠳ ᠤᠯᠤᠰ ᠤᠨ ᠲᠤᠷᠰᠢᠯᠭ᠎ᠠ ᠨᠣᠲᠠᠯᠠᠵᠤ ᠪᠠᠢᠢᠨ᠎ᠠ᠃

ᠤᠷᠠᠨ ᠮᠡᠬᠡ ᠢᠢ ᠤᠷᠤᠯᠳᠤᠭᠤᠯᠤᠨ᠂ ᠴᠡᠴᠡ ᠮᠡᠷᠭᠡᠨ ᠢᠶᠡᠨ ᠰᠣᠷᠢᠵᠤ᠂ ᠠᠷᠭᠤᠮᠠᠭ ᠬᠦᠯᠦᠭ ᠢᠶᠡᠨ ᠰᠣᠢᠢᠳᠠᠭ ᠮᠣᠩ᠋ᠭᠣᠯ ᠨᠠᠭᠠᠳᠤᠮ ᠢ 2010 ᠣᠨ ᠳᠤ ᠶᠥᠨᠧᠰᠺᠤ《ᠬᠦᠮᠦᠨ ᠲᠥᠷᠥᠯᠬᠢᠲᠡᠨ ᠦ ᠰᠤᠶᠤᠯ ᠤᠨ ᠪᠡᠶᠡᠲᠦ ᠪᠤᠰᠤ ᠥᠪ ᠦᠨ ᠵᠢᠭᠰᠠᠭᠠᠯᠲᠠ》 ᠍ ᠳᠥ ᠪᠦᠷᠢᠳᠬᠡᠭ᠍ᠰᠡᠨ ᠢᠶᠡᠷ ᠪᠢᠳᠡ ᠨᠠᠭᠠᠳᠤᠮ ᠢᠶᠠᠷ ᠢᠶᠠᠨ ᠪᠠᠬᠠᠷᠬᠠᠨ᠂ ᠰᠤᠷᠲᠠᠯᠴᠢᠯᠠᠨ ᠲᠦᠭᠡᠭᠡᠬᠦ᠂ ᠬᠥᠭ᠍ᠵᠢᠭᠦᠯᠦᠨ ᠳᠡᠯᠭᠡᠷᠡᠭᠦᠯᠬᠦ ᠬᠠᠷᠢᠭᠤᠴᠠᠯᠭ᠎ᠠ ᠲᠠᠢ ᠡᠭᠦᠷᠭᠡ ᠢᠢ ᠳᠡᠯᠡᠬᠡᠢ ᠨᠡᠢᠢᠲᠡ ᠢᠢᠨ ᠡᠮᠦᠨ᠎ᠡ ᠬᠦᠯᠢᠶᠡᠭᠰᠡᠨ ᠪᠢᠯᠡ᠃

ᠦᠨᠳᠦᠰᠦᠨ ᠦ ᠶᠡᠬᠡ ᠪᠠᠶᠠᠷ ᠨᠠᠭᠠᠳᠤᠮ ᠪᠣᠯ ᠮᠣᠩ᠋ᠭᠣᠯ ᠲᠥᠷᠥ ᠭᠤᠷᠪᠠᠨ ᠴᠠᠭ ᠤᠨ ᠬᠡᠯᠬᠢᠶᠡᠨ ᠳᠥ ᠮᠦᠡᠭ᠍ᠬᠢᠳᠡ ᠣᠷᠣᠰᠢᠵᠤ᠂ ᠮᠠᠨᠳᠤᠨ ᠪᠠᠳᠠᠷᠠᠬᠤ ᠬᠤᠪᠢ ᠲᠠᠢ ᠢ ᠳᠠᠶᠠᠩ ᠳᠡᠯᠡᠬᠡᠢ ᠳᠥ ᠳᠠᠭᠤᠷᠢᠰᠬᠠᠵᠤ ᠪᠤᠢ ᠢᠢ ᠪᠡᠯᠭᠡᠳᠡᠳᠡᠭ ᠡᠷᠲᠡᠨ ᠦ ᠲᠡᠦᠬᠡ ᠲᠡᠢ ᠶᠡᠬᠡ ᠶᠣᠰᠣᠯᠠᠯ ᠶᠤᠮ᠃

ᠮᠣᠩ᠋ᠭᠣᠯ ᠨᠠᠭᠠᠳᠤᠮ ᠪᠣᠯ ᠲᠩᠷᠢ ᠬᠡᠴᠢᠨᠡᠨ ᠠᠭᠤᠤ᠂ ᠭᠠᠵᠠᠷ ᠬᠡᠴᠢᠨᠡᠨ ᠠᠭᠤᠳᠠᠮ ᠪᠣᠯᠬᠤ ᠢᠢ ᠬᠥᠮᠥᠨ ᠲᠥᠷᠥᠯᠬᠢᠲᠡᠨ ᠳᠥ ᠤᠬᠠᠭᠠᠷᠠᠭᠤᠯᠵᠤ᠂ ᠳᠡᠯᠡᠬᠡᠢ ᠢᠢᠨ ᠲᠠᠯ᠎ᠠ ᠢᠢ ᠡᠷᠬᠡᠰᠢᠶᠡᠨ ᠮᠣᠩ᠋ᠭᠣᠯ ᠤᠨ ᠶᠡᠬᠡ ᠠᠮᠤᠷ ᠠᠮᠤᠭᠤᠯᠠᠩ ᠢ ᠲᠣᠭᠲᠠᠭᠠᠵᠤ ᠪᠠᠢᠢᠭᠰᠠᠨ ᠮᠣᠩ᠋ᠭᠣᠯ ᠬᠦᠮᠦᠨ ᠦ ᠡᠷᠳᠡᠮ ᠪᠢᠯᠢᠢᠡ᠋᠋᠌᠍᠂ ᠬᠦᠴᠦ ᠴᠢᠳᠠᠯ᠂ ᠣᠨᠴᠢ ᠮᠡᠳᠡᠷᠡᠮᠵᠢ᠂ ᠬᠦᠯᠦᠭ ᠮᠣᠷᠢᠳ ᠤᠨ ᠬᠢ ᠨᠢ ᠰᠢᠨᠳᠠᠰᠤ᠂ ᠲᠡᠰᠪᠦᠷᠢ ᠢᠢ ᠭᠠᠢᠢᠬᠠᠭᠤᠯᠳᠠᠭ ᠦᠨᠳᠦᠰᠦᠨ ᠦ ᠰᠤᠶᠤᠯ᠂ ᠤᠯᠠᠮᠵᠢᠯᠠᠯ ᠤᠨ ᠴᠢᠭᠤᠯᠭᠠᠨ ᠮᠥᠨ ᠪᠢᠯᠡ᠃

ᠦᠨᠳᠦᠰᠦᠨ ᠦ ᠰᠫᠣᠷᠲ᠂ ᠨᠠᠭᠠᠳᠤᠮ ᠪᠣᠯ ᠮᠣᠩ᠋ᠭᠣᠯᠴᠤᠳ ᠪᠢᠳᠡᠨ ᠦ ᠡᠪ ᠨᠢᠭᠡᠳᠦᠯ᠂ ᠡᠷᠴᠢ ᠬᠦᠴᠦ᠂ ᠲᠤᠰᠠᠭᠠᠷ ᠲᠣᠭᠲᠠᠨᠢᠯ ᠤᠨ ᠪᠡᠯᠭᠡᠳᠡᠯ᠂ ᠥᠪ ᠰᠤᠶᠤᠯ᠂ ᠣᠶᠤᠨ ᠰᠠᠨᠠᠭᠠᠨ ᠤ ᠳᠠᠷᠬᠠᠯᠠᠭ᠎ᠠ ᠶᠤᠮ᠃

ᠡᠢᠢᠮᠦ ᠡᠴᠡ ᠦᠨᠳᠦᠰᠦᠨ ᠦ ᠰᠫᠣᠷᠲ ᠤᠨ ᠥᠪ ᠰᠤᠶᠤᠯ ᠢ ᠲᠡᠭᠡᠭᠡᠭ᠍ᠴᠢ ᠲᠠ ᠪᠦᠬᠦᠨ ᠡᠪ ᠨᠢᠭᠡᠳᠦᠯ᠂ ᠶᠣᠰᠣ ᠵᠤᠳᠤᠭ  ᠢ ᠡᠷᠬᠢᠮᠯᠡᠨ ᠳᠡᠭᠡᠳᠦᠯᠡᠵᠦ᠂ ᠪᠡᠶ᠎ᠡ ᠪᠡᠷ ᠦᠯᠢᠭᠡᠷᠯᠡᠨ᠂ ᠣᠯᠠᠨ ᠲᠦᠮᠡᠨ ᠢᠶᠡᠨ ᠮᠠᠩᠯᠠᠢᠢᠯᠠᠨ ᠲᠦᠭᠦᠴᠢᠭᠡᠯᠡᠬᠦ ᠶᠣᠰᠣᠲᠠᠢ ᠬᠦᠮᠦᠰ ᠡ᠃

ᠲᠡᠭᠦᠨᠴᠢᠯᠡᠨ ᠲᠠ ᠪᠦᠬᠦᠨ ᠵᠠᠯᠠᠭᠤ ᠬᠣᠢᠢᠴᠢ ᠦᠶ᠎ᠡ ᠡᠬᠡ ᠣᠷᠣᠨᠴᠢ ᠦᠵᠡᠯ ᠢᠶᠡᠷ ᠲᠥᠯᠦᠪᠰᠢᠭᠦᠯᠦᠨ᠂ ᠵᠥᠪ ᠪᠣᠳᠣᠯ᠂ ᠵᠥᠪ ᠰᠡᠳᠬᠢᠯ᠂ ᠵᠥᠪ ᠦᠢᠯᠡ ᠳᠥ ᠰᠤᠷᠭᠠᠨ ᠬᠦᠮᠦᠵᠢᠭᠦᠯᠬᠦ᠂ ᠡᠷᠡᠭᠦᠯ ᠪᠡᠶ᠎ᠡ ᠲᠡᠢ᠂ ᠰᠠᠷᠠᠭᠤᠯ ᠤᠬᠠᠭᠠᠨ ᠲᠠᠢ ᠮᠣᠩ᠋ᠭᠣᠯ ᠬᠦᠮᠦᠨ ᠢ ᠰᠣᠶᠣᠨ ᠭᠡᠭᠡᠷᠡᠭᠦᠯᠬᠦ ᠡᠷᠬᠢᠮ ᠡᠭᠦᠷᠭᠡ ᠲᠡᠢ ᠬᠦᠮᠦᠰ ᠭᠡᠳᠡᠭ ᠢᠶᠡᠨ ᠪᠠᠢᠢᠩᠭ᠋ᠤ ᠰᠠᠨᠠᠵᠤ ᠶᠠᠪᠤᠬᠤ ᠤᠴᠢᠷᠲᠠᠢ᠃

ᠲᠠ ᠪᠦᠬᠦᠨ ᠦ ᠦᠭᠡ ᠦᠢᠯᠡᠳᠦᠯ᠂ ᠶᠣᠰᠣ ᠵᠤᠳᠤᠭ᠂ ᠵᠠᠩ ᠬᠠᠷᠢᠴᠠᠭ᠎ᠠ ᠠᠷᠠᠳ ᠢᠷᠭᠡᠳ᠂ ᠣᠯᠠᠨ ᠨᠡᠢᠢᠲᠡ ᠢᠢᠨ ᠠᠩᠬᠠᠷᠤᠯ ᠤᠨ ᠲᠥᠪ ᠳᠥ ᠪᠠᠢᠢᠩᠭ᠋ᠤ ᠪᠠᠢᠢᠳᠠᠭ᠃

ᠡᠨᠡ ᠴᠤ ᠤᠳᠬ᠎ᠠ ᠪᠠᠷ ᠢᠶᠠᠨ ᠠᠷᠠᠳ ᠲᠦᠮᠡᠨ᠂ ᠦᠷ᠎ᠡ ᠬᠡᠦᠬᠡᠳ ᠦᠨ ᠢᠶᠡᠨ ᠡᠮᠦᠨ᠎ᠡ ᠨᠡᠷ᠎ᠡ ᠲᠥᠷᠥ ᠪᠡᠨ ᠡᠷᠬᠢᠮᠯᠡᠨ᠂ ᠦᠯᠢᠭᠡᠷ ᠳᠠᠭᠤᠷᠢᠶᠠᠯ ᠪᠣᠯᠵᠤ᠂ ᠡᠪ ᠨᠢᠭᠡᠳᠦᠯ᠂ ᠶᠣᠰᠣ ᠰᠤᠷᠲᠠᠬᠤᠨ ᠢᠶᠠᠨ ᠴᠢᠩᠳᠠᠯᠠᠨ ᠰᠠᠬᠢᠵᠤ ᠪᠠᠢᠢᠬᠤ ᠢᠢ ᠮᠣᠩ᠋ᠭᠣᠯ ᠤᠨ ᠠᠷᠠᠳ ᠲᠦᠮᠡᠨ ᠲᠠ ᠪᠦᠬᠦᠨ ᠡᠴᠡ ᠬᠦᠰᠡᠵᠦ᠂ ᠪᠠᠰᠠ ᠱᠠᠭᠠᠷᠳᠠᠵᠤ ᠪᠠᠢᠢᠨ᠎ᠠ᠃

ᠮᠣᠩ᠋ᠭᠣᠯ ᠨᠠᠭᠠᠳᠤᠮ ᠤᠨ ᠳᠡᠪᠵᠢᠶ᠎ᠡ ᠠᠷᠢᠭᠤᠨ ᠳᠠᠭᠰᠢᠨ ᠪᠠᠢᠢᠵᠤ᠂ ᠮᠣᠩ᠋ᠭᠣᠯ ᠲᠦᠮᠡᠨ ᠦ ᠥᠪ ᠰᠤᠶᠤᠯ᠂ ᠦᠨᠡᠲᠦ ᠤᠯᠠᠮᠵᠢᠯᠠᠯ ᠥᠩᠭᠡ ᠮᠥᠩᠭᠥ᠂ ᠲᠠᠯᠠᠴᠠᠯ ᠬᠤᠪᠢᠶᠠᠭᠳᠠᠯ᠂ ᠬᠡᠨ ᠨᠢᠭᠡᠨ᠂ ᠬᠡᠰᠡᠭ ᠪᠦᠯᠦᠭ ᠦᠨ ᠠᠰᠢᠭ ᠰᠣᠨᠢᠷᠬᠠᠯ ᠠᠴᠠ ᠠᠡᠭᠭᠢᠳᠠ ᠪᠠᠢᠢᠬᠤ ᠶᠣᠰᠣᠲᠠᠢ ᠢᠢ ᠬᠠᠲᠠᠭᠤ ᠠᠩᠬᠠᠷᠤᠭᠤᠯᠵᠤ ᠪᠠᠢᠢᠨ᠎ᠠ᠃

ᠲᠥᠷᠥ᠂ ᠠᠷᠠᠳ ᠲᠦᠮᠡᠨ ᠡᠴᠡ ᠥᠭ᠍ᠭᠦᠭ᠍ᠰᠡᠨ ᠠᠯᠳᠠᠷ ᠬᠦᠨᠳᠦ᠂ ᠴᠣᠯᠠ ᠴᠢᠮᠡᠭ᠂ ᠬᠠᠢᠢᠷ᠎ᠠ ᠬᠦᠨᠳᠦᠳᠬᠡᠯ ᠢ ᠢᠮᠠᠭᠲᠠ ᠥᠨᠳᠥᠷ ᠲᠥ ᠡᠷᠭᠦᠵᠦ᠂ ᠨᠠᠨᠳᠢᠩᠨᠠᠨ ᠬᠠᠳᠠᠭᠠᠯᠠᠵᠤ᠂ ᠬᠠᠮᠠᠭᠠᠯᠠᠵᠤ ᠶᠠᠪᠤᠭᠠᠷᠠᠢ᠃

ᠠᠷᠠᠳ ᠲᠦᠮᠡᠨ ᠦ ᠪᠡᠨ ᠬᠠᠢᠢᠷ᠎ᠠ ᠬᠦᠨᠳᠦᠯᠡᠯ ᠢ ᠬᠥᠰᠡᠷᠳᠡᠭᠦᠯᠦᠨ ᠶᠣᠰᠣ ᠪᠤᠰᠤ ᠦᠢᠯᠡᠳᠦᠯ ᠭᠠᠷᠭᠠᠵᠤ᠂ ᠶᠣᠰᠣ ᠵᠦᠢ ᠦᠭᠡᠢ ᠠᠪᠤᠷᠢᠯᠠᠭᠰᠠᠨ᠂ ᠰᠫᠣᠷᠲ ᠤᠨ ᠰᠢᠳᠤᠷᠭᠤ ᠶᠣᠰᠣᠨ ᠤ ᠵᠠᠷᠴᠢᠮ ᠢ ᠵᠥᠷᠢᠴᠡᠭᠰᠡᠨ ᠨᠥᠬᠥᠳ ᠲᠥ ᠬᠠᠲᠠᠭᠤ ᠬᠠᠷᠢᠭᠤᠴᠠᠯᠭ᠎ᠠ ᠲᠣᠭᠠᠴᠠᠵᠤ ᠪᠠᠢᠢᠬᠤ ᠢᠢ ᠠᠷᠠᠳ ᠲᠦᠮᠡᠨ ᠱᠠᠭᠠᠷᠳᠠᠬᠤ ᠪᠣᠯᠤᠯ᠎ᠠ᠃

ᠡᠨᠡ ᠬᠦᠷᠢᠶᠡᠨ ᠳᠥ ᠤᠯᠤᠰ ᠤᠨ ᠶᠡᠬᠡ ᠬᠤᠷᠠᠯ᠂ ᠵᠠᠰᠠᠭ ᠤᠨ ᠭᠠᠵᠠᠷ᠂ ᠬᠤᠯᠪᠤᠭᠳᠠᠬᠤ ᠪᠠᠢᠢᠭᠤᠯᠤᠯᠭ᠎ᠠ ᠨᠤᠭᠤᠳ ᠦᠨᠳᠦᠰᠦᠨ ᠦ ᠶᠡᠬᠡ ᠪᠠᠶᠠᠷ ᠨᠠᠭᠠᠳᠤᠮ ᠤᠨ ᠲᠤᠬᠠᠢ ᠬᠠᠤᠯᠢ ᠪᠣᠯᠤᠨ ᠳᠦᠷᠢᠮ᠂ ᠵᠢᠷᠤᠮ ᠳᠤ ᠵᠣᠬᠢᠬᠤ ᠥᠭᠡᠷᠡᠴᠢᠯᠡᠯᠲᠡ ᠨᠦᠭᠦᠳ ᠢ ᠤᠷᠤᠭᠤᠯᠬᠤ ᠱᠠᠭᠠᠷᠳᠠᠯᠭ᠎ᠠ ᠵᠦᠢ ᠶᠣᠰᠣᠭᠠᠷ ᠲᠠᠯᠪᠢᠭᠳᠠᠵᠤ ᠪᠠᠢᠢᠨ᠎ᠠ᠃
ᠦᠨᠳᠦᠰᠦᠨ ᠦ ᠰᠫᠣᠷᠲ ᠢ ᠳᠡᠮᠵᠢᠬᠦ ᠠᠰᠠᠭᠤᠳᠠᠯ ᠳᠠᠩ ᠭᠠᠭᠴᠠ ᠬᠦᠮᠦᠰ ᠦᠨ ᠰᠠᠢᠢᠨ ᠳᠤᠷ᠎ᠠ ᠢᠢᠨ ᠬᠦᠰᠡᠯ ᠰᠣᠨᠢᠷᠬᠠᠯ ᠳᠡᠭᠡᠷ᠎ᠡ ᠲᠣᠭᠲᠠᠬᠤ ᠤᠴᠢᠷ ᠦᠭᠡᠢ᠃ ᠬᠠᠷᠢᠨ ᠮᠣᠩ᠋ᠭᠣᠯ ᠲᠥᠷᠥ ᠢᠢᠨ ᠪᠣᠳᠣᠯᠭ᠎ᠠ ᠢᠢᠨ ᠴᠥᠮ᠎ᠡ ᠳᠥ ᠪᠠᠢᠢᠵᠤ᠂ ᠲᠡᠭᠦᠨ ᠢ ᠳᠡᠮᠵᠢᠬᠦ᠂ ᠬᠠᠮᠠᠭᠠᠯᠠᠬᠤ᠂ ᠬᠥᠭ᠍ᠵᠢᠭᠦᠯᠬᠦ ᠴᠢᠭᠯᠡᠯ ᠢᠶᠡᠷ ᠬᠠᠮᠲᠤᠷᠠᠨ ᠠᠵᠢᠯᠯᠠᠬᠤ ᠶᠣᠰᠣᠲᠠᠢ᠃

ᠦᠨᠳᠦᠰᠦᠨ ᠦ ᠰᠫᠣᠷᠲ ᠤᠨ ᠲᠥᠯᠦᠭᠡᠬᠢ ᠪᠠᠢᠢᠭᠤᠯᠤᠯᠭ᠎ᠠ᠂ ᠬᠣᠯᠪᠣᠭᠳ ᠨᠢᠭᠡᠨ ᠵᠣᠷᠢᠯᠭ᠎ᠠ ᠢᠢᠨ ᠲᠥᠯᠥᠭᠡ ᠨᠢᠭᠡᠳᠦᠨ ᠨᠢᠭᠲᠠᠷᠠᠴᠢ᠂ ᠲᠥᠷᠥ ᠵᠠᠰᠠᠭ ᠲᠠᠢ ᠪᠠᠨ ᠬᠠᠮᠲᠤᠷᠠᠨ ᠠᠵᠢᠯᠯᠠᠵᠤ᠂ ᠦᠨᠳᠦᠰᠦᠨ ᠦ ᠰᠫᠣᠷᠲ ᠤᠨ ᠪᠣᠳᠣᠯᠭ᠎ᠠ ᠦᠢᠯᠡ ᠠᠵᠢᠯᠯᠠᠭ᠎ᠠ ᠢᠢ ᠪᠠᠨ ᠰᠢᠨ᠎ᠡ ᠲᠦᠪᠰᠢᠨ ᠳᠥ ᠭᠠᠷᠭᠠᠬᠤ ᠱᠠᠭᠠᠷᠳᠠᠯᠭ᠎ᠠ ᠲᠠᠢ ᠪᠠᠢᠢᠨ᠎ᠠ᠃

ᠡᠢᠢᠮᠦ ᠡᠴᠡ ᠲᠥᠷᠥ ᠢᠢᠨ ᠲᠡᠷᠢᠭᠦᠨ ᠦ ᠵᠦᠭ ᠡᠴᠡ ᠦᠨᠳᠦᠰᠦᠨ ᠦ ᠰᠫᠣᠷᠲ ᠢ ᠲᠦᠭᠡᠭᠡᠨ ᠳᠡᠯᠭᠡᠷᠡᠭᠦᠯᠬᠦ᠂ ᠬᠥᠭ᠍ᠵᠢᠭᠦᠯᠬᠦ ᠦᠢᠯᠡᠰ ᠢ ᠪᠦᠬᠦ ᠲᠠᠯ᠎ᠠ ᠪᠠᠷ ᠳᠡᠮᠵᠢᠨ ᠲᠠ ᠪᠦᠬᠦᠨ ᠲᠡᠢ ᠪᠡᠨ ᠬᠠᠮᠲᠤᠷᠠᠨ ᠠᠵᠢᠯᠯᠠᠬᠤ ᠪᠣᠯᠤᠨ᠎ᠠ᠃

ᠡᠷᠬᠢᠮ ᠬᠦᠨᠳᠦᠲᠥ ᠨᠥᠬᠥᠳ ᠡ᠂

ᠴᠢᠨᠠᠭᠰᠢᠳᠠ ᠪᠢᠳᠡ ᠵᠠᠯᠠᠭᠤ ᠬᠣᠢᠢᠴᠢ ᠦᠶ᠎ᠡ ᠦᠨᠳᠦᠰᠦᠨ ᠦ ᠰᠫᠣᠷᠲ ᠤᠨ ᠲᠥᠷᠥᠯ ᠢᠶᠡᠷ ᠬᠢᠴᠢᠶᠡᠯᠯᠡᠭᠦᠯᠵᠦ᠂ ᠪᠡᠶ᠎ᠡ ᠰᠡᠳᠬᠢᠯ ᠦᠨ ᠥᠪ ᠲᠡᠭᠰᠢ ᠬᠦᠮᠦᠵᠢᠯ ᠲᠠᠢ᠂ ᠡᠬᠡ ᠣᠷᠣᠨ ᠢᠶᠠᠨ ᠭᠡᠰᠡᠨ ᠰᠡᠳᠬᠢᠯ ᠲᠡᠢ ᠮᠣᠩ᠋ᠭᠣᠯ ᠬᠦᠮᠦᠨ ᠢ ᠲᠥᠯᠦᠪᠰᠢᠭᠦᠯᠬᠦ ᠳᠥ ᠣᠨᠤᠴᠤᠭᠠᠢ ᠠᠩᠬᠠᠷᠬᠤ ᠶᠣᠰᠣᠲᠠᠢ᠃

ᠲᠤᠬᠠᠢᠢᠯᠠᠪᠠᠯ᠂ ᠡᠷ᠎ᠡ ᠢᠢᠨ ᠭᠤᠷᠪᠠᠨ ᠨᠠᠭᠠᠳᠤᠮ᠂ ᠱᠠᠭ᠎ᠠ ᠢᠢᠨ ᠬᠠᠷᠪᠤᠭ᠎ᠠ᠂ ᠮᠥᠰᠦᠨ ᠦ ᠱᠠᠭ᠎ᠠ ᠂ ᠮᠥᠰᠦᠨ ᠦ ᠰᠤᠷ ᠬᠠᠷᠪᠤᠭ᠎ᠠ ᠵᠡᠷᠭᠡ ᠪᠠᠭ ᠤᠨ ᠰᠫᠣᠷᠲ᠂ ᠦᠨᠳᠦᠰᠦᠨ ᠦ ᠰᠫᠣᠷᠲ ᠤᠨ ᠪᠤᠰᠤᠳ ᠲᠥᠷᠥᠯ ᠪᠣᠯᠬᠤ ᠮᠣᠩ᠋ᠭᠣᠯ ᠪᠡᠶ᠎ᠡ ᠬᠠᠮᠠᠭᠠᠯᠠᠬᠤ ᠤᠷᠠᠯᠢᠭ᠂ ᠲᠡᠮᠡᠭᠡᠨ ᠫᠣᠯᠣ‍ ᠵᠡᠷᠭᠡ ᠰᠫᠣᠷᠲ ᠢᠶᠠᠨ ᠬᠥᠭ᠍ᠵᠢᠭᠦᠯᠦᠨ ᠳᠡᠯᠭᠡᠷᠡᠭᠦᠯᠬᠦ ᠱᠠᠭᠠᠷᠳᠠᠯᠭ᠎ᠠ ᠲᠠᠢ ᠪᠠᠢᠢᠨ᠎ᠠ᠃

ᠮᠥᠨ ᠦᠨᠳᠦᠰᠦᠨ ᠦ ᠰᠫᠣᠷᠲ ᠢᠶᠠᠷ ᠢᠶᠠᠨ ᠳᠠᠮᠵᠢᠭᠤᠯᠤᠨ ᠠᠷᠠᠳ ᠲᠦᠮᠡᠨ ᠦ ᠪᠡᠨ ᠡᠷᠡᠭᠦᠯ ᠮᠡᠨᠳᠦ ᠢᠢ ᠬᠠᠮᠠᠭᠠᠯᠠᠬᠤ ᠬᠡᠷᠡᠭᠲᠡᠢ ᠪᠠᠢᠢᠨ᠎ᠠ᠃

《ᠡᠷᠡᠭᠦᠯ ᠪᠡᠶ᠎ᠡ ᠳᠥ ᠰᠠᠷᠠᠭᠤᠯ ᠤᠬᠠᠭᠠᠨ ᠣᠷᠣᠰᠢᠨ᠎ᠠ》 ᠭᠡᠵᠦ ᠶᠡᠬᠡ ᠵᠣᠬᠢᠶᠠᠯᠴᠢ ᠳᠠ‍ ∙ ᠨᠠᠴᠤᠭᠳᠣᠷᠵᠢ ᠢᠢᠨ ᠬᠡᠯᠡᠭᠰᠡᠨ ᠰᠠᠢᠢᠬᠠᠨ ᠦᠭᠡ ᠪᠤᠢ᠃

ᠮᠣᠩ᠋ᠭᠣᠯ ᠬᠦᠮᠦᠨ ᠡᠷᠡᠭᠦᠯ ᠪᠠᠢᠢᠪᠠᠯ ᠮᠣᠩ᠋ᠭᠣᠯ ᠦᠨᠳᠦᠰᠦᠲᠡᠨ ᠡᠷᠡᠭᠦᠯ ᠪᠠᠢᠢᠨ᠎ᠠ᠃ ᠦᠨᠳᠦᠰᠦᠲᠡᠨ ᠡᠷᠡᠭᠦᠯ ᠪᠠᠢᠢᠪᠠᠯ ᠮᠣᠩ᠋ᠭᠣᠯ ᠤᠯᠤᠰ ᠬᠦᠴᠦᠷᠬᠢᠡᠡ᠋᠋᠌᠍ ᠪᠠᠢᠢᠨ᠎ᠠ᠃

ᠡᠨᠡ ᠦᠵᠡᠯ ᠰᠠᠨᠠᠭ᠎ᠠ ᠢᠢ ᠦᠨᠳᠦᠰᠦ ᠪᠣᠯᠭᠠᠨ ᠦᠨᠳᠦᠰᠦᠨ ᠦ ᠰᠫᠣᠷᠲ ᠢᠶᠠᠨ ᠬᠥᠭ᠍ᠵᠢᠭᠦᠯᠦᠨ ᠳᠡᠯᠭᠡᠷᠡᠭᠦᠯᠬᠦ ᠲᠠᠯ᠎ᠠ ᠪᠠᠷ ᠣᠯᠠᠨ ᠠᠷᠪᠠᠨ ᠰᠢᠨ᠎ᠡ ᠰᠠᠨᠠᠯ᠂ ᠰᠠᠨᠠᠭᠠᠴᠢᠯᠠᠭ᠎ᠠ ᠭᠠᠷᠭᠠᠭᠰᠠᠨ᠂ ᠣᠯᠤᠯᠲᠠ ᠠᠮᠵᠢᠯᠲᠠ᠂ ᠠᠯᠳᠠᠭ᠎ᠠ ᠳᠤᠲᠠᠭᠳᠠᠯ ᠢᠶᠠᠨ ᠳ᠋ᠦᠩᠨᠡᠨ ᠶᠠᠷᠢᠯᠴᠠᠭᠰᠠᠨ᠂ ᠢᠷᠡᠭᠡᠳᠦᠢ ᠢᠢᠨ ᠪᠣᠳᠣᠯᠭ᠎ᠠ᠂ ᠵᠣᠷᠢᠯᠲᠠ᠂ ᠬᠠᠮᠲᠤ ᠢᠢᠨ ᠠᠵᠢᠯᠯᠠᠭ᠎ᠠ ᠢᠢ ᠪᠠᠨ ᠲᠣᠳᠣᠷᠬᠠᠢᠢᠯᠠᠭᠰᠠᠨ᠂ ᠨᠢᠭᠡᠳᠦᠭᠰᠡᠨ ᠦᠢᠯᠭᠠᠯᠳᠠ ᠳᠤ ᠬᠦᠷᠦᠭᠰᠡᠨ᠂ ᠠᠵᠢᠯ ᠬᠡᠷᠡᠭᠴᠢ ᠲᠡᠦᠬᠡᠨ ᠠᠭᠤᠯᠵᠠᠯᠲᠠ ᠪᠣᠯᠤᠨ᠎ᠠ ᠭᠡᠳᠡᠭ ᠲᠥ ᠮᠢᠨᠦ ᠪᠡᠶ᠎ᠡ ᠢᠲᠡᠭᠡᠯ ᠲᠡᠭᠦᠰ ᠪᠠᠢᠢᠨ᠎ᠠ᠃

ᠲᠠ ᠪᠦᠬᠦᠨ ᠦ ᠬᠠᠨᠳᠤᠯᠭ᠎ᠠ᠂ ᠲᠠ ᠪᠢᠳᠡᠨ ᠦ ᠬᠠᠮᠲᠤ ᠢᠢᠨ ᠠᠵᠢᠯᠯᠠᠭᠠᠨ ᠠᠴᠠ ᠦᠨᠳᠦᠰᠦᠨ ᠦ ᠰᠫᠣᠷᠲ ᠤᠨ ᠴᠢᠨᠠᠭᠰᠢᠳᠠ ᠢᠢᠨ ᠬᠤᠪᠢ ᠵᠠᠶᠠᠭ᠎ᠠ᠂ ᠬᠥᠭ᠍ᠵᠢᠯ ᠳᠡᠪᠰᠢᠯ ᠶᠡᠬᠡᠬᠡᠨ ᠬᠠᠮᠢᠶᠠᠷᠬᠤ ᠪᠣᠯᠤᠨ᠎ᠠ᠃

ᠥᠨᠥᠳᠥᠷ ᠦᠨ ᠴᠢᠭᠤᠯᠭᠠᠨ ᠳᠤ ᠬᠦᠷᠦᠯᠴᠡᠨ ᠢᠷᠡᠭᠰᠡᠨ᠂ ᠦᠨᠳᠦᠰᠦᠨ ᠦ ᠰᠫᠣᠷᠲ ᠢᠶᠠᠨ ᠭᠡᠰᠡᠨ ᠰᠡᠳᠬᠢᠯ ᠲᠡᠢ᠂ ᠡᠬᠡ ᠣᠷᠣᠨ ᠢᠶᠠᠨ ᠭᠡᠰᠡᠨ ᠵᠢᠳᠬᠦᠯ ᠲᠡᠢ ᠪᠦᠬᠦ ᠬᠦᠮᠥᠨ ᠳ᠋ᠦ ᠠᠵᠢᠯ ᠤᠨ ᠥᠨᠳᠥᠷ ᠠᠮᠵᠢᠯᠲᠠ᠂ ᠰᠠᠢᠢᠨ ᠰᠠᠢᠢᠬᠠᠨ ᠪᠦᠬᠦᠨ ᠢ ᠬᠦᠰᠡᠨ ᠢᠷᠦᠭᠡᠶ᠎ᠡ᠃

ᠡᠬᠡ ᠣᠷᠣᠨ ᠤ ᠪᠠᠨ ᠥᠪ ᠰᠤᠶᠤᠯ᠂ ᠵᠠᠩ ᠵᠠᠩᠰᠢᠯ᠂ ᠲᠡᠦᠬᠡ᠂ ᠦᠨᠡᠲᠦ ᠵᠦᠢᠯ᠂ ᠦᠨᠳᠦᠰᠦᠨ ᠦ ᠤᠯᠠᠮᠵᠢᠯᠠᠯ ᠢᠶᠠᠨ ᠬᠣᠢᠢᠴᠢ ᠦᠶ᠎ᠡ ᠳᠡᠬᠡᠨ ᠨᠠᠨᠳᠢᠩᠨᠠᠨ ᠥᠪᠯᠡᠭᠦᠯᠬᠦ ᠢᠢᠨ ᠲᠥᠯᠥᠭᠡ ᠬᠢᠴᠢᠶᠡᠨ ᠵᠢᠳᠬᠦᠵᠦ ᠪᠤᠢ ᠦᠨᠳᠦᠰᠦᠨ ᠦ ᠰᠤᠶᠤᠯ ᠤᠨ ᠥᠪ ᠲᠡᠭᠡᠭᠡᠭ᠍ᠴᠢ᠂ ᠰᠣᠶᠣᠨ ᠭᠡᠭᠡᠷᠡᠭᠦᠯᠦᠭᠴᠢ᠂ ᠰᠫᠣᠷᠲ ᠤᠨ ᠵᠢᠳᠬᠦᠯᠲᠡᠨ ᠲᠠ ᠪᠦᠬᠦᠨ ᠳᠥ ᠲᠥᠷᠥ ᠵᠠᠰᠠᠭ᠂ ᠠᠷᠠᠳ ᠲᠦᠮᠡᠨ ᠦ ᠪᠡᠨ ᠨᠡᠷ᠎ᠡ ᠢᠢᠨ ᠡᠮᠦᠨ᠎ᠡ ᠡᠴᠡ ᠲᠠᠯᠠᠷᠬᠠᠯ ᠢᠯᠡᠷᠬᠡᠢᠢᠯᠡᠵᠦ ᠴᠢᠭᠤᠯᠭᠠᠨ ᠤ ᠦᠢᠯᠡ ᠠᠵᠢᠯᠯᠠᠭᠠᠨ ᠳᠤ ᠥᠨᠳᠥᠷ ᠠᠮᠵᠢᠯᠲᠠ ᠬᠦᠰᠡᠶ᠎ᠡ︕

《ᠮᠥᠩᠬᠡ ᠬᠥᠬᠡ ᠲᠩᠷᠢ ᠢᠢᠨ ᠬᠦᠴᠦᠨ ᠳᠣᠣᠷ᠎ᠠ ᠮᠣᠩ᠋ᠭᠣᠯ ᠤᠯᠤᠰ ᠮᠠᠨᠳᠤᠨ ᠪᠠᠳᠠᠷᠠᠬᠤ ᠪᠣᠯᠲᠤᠭᠠᠢ》 ᠭᠡᠵᠡᠢ᠃